ᠲᠣᠭᠲᠠᠬᠤ ᠰᠢᠶᠠᠨ᠄ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠤᠯᠢ ᠴᠠᠭᠠᠵᠠ ᠶᠢ ᠲᠦᠭᠡᠮᠡᠯᠵᠢᠭᠦᠯᠵᠦ ᠬᠠᠪᠤᠷ ᠤᠨ ᠲᠠᠷᠢᠶᠠᠯᠠᠭ᠎ᠠ ᠠᠵᠢᠯ ᠢ ᠪᠠᠳᠤᠯᠠᠵᠦ ᠪᠠᠶᠢᠨ᠎ᠠ
ᠨᠡᠶᠢᠲᠡᠯᠡᠭᠰᠡᠨ ᠴᠠᠭ᠄
2024/3/13
       ᠣᠳᠣᠬᠠᠨ ᠳᠤ᠂ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠬᠥᠭᠵᠢᠶᠡᠨᠲᠡᠢ ᠤᠯᠠᠷᠢᠯ ᠳᠤ ᠣᠷᠣᠵᠠᠢ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠳᠤᠯᠠᠬᠤ ᠶᠢᠨ ᠲᠦᠯᠦᠭᠡ᠂ 3 ᠳ᠋ᠤᠭᠠᠷ ᠰᠠᠷ᠎ᠠ ᠶᠢᠨ 12 ᠤᠨ ᠡᠳᠦᠷ᠂ ᠰᠢᠶᠠᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠰᠢᠶᠠᠨ ᠤ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠪᠣᠯᠣᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠲᠣᠭᠲᠠᠬᠤ ᠰᠢᠶᠠᠨ ᠤ ᠱᠧᠩ ᠸᠠᠩ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠷᠤᠯᠠᠭᠤᠯᠭ᠎ᠠ ᠶᠢᠨ ᠺᠣᠮᠫᠠᠨᠢ ᠳᠤ ᠲᠤᠰᠬᠠᠢ ᠬᠠᠤᠯᠢ ᠬᠡᠷᠡᠭᠵᠢᠭᠦᠯᠬᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠲᠤᠬᠠᠢ ᠶᠢᠨ ᠲᠠᠯᠠᠪᠤᠷ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠂ ᠪᠥᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠰᠠᠶᠢᠨ ᠡᠬᠢᠯᠡᠯᠲᠡ ᠶᠢ ᠠᠬᠢᠭᠤᠯᠵᠤ᠂ ᠰᠠᠶᠢᠨ ᠡᠬᠢᠯᠡᠯᠲᠡ ᠲᠠᠢ ᠪᠣᠯᠭᠠᠪᠠ᠃      ᠰᠤᠷᠪᠤᠯᠵᠢᠯᠠᠭᠴᠢ ᠲᠣᠭᠲᠠᠬᠤ ᠰᠢᠶᠠᠨ ᠤ ᠱᠧᠩ ᠸᠠᠩ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠪᠣᠷᠤᠯᠠᠭᠤᠯᠭ᠎ᠠ ᠶᠢᠨ ᠺᠣᠮᠫᠠᠨᠢ ᠳᠤ ᠬᠦᠷᠬᠦ ᠳᠤ᠂ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠠᠷᠢᠶᠠᠨ ᠦᠷ᠎ᠡ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠡᠷᠢ ᠲᠡᠭᠰᠢ ᠪᠠᠶᠢᠷᠢᠯᠠᠭᠤᠯᠵᠤ᠂ ᠪᠦᠲᠦᠭᠡᠭᠳᠡᠬᠦᠨ ᠤ ᠲᠦᠷᠦᠯ ᠵᠦᠢᠯ ᠨᠢ ᠪᠦᠷᠢᠨ ᠭᠦᠢᠴᠡᠳ᠂ ᠬᠥᠮᠥᠷᠭᠡ ᠶᠢᠨ ᠨᠥᠭᠡᠴᠡ ᠭᠦᠢᠴᠡᠳ ᠪᠠᠶᠢᠵᠤ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠪᠠᠷ ᠢᠷᠡᠭᠰᠡᠨ ᠲᠠᠷᠢᠶᠠᠴᠢᠨ ᠡᠷᠦᠬᠡ ᠲᠠᠰᠤᠷᠠᠯᠳᠡ ᠦᠭᠡᠢ ᠴᠤᠪᠤᠷᠠᠵᠤ ᠪᠠᠶᠢᠬᠤ ᠶᠢ ᠣᠯᠵᠤ ᠬᠠᠷᠠᠵᠠᠢ᠃ ᠣᠶᠢᠯᠠᠭᠠᠭᠰᠠᠨ ᠢᠶᠠᠷ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠳᠤ᠂ ᠪᠥᠬᠦ ᠰᠢᠶᠠᠨ ᠤ ᠡᠯ᠎ᠡ ᠲᠥᠷᠥᠯ ᠤᠨ ᠦᠷ᠎ᠡ ᠶᠢᠨ ᠬᠡᠷᠡᠭᠴᠡᠭᠡ ᠵᠢᠱᠢᠯᠲᠡ ᠪᠠᠷ 2000 ᠲᠣᠨ ᠪᠠᠶᠢᠵᠤ᠂ ᠣᠲᠣ ᠨᠢᠭᠡᠨᠲᠡ 625 ᠲᠣᠨ ᠡᠯ᠎ᠡ ᠲᠥᠷᠥᠯ ᠤᠨ ᠦᠷ᠎ᠡ ᠶᠢ ᠨᠥᠭᠡᠴᠡᠯᠡᠵᠦ ᠪᠠᠶᠢᠨ᠎ᠠ︔ ᠬᠠᠪᠤᠷ ᠤᠨ ᠲᠠᠷᠢᠶᠠᠯᠠᠭ᠎ᠠ ᠶᠢᠨ ᠶᠡᠷᠦᠩᠬᠡᠢ ᠬᠡᠷᠡᠭᠴᠡᠭᠡ ᠪᠠᠷᠤᠭ 3.42 ᠲᠦᠮᠡᠨ ᠲᠣᠨ ᠳᠤ ᠬᠦᠷᠴᠦ᠂ ᠣᠲᠣ ᠨᠢᠭᠡᠨᠲᠡ 1.49 ᠲᠦᠮᠡᠨ ᠲᠣᠨ ᠨᠥᠭᠡᠴᠡᠯᠡᠪᠡ︔ ᠰᠦᠯᠢᠶᠥᠦ ᠪᠦᠷᠬᠦᠪᠴᠢ ᠶᠢᠨ ᠶᠡᠷᠦᠩᠬᠡᠢ ᠬᠡᠷᠡᠭᠴᠡᠭᠡ ᠨᠢ ᠪᠠᠷᠤᠭ 2100 ᠲᠣᠨ ᠪᠠᠶᠢᠵᠤ᠂ ᠣᠲᠣ ᠨᠢᠭᠡᠨᠲᠡ 230 ᠲᠣᠨ ᠨᠥᠭᠡᠴᠡᠯᠡᠵᠦ ᠪᠠᠶᠢᠨ᠎ᠠ᠃ ᠲᠠᠷᠢᠶᠠᠨ ᠡᠮ ᠤᠨ ᠶᠡᠷᠦᠩᠬᠡᠢ ᠬᠡᠷᠡᠭᠴᠡᠭᠡ 52.67 ᠲᠣᠨ ᠪᠠᠶᠢᠵᠤ᠂ ᠣᠲᠣ ᠨᠢᠭᠡᠨᠲᠡ 22.6 ᠲᠣᠨ ᠨᠥᠭᠡᠴᠡᠯᠡᠵᠦ ᠪᠠᠶᠢᠨ᠎ᠠ᠃ ᠣᠳᠣᠬᠢ ᠱᠠᠲᠤᠨ ᠳᠤ ᠪᠠᠷᠠᠭᠠᠨ ᠤ ᠢᠷᠡᠯᠲᠡ ᠭᠦᠢᠴᠡᠳ᠂ ᠬᠠᠩᠭᠠᠯᠭ᠎ᠠ  ᠶᠢᠨ ᠵᠠᠮ ᠰᠠᠭᠠᠳ ᠦᠭᠡᠢ᠂ ᠦᠨ᠎ᠡ ᠬᠠᠩᠰᠢ ᠲᠣᠭᠲᠠᠭᠤᠨ ᠪᠠᠶᠢᠵᠤ᠂ ᠵᠢᠱᠢᠯᠲᠡ ᠪᠠᠷ 4 ᠳ᠋ᠤᠭᠡᠷ ᠰᠠᠷ᠎ᠠ ᠶᠢᠨ ᠡᠬᠢ ᠪᠠᠷ  ᠪᠦᠬᠦᠨ ᠢᠶᠠᠷ ᠨᠢ ᠬᠡᠷᠡᠭᠯᠡᠬᠦ ᠪᠣᠯᠣᠨ᠎ᠠ᠃      ᠠᠵᠢᠯᠯᠠᠭ᠎ᠠ ᠶᠢᠨ ᠳᠤᠮᠳᠠ᠂ ᠦᠵᠡᠭᠦᠯᠦᠯᠭᠡ ᠶᠢᠨ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠶᠢᠨ ᠬᠠᠮᠲᠤ ᠠᠰᠠᠭᠤᠨ ᠯᠠᠪᠯᠠᠬᠤ ᠶᠢ ᠬᠦᠯᠢᠶᠡᠨ ᠠᠪᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠬᠡᠷᠡᠭᠯᠡᠭᠴᠢᠳ ᠲᠠᠢ ᠨᠢᠭᠤᠷᠲᠠᠨ ᠶᠠᠷᠢᠯᠴᠠᠵᠤ᠂ ᠬᠥᠳᠡᠭᠡ ᠲᠣᠰᠬᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠤᠳᠠᠯ ᠬᠠᠭᠤᠷᠮᠠᠭ ᠤᠬᠠᠭᠤᠯᠭ᠎ᠠ᠂ ︽ᠭᠤᠷᠪᠠ ᠦᠭᠡᠢ︾ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠬᠤ᠂ ᠬᠡᠷᠡᠭᠯᠡᠭᠡ ᠶᠢ ᠬᠥᠲᠥᠯᠥᠨ ᠵᠢᠯᠤᠭᠤᠳᠬᠤ ᠵᠡᠷᠭᠡ ᠬᠡᠷᠡᠭᠯᠡᠵᠦ ᠳᠠᠳᠤᠭᠰᠠᠨ ᠠᠷᠭ᠎ᠠ ᠪᠠᠰᠢᠷ ᠢ ᠵᠠᠳᠠᠯᠵᠤ᠂ ᠲᠠᠷᠢᠶᠠᠴᠢᠨ ᠡᠷᠦᠬᠡ ᠳᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠤᠯᠪᠣᠭᠳᠠᠯ ᠪᠦᠬᠦᠢ ᠮᠡᠳᠡᠯᠭᠡ ᠶᠢ ᠤᠬᠠᠭᠤᠯᠵᠤ᠂ ᠬᠤᠯᠪᠣᠭᠳᠠᠯ ᠪᠦᠬᠦᠢ ᠲᠠᠷᠢᠶᠠᠯᠠᠩ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠲᠠᠷᠢᠶᠠᠨ ᠡᠮ ᠤᠨ ᠬᠠᠭᠤᠷᠮᠠᠭ ᠢ ᠲᠠᠨᠢᠵᠤ ᠢᠯᠭᠠᠬᠤ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠵᠡᠷᠭᠡ ᠳᠤ ᠲᠠᠶᠢᠯᠤᠮᠵᠢ ᠬᠢᠬᠦ ᠶᠢᠨ ᠬᠠᠮᠲᠤ ᠲᠠᠷᠢᠶᠠᠴᠢᠨ ᠡᠷᠦᠬᠡ ᠳᠤ ᠵᠢᠩᠬᠢᠨᠢ ᠠᠷᠭ᠎ᠠ ᠵᠠᠮ ᠢᠶᠠᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠶᠢ ᠰᠠᠨᠠᠭᠤᠯᠵᠤ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠬᠡᠷᠡᠭᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠨᠢ ᠲᠡᠭᠡᠭᠰᠢᠯᠡᠭᠦᠯᠪᠡ᠃ ᠲᠣᠰ ᠤᠳᠠᠭᠠᠨ ᠤ ᠠᠵᠢᠯᠯᠠᠭ᠎ᠠ ᠳᠤ 200 ᠭᠠᠷᠤᠢ ᠬᠥᠮᠥᠨ ᠣᠷᠣᠯᠴᠠᠵᠤ᠂ ᠲᠤᠬᠠᠢ ᠶᠢᠨ ᠲᠠᠯᠠᠪᠤᠷ ᠲᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 800 ᠭᠠᠷᠤᠢ ᠬᠤᠪᠢ ᠲᠠᠷᠬᠠᠭᠠᠵᠤ᠂ ᠤᠬᠠᠭᠤᠯᠭ᠎ᠠ ᠶᠢᠨ ᠰᠠᠮᠪᠠᠷ᠎ᠠ 11 ᠦᠢᠯᠡᠳᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠷ᠎ᠡ᠂ ᠬᠢᠮᠢ ᠶᠢᠨ ᠪᠣᠷᠳᠣᠭᠤᠷ 65 ᠶᠢ ᠳᠡᠯᠭᠡᠨ ᠦᠵᠡᠭᠦᠯᠵᠡᠢ᠃      ᠪᠥᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠰᠠᠶᠢᠲᠤᠷ ᠦᠢᠯᠡᠴᠢᠯᠡᠬᠦ ᠶᠢᠨ ᠲᠥᠯᠥᠭᠡ᠂ ᠰᠢᠶᠠᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠨᠥᠬᠦᠴᠡᠯ ᠢᠳᠡᠭᠡᠨ ᠤ ᠵᠦᠢᠯ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠲᠤᠷᠠᠭᠰᠠᠨ ᠲᠣᠭᠲᠠᠴᠠ ᠪᠠᠶᠢᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠴᠢᠩᠭᠠᠳᠬᠠᠨ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠨ ᠤ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠬᠠᠮᠠᠭᠠᠯᠠᠵᠦ ᠪᠠᠶᠢᠨ᠎ᠠ᠃ ᠢᠷᠡᠯᠳᠡ᠄  ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1