ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
ᠨᠡᠶᠢᠲᠡᠯᠡᠭᠰᠡᠨ ᠴᠠᠭ᠄
2024/3/11
       ᠨᠢᠭᠡ᠂ ᠭᠤᠣᠯ ᠡᠭᠦᠷᠭᠡ ᠬᠠᠷᠢᠭᠤᠴᠠᠯᠭ᠎ᠠ            ︵ᠨᠢᠭᠡ︶ ᠰᠢᠶᠠᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠤᠭᠤᠳᠴᠤ᠂ ᠨᠢᠭᠡᠳᠦᠯᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶᠠᠵᠢᠯ ᠵᠢᠷᠤᠮᠵᠢᠯ ᠪᠣᠯᠣᠨ ᠢᠵᠢ ᠪᠦᠷᠢᠳᠦᠭᠦᠯᠬᠦ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠴᠤᠪᠤᠷᠠᠯ ᠢ ᠳᠠᠬᠢᠨ ᠦᠢᠯᠡᠳᠬᠦ᠂ ᠭᠤᠭᠴᠤᠭ᠎ᠠ ᠶᠢ ᠰᠢᠯᠢᠳᠡᠭᠵᠢᠭᠦᠯᠬᠦ᠂ ᠴᠠᠭ ᠤᠨ ᠬᠢᠵᠠᠭᠠᠷ ᠢ ᠪᠣᠭᠤᠨᠢᠰᠬᠠᠬᠤ ᠶᠢ ᠬᠠᠷᠢᠭᠤᠴᠠᠬᠤ ᠶᠢᠨ ᠬᠠᠮᠲᠤ ᠭᠦᠢᠴᠡᠳᠬᠡᠭᠰᠡᠨ ᠪᠠᠶᠢᠳᠠᠯ ᠢ ᠮᠥᠷᠳᠡᠵᠦ ᠰᠢᠮᠳᠠᠭᠤᠯᠤᠨ ᠰᠢᠢᠳᠪᠦᠷᠢᠯᠡᠨ᠎ᠡ᠃            ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠶᠢᠨ ᠳᠦᠷᠢᠮ ᠤᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠳᠤᠷᠠᠳᠤᠨ᠎ᠠ᠃ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠪᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃            ︵ᠭᠤᠷᠪᠠ︶ ᠰᠢᠶᠠᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦᠯᠢ ᠴᠣᠭᠴᠠ ᠪᠠᠷ ᠲᠦᠯᠬᠢᠨ ᠠᠬᠢᠭᠤᠯᠬᠤ ᠠᠵᠢᠯ ᠢ ᠬᠠᠷᠢᠭᠤᠴᠠᠬᠤ ᠶᠢᠨ ᠬᠠᠮᠲᠤ ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃ ᠪᠦᠬᠦ ᠰᠢᠶᠠᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠢ ᠲᠣᠬᠢᠷᠠᠭᠤᠯᠬᠤ᠂ ᠢᠯᠭᠠᠷᠠᠭᠤᠯᠬᠤ ᠪᠠ ᠨᠡᠶᠢᠲᠡᠯᠡᠬᠦ ᠠᠵᠢᠯ ᠢ ᠡᠭᠦᠷᠭᠡᠯᠡᠨ᠎ᠡ᠃      ︵ᠳᠥᠷᠪᠡ︶ ᠲᠣᠰ ᠰᠠᠯᠠᠭ᠎ᠠ ᠮᠥᠴᠢᠷ ᠲᠤ ᠲᠥᠪᠯᠡᠷᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠳᠠᠭᠠᠭᠠᠨ ᠭᠦᠢᠴᠡᠳᠬᠡᠬᠦ ᠶᠢ ᠬᠠᠷᠢᠭᠤᠴᠠᠵᠤ᠂ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠪᠠᠨ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠶᠢᠨ ᠬᠠᠮᠲᠤ ᠬᠠᠷᠠᠭᠠᠯᠵᠠᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ ᠬᠢᠨᠠᠨ ᠵᠥᠪᠰᠢᠶᠡᠷᠡᠬᠦ ᠵᠦᠢᠯᠡᠰ ᠢ ᠲᠤᠬᠠᠢ ᠶᠢᠨ ᠭᠠᠵᠠᠷ ᠲᠤ ᠨᠢ ᠬᠠᠶᠢᠨ ᠰᠢᠯᠭᠠᠬᠤ ᠶᠢ ᠬᠠᠷᠢᠭᠤᠴᠠᠵᠤ ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠠᠢ ᠬᠤᠯᠪᠣᠭᠳᠠᠬᠤ ᠬᠢᠨᠠᠨ ᠲᠣᠭᠲᠠᠭᠠᠬᠤ᠂ ᠨᠤᠲᠠᠯᠠᠯᠲᠠ ᠬᠢᠬᠦ ᠪᠠ ᠭᠡᠷᠡᠴᠢᠯᠡᠭᠡ ᠰᠣᠨᠣᠰᠬᠤ ᠵᠡᠷᠭᠡ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠴᠢᠬᠤᠯᠠᠲᠠᠢ ᠵᠦᠢᠯᠡᠰ ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃          ︵ᠲᠠᠪᠤ︶ ᠰᠢᠶᠠᠨ ᠤ ᠲᠣᠰ ᠱᠠᠲᠤᠨ ᠤ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠲᠠᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠤᠴᠢᠷ ᠶᠠᠪᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠥᠷᠨᠢᠭᠦᠯᠬᠦ ᠶᠢ ᠬᠠᠷᠢᠭᠤᠴᠠᠨ᠎ᠠ᠃ ᠶᠡᠭᠡ ᠲᠠᠩᠬᠢᠮ ᠳᠤ ᠣᠷᠣᠵᠤ ᠰᠠᠭᠤᠭ᠎ᠠ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠵᠢᠷᠤᠮᠵᠢᠭᠤᠯᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠶᠡᠭᠡ ᠲᠠᠩᠬᠢᠮ ᠤᠨ ᠠᠵᠢᠯᠲᠠᠨ ᠢ ᠪᠣᠯᠪᠠᠰᠤᠷᠠᠭᠤᠯᠬᠤ᠂ ᠬᠠᠮᠢᠶᠠᠷᠬᠤ ᠪᠠ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃            ︵ᠵᠢᠷᠭᠤᠭ᠎ᠠ︶ ᠪᠦᠬᠦ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠡᠭᠦᠷᠭᠡᠯᠡᠨ᠎ᠡ᠃ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠦᠢᠯᠡᠴᠢᠯᠡᠬᠦ ᠶᠢ ᠬᠠᠷᠢᠭᠤᠴᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠬᠤ ᠶᠢ ᠲᠦᠯᠬᠢᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠲᠠᠪᠴᠠᠩ ᠤᠨ ᠪᠠᠶᠢᠭᠤᠯᠤᠯᠲᠠ᠂ ᠬᠠᠮᠢᠶᠠᠷᠤᠯᠲᠠ ᠪᠣᠯᠣᠨ ᠠᠵᠢᠯᠯᠠᠭᠠᠨ ᠢ ᠬᠠᠷᠢᠭᠤᠴᠠᠨ᠎ᠠ      ︵ᠳᠣᠯᠤᠭ᠎ᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠣᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃            ︵ᠨᠠᠢᠮᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃      ᠬᠤᠶᠠᠷ᠂ ᠳᠣᠲᠣᠭᠠᠳᠤ ᠪᠠᠶᠢᠭᠤᠯᠤᠮᠵᠢ      ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ᠃      ︵ᠬᠤᠶᠠᠷ︶ ᠲᠣᠤᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠃      ︵ᠭᠤᠷᠪᠠ︶ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠ ᠬᠦᠯᠢᠶᠠᠨ ᠠᠪᠴᠤ ᠰᠢᠢᠳᠪᠦᠷᠢᠯᠡᠬᠦ ᠲᠠᠰᠤᠭ᠃      ︵ᠳᠥᠷᠪᠡ︶ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠨᠢᠭᠡᠳᠦᠭᠡᠷ ᠲᠠᠰᠤᠭ᠃      ︵ᠲᠠᠪᠤ︶ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠬᠤᠶᠠᠳᠣᠭᠠᠷ ᠲᠠᠰᠤᠭ᠃      ︵ᠵᠢᠷᠭᠤᠭ᠎ᠠ︶ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠭᠤᠷᠪᠠᠳᠤᠭᠠᠷ ᠲᠠᠰᠤᠭ᠃      ︵ᠲᠤᠯᠤᠭ᠎ᠠ︶ ᠪᠠᠶᠢᠴᠠᠭᠠᠨ ᠰᠢᠯᠭᠠᠬᠤ ᠲᠠᠰᠤᠭ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1