ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ︽ᠭᠤᠷᠪᠠᠨ ᠣᠶᠢᠯᠠᠭᠠᠭᠳᠠᠬᠤᠨ︾ ᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠴᠢᠨᠠᠷ ᠰᠠᠶᠢᠲᠠᠢ ᠦᠷ᠎ᠡ ᠪᠦᠲᠦᠮᠵᠢ ᠳᠤ ᠬᠢᠨᠠᠯᠲᠠ ᠲᠠᠯᠪᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/3/13
      ᠡᠨᠡ ᠵᠢᠯ ᠠᠴᠠ ᠨᠠᠰᠢ᠂ ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠥᠨᠳᠥᠷ ᠪᠠᠶᠢᠷᠢᠨ ᠳᠤ ᠠᠬᠢᠭᠤᠯᠵᠤ᠂ ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠵᠠᠰᠠᠭ ᠵᠠᠬᠢᠷᠭᠠᠨ ᠤ ᠪᠠᠶᠢᠴᠠᠭᠠᠬᠤ ᠣᠶᠢᠯᠠᠭᠠᠭᠳᠠᠬᠤᠨ ᠢ ᠴᠢᠩᠭᠠᠷᠠᠭᠤᠯᠬᠤ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠵᠤ ᠬᠡᠷᠡᠭ ᠰᠢᠢᠳᠪᠦᠷᠢᠯᠡᠬᠦ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠤᠨ ᠱᠠᠭᠠᠷᠳᠠᠯᠭ᠎ᠠ ᠶᠢ ᠳᠡᠭᠡᠭᠰᠢᠯᠡᠭᠦᠯᠵᠦ᠂ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠨ᠂ ᠭᠤᠷᠪᠠᠨ ᠵᠦᠢᠯ ᠤᠨ ᠣᠶᠢᠯᠠᠭᠠᠭᠳᠠᠬᠤᠨ ᠢ ᠲᠠᠰᠤᠷᠠᠯᠲᠠ ᠦᠭᠡᠢ ᠴᠢᠩᠭᠠᠳᠬᠠᠵᠤ᠂ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠬᠡᠷᠡᠭ ᠤᠨ ᠢᠷᠡᠯᠲᠡ ᠶᠢ ᠥᠷᠭᠡᠳᠬᠡᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠳᠤ ᠬᠦᠴᠦᠨ ᠨᠡᠮᠡᠷᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠪᠠᠷ ᠭᠦᠢᠴᠡᠳᠬᠡᠵᠦ ᠪᠠᠶᠢᠭᠠᠳ ᠵᠠᠰᠠᠭ ᠵᠠᠬᠢᠷᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠠᠵᠢᠯ ᠤᠨ ᠴᠢᠨᠠᠷ ᠰᠠᠶᠢᠲᠠᠢ ᠪᠥᠭᠡᠳ ᠦᠷ᠎ᠡ ᠪᠦᠲᠦᠮᠵᠢᠲᠡᠶ ᠪᠠᠷ ᠬᠥᠭᠵᠢᠬᠦ ᠶᠢ ᠪᠡᠶᠡᠯᠡᠭᠦᠯᠪᠡ᠃      ︽ ᠨᠡᠪᠳᠡᠷᠡᠯᠴᠡᠬᠦ ᠮᠠᠶ᠋ᠢᠭ︾ ᠤᠨ ᠬᠢᠨᠠᠯᠲᠠ ᠲᠠᠯᠪᠢᠬᠤ ᠣᠶᠢᠯᠠᠭᠠᠭᠳᠠᠬᠤᠨ ᠢ ᠪᠤᠢ ᠪᠣᠯᠭᠠᠵᠤ ᠬᠢᠨᠠᠯᠲᠠ ᠲᠠᠯᠪᠢᠬᠤ ᠬᠡᠪᠴᠢᠶ᠎ᠡ ᠶᠢ ᠦᠷᠭᠡᠳᠭᠡᠪᠡ      ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠴᠢᠳᠠᠮᠵᠢ ᠪᠠᠨ ᠪᠠᠳᠠᠷᠠᠭᠤᠯᠵᠤ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠪᠠ ᠭᠦᠢᠴᠡᠳᠬᠡᠬᠦ ᠠᠵᠢᠯᠯᠠᠭ᠎ᠠ ᠳᠤ ᠬᠢᠨᠠᠯᠲᠠ ᠲᠠᠯᠪᠢᠬᠤ ᠪᠠᠷ ᠳᠠᠮᠵᠢᠭᠤᠯᠤᠨ᠂ ᠪᠠᠶᠢᠴᠠᠭᠠᠵᠤ ᠬᠢᠨᠠᠨ ᠬᠠᠷᠭᠤᠭᠤᠯᠬᠤ ᠡᠷᠬᠡ ᠶᠢ ᠭᠦᠢᠴᠡᠳ ᠬᠡᠷᠡᠭᠯᠡᠨ ᠬᠠᠤᠯᠢ ᠠᠴᠠ ᠵᠥᠷᠢᠴᠡᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ᠂ ᠬᠢᠨᠠᠯᠲᠠ ᠲᠠᠯᠪᠢᠬᠤ ᠶᠠᠪᠤᠴᠠ ᠳᠠᠭᠠᠨ ᠨᠡᠶᠢᠭᠡᠮ ᠤᠨ ᠵᠥᠷᠢᠴᠡᠯ ᠢ ᠠᠷᠢᠯᠭᠠᠵᠤ᠂ ᠬᠠᠤᠯᠢ ᠴᠠᠭᠠᠵᠠ ᠶᠢᠨ ᠰᠠᠨᠠᠭᠠᠴᠢᠯᠠᠭᠠᠲᠤ ᠪᠤᠰᠤ ᠴᠢᠨᠠᠷ ᠠᠴᠠ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠴᠢᠳᠠᠮᠠᠭᠠᠢ ᠴᠢᠨᠠᠷ ᠲᠤ ᠨᠡᠪᠳᠡᠷᠡᠵᠤ᠂ ᠵᠠᠰᠠᠭ ᠵᠠᠬᠢᠷᠭᠠᠨ ᠤ ᠵᠠᠷᠭᠤ ᠶᠢᠨ ᠬᠠᠤᠯᠢ ᠶᠢᠨ ᠬᠠᠤᠯᠢ ᠲᠣᠭᠲᠠᠭᠠᠬᠤ ᠵᠣᠷᠢᠯᠲᠠ ᠶᠢ ᠪᠡᠶᠡᠯᠡᠭᠦᠯᠦᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠮᠥᠨ ᠴᠢᠨᠠᠷ ᠤᠨ ᠦᠢᠯᠡᠳᠦᠯ ᠳᠤ ᠬᠦᠷᠦᠭᠦᠯᠦᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠳᠠᠭᠤᠰᠬᠠᠬᠤ ᠪᠠ ᠵᠠᠰᠠᠭ ᠤᠨ ᠶᠠᠪᠤᠳᠠᠯ ᠢ ᠳᠠᠭᠤᠰᠬᠠᠬᠤ ᠬᠠᠷᠠᠯᠲᠠ ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠢ᠂ ᠨᠡᠪᠳᠡᠷᠡᠯᠴᠡᠬᠦ ᠮᠠᠶ᠋ᠢᠭ ᠤᠨ ᠬᠢᠨᠠᠯᠲᠠ ᠪᠠᠷ ︽ᠠᠷᠠᠳ ᠤᠯᠠᠨ ᠤ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠪᠠ᠃      ︽ᠵᠣᠷᠢᠭᠲᠠᠢ ᠪᠠᠷ ᠬᠢᠨᠠᠯᠲᠠ ᠲᠠᠯᠪᠢᠵᠤ᠂ ᠴᠢᠳᠠᠮᠠᠭᠠᠢ ᠪᠠᠷ ᠬᠢᠨᠠᠯᠲᠠ ᠲᠠᠯᠪᠢᠬᠤ︾ ᠣᠶᠢᠯᠠᠭᠠᠭᠳᠠᠬᠤᠨ ᠢ ᠴᠢᠩᠭᠠᠳᠬᠠᠵᠤ ᠬᠢᠨᠠᠯᠲᠠ ᠲᠠᠯᠪᠢᠬᠤ ᠬᠢᠷᠢ ᠲᠦᠪᠰᠢᠨ ᠢ  ᠲᠡᠭᠡᠭᠰᠢᠯᠡᠭᠦᠯᠪᠡ      ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ᠢᠮᠠᠭᠲᠠ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠪᠠᠷ ᠭᠦᠢᠴᠡᠳᠬᠡᠬᠦ᠂ ᠵᠣᠷᠢᠭᠲᠠᠢ ᠪᠠᠷ ᠠᠵᠢᠯᠯᠠᠬᠤ ᠶᠢ ᠪᠠᠷᠢᠮᠲᠠᠯᠠᠵᠤ᠂ ︽ᠬᠢᠬᠦ ᠵᠣᠷᠢᠭ ᠦᠭᠡᠢ᠂ ᠬᠢᠬᠦ ᠳᠤᠷ᠎ᠠ ᠦᠭᠡᠢ︾ ᠪᠠᠶᠢᠬᠤ ᠬᠥᠭᠵᠢᠯᠲᠡ ᠶᠢᠨ ᠬᠦᠴᠢᠷᠳᠡᠯᠲᠦ ᠪᠠᠶᠢᠳᠠᠯ ᠢ ᠠᠷᠢᠯᠭᠠᠵᠤ᠂ ᠤᠯᠤᠰ ᠲᠦᠷᠦ ᠶᠢᠨ ᠤᠶᠤᠨ ᠤᠬᠠᠭᠠᠨ᠂ ᠬᠠᠤᠯᠢ ᠴᠠᠭᠠᠵᠠ ᠶᠢᠨ ᠤᠶᠤᠨ ᠤᠬᠠᠭᠠᠨ᠂ ᠪᠠᠶᠢᠴᠠᠭᠠᠬᠤ ᠤᠶᠤᠨ ᠤᠬᠠᠭᠠᠨ ᠢ ᠭᠦᠢᠴᠡᠳ ᠬᠡᠷᠡᠭᠯᠡᠨ᠂ ᠬᠡᠷᠡᠭ ᠰᠢᠢᠳᠪᠦᠷᠢᠯᠡᠬᠦ ᠤᠯᠤᠰ ᠲᠦᠷᠦ ᠶᠢᠨ ᠦᠷ᠎ᠡ ᠪᠦᠲᠦᠮᠵᠢ᠂ ᠬᠠᠤᠯᠢ ᠴᠠᠭᠠᠵᠠ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠶᠢ ᠣᠷᠭᠠᠨᠢᠭ ᠢᠶᠠᠷ ᠨᠢᠭᠡᠳᠦᠭᠦᠯᠬᠦ ᠶᠢ ᠪᠡᠶᠡᠯᠡᠭᠦᠯᠪᠡ᠃ ᠣᠨᠴᠠᠭᠠᠶ ᠬᠡᠷᠡᠭ ᠲᠤ ᠬᠢᠨᠠᠯᠲᠠ ᠲᠠᠯᠪᠢᠬᠤ ᠶᠠᠪᠤᠴᠠ ᠳᠤ᠂ ᠬᠡᠷᠡᠭ ᠤᠨ ᠠᠷᠤ ᠳᠤ ᠲᠤᠰᠬᠠᠭᠳᠠᠭᠰᠠᠨ ᠵᠠᠰᠠᠭ ᠵᠠᠬᠢᠷᠭᠠᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠲᠦᠭᠡᠮᠡᠯ ᠴᠢᠨᠠᠷᠲᠠᠢ᠂ ᠦᠨᠳᠦᠰᠦᠨ ᠴᠢᠨᠠᠷᠲᠠᠢ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ᠡᠴᠦᠰ ᠤᠨ ᠵᠠᠰᠠᠯᠲᠠ ᠠᠴᠠ ᠡᠮᠦᠨᠡᠬᠢ ᠵᠠᠰᠠᠯᠲᠠ ᠶᠢ ᠠᠬᠢᠭᠤᠯᠬᠤ ᠲᠡᠶᠢᠰᠢ ᠬᠤᠪᠢᠷᠠᠭᠤᠯᠵᠤ᠂ ᠨᠡᠶᠢᠭᠡᠮ ᠤᠨ ᠵᠠᠰᠠᠯᠲᠠ ᠶᠢ ᠲᠡᠭᠦᠯᠳᠡᠷᠵᠢᠭᠦᠯᠬᠦ ᠲᠤᠬᠠᠢ ᠪᠠᠶᠢᠴᠠᠭᠠᠬᠤ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠵᠠᠰᠠᠭ ᠵᠠᠬᠢᠷᠭᠠᠨ ᠤ ᠪᠠᠶᠢᠴᠠᠭᠠᠬᠤ ᠣᠶᠢᠯᠠᠭᠠᠭᠳᠠᠬᠤᠨ ᠤ ᠣᠳᠣᠬᠢᠴᠢᠯᠠᠯᠲᠠ ᠪᠠᠷ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠪᠠ᠃ ᠲᠤᠭᠳᠠᠬᠤ ᠰᠢᠶᠠᠨ ᠤ ᠪᠠᠢᠴᠠᠭᠠᠬᠤ ᠬᠤᠷᠢᠶ᠎ᠠ ᠥᠩᠭᠡᠷᠡᠭᠰᠡᠨ ᠵᠢᠯ ᠤᠳ ᠠᠴᠠ ᠨᠠᠰᠢᠬᠢ ᠲᠡᠷᠭᠡ ᠬᠥᠰᠬᠡ ᠶᠢᠨ ᠬᠠᠤᠯᠢ ᠶᠢ ᠵᠥᠷᠢᠴᠡᠭᠰᠡᠨ᠂ ᠡᠷᠡᠭᠦᠦ ᠶᠢᠨ ᠬᠡᠷᠡᠭ ᠢ ᠵᠠᠰᠠᠭ ᠵᠠᠬᠢᠷᠭᠠᠨ ᠤ ᠰᠢᠳᠬᠡᠯ ᠪᠣᠯᠭᠠᠨ ᠬᠤᠪᠢᠷᠠᠭᠤᠯᠤᠭᠰᠠᠨ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠵᠡᠷᠭᠡ ᠬᠡᠷᠡᠭ ᠢ ᠡᠮᠬᠢᠯᠡᠨ ᠲᠢᠭᠯᠡᠪᠡ᠃ ᠭᠤᠣᠯᠳᠠᠯᠭ᠎ᠠ ᠲᠠᠢ᠂ ᠨᠠᠷᠢᠨ ᠪᠤᠳᠤᠯᠢᠶᠠᠨᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠠᠩᠰᠠ ᠡᠪᠬᠡᠮᠡᠯ ᠢ ᠤᠷᠪᠠᠭᠤᠯᠤᠨ ᠦᠵᠡᠵᠦ᠂ ᠲᠠᠩᠰᠠ ᠡᠪᠬᠡᠮᠡᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠬᠡᠷᠡᠭ ᠰᠢᠢᠳᠪᠦᠷᠢᠯᠡᠬᠦ ᠠᠵᠢᠯᠲᠠᠨ   ᠠᠴᠠ ᠯᠠᠪᠯᠠᠨ ᠠᠰᠠᠭᠤᠵᠤ᠂ ᠬᠡᠷᠡᠭ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ᠂ ᠣᠨᠣᠪᠴᠢᠲᠠᠶ ᠮᠠᠭᠠᠳᠯᠠᠨ ᠲᠣᠭᠲᠠᠭᠠᠬᠤ ᠶᠢ ᠦᠨᠡᠨ ᠬᠦ ᠪᠠᠳᠤᠯᠠᠪᠠ᠃      ︽ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠣᠯᠠᠨ ᠲᠠᠯ᠎ᠠ ᠪᠠᠷ ᠠᠰᠢᠭ ᠭᠥᠷᠳᠡᠬᠦ ᠬᠠᠮᠲᠤ ᠪᠠᠷ ᠠᠰᠢᠭ ᠭᠥᠷᠳᠡᠬᠦ︾ ᠣᠶᠢᠯᠠᠭᠠᠭᠳᠠᠬᠤᠨ ᠢ ᠴᠢᠩᠭᠠᠳᠬᠠᠵᠤ ᠬᠢᠨᠠᠯᠲᠠ ᠲᠠᠯᠪᠢᠬᠤ ᠦᠷ᠎ᠡ ᠪᠦᠳᠦᠮᠵᠢ ᠶᠢ ᠲᠡᠭᠡᠭᠰᠢᠯᠡᠭᠦᠯᠪᠡ      ᠪᠠᠶᠢᠴᠠᠭᠠᠬᠤ ᠪᠠᠶᠢᠭᠤᠯᠭ᠎ᠠ ᠬᠢᠭᠡᠳ ᠬᠢᠨᠠᠯᠲᠠ ᠲᠠᠯᠪᠢᠭᠳᠠᠵᠤ ᠪᠠᠶᠢᠭ᠎ᠠ ᠪᠠᠶᠢᠭᠤᠯᠭ᠎ᠠ ᠶᠢᠨ ᠬᠠᠷᠠᠯᠲᠠ ᠪᠣᠯ ᠨᠢᠭᠡᠳᠦᠯᠲᠡᠢ ᠪᠠᠶᠢᠳᠠᠭ᠂ ᠪᠦᠷ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ  ᠶᠢ ᠪᠡᠶᠡᠯᠡᠭᠦᠯᠬᠦ ᠶᠢᠨ ᠲᠥᠯᠥᠭᠡ᠂ ᠪᠠᠶᠢᠴᠠᠭᠠᠬᠤ ᠪᠠᠶᠢᠭᠤᠯᠭ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠤᠯᠤᠰ ᠲᠦᠷᠦ ᠶᠢᠨ ᠤᠶᠤᠨ ᠤᠬᠠᠭᠠᠨ᠂ ᠬᠠᠤᠯᠢ ᠴᠠᠭᠠᠵᠠ ᠶᠢᠨ ᠤᠶᠤᠨ ᠤᠬᠠᠭᠠᠨ ᠢ ᠭᠦᠢᠴᠡᠳ ᠰᠠᠶᠢᠲᠤᠷ ᠬᠡᠷᠡᠭᠯᠡᠵᠦ᠂ ᠰᠢᠭᠦᠬᠦ ᠬᠤᠷᠢᠶ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠰᠢᠢᠳᠪᠦᠷᠢᠯᠡᠭᠰᠡᠨ ᠬᠡᠷᠡᠭ ᠤᠨ ᠲᠣᠭᠤᠷᠢᠨ ᠳᠤ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠢᠨᠠᠮᠠᠭᠠᠢ ᠵᠠᠳᠠᠯᠵᠤ᠂ ᠬᠠᠨᠳᠤᠯᠭᠠᠲᠤ ᠴᠢᠨᠠᠷᠲᠠᠢ ᠪᠠᠷ ᠰᠠᠨᠠᠯ ᠰᠠᠨᠠᠭᠤᠯᠭ᠎ᠠ ᠳᠤᠷᠠᠳᠴᠤ᠂ ᠪᠠᠶᠢᠴᠠᠭᠠᠬᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠰᠢᠭᠦᠨ ᠲᠠᠰᠤᠯᠬᠤ ᠠᠵᠢᠯ ᠢ ᠵᠡᠷᠭᠡ ᠪᠠᠷ ᠵᠣᠬᠢᠴᠠᠭᠤᠯᠬᠤ᠂ ᠵᠣᠬᠢᠴᠠᠭᠤᠯᠤᠨ ᠵᠠᠰᠠᠬᠤ ᠶᠢᠨ ᠰᠠᠶᠢᠨ ᠨᠥᠬᠦᠴᠡᠯᠳᠦᠯ ᠢ ᠠᠬᠢᠭᠤᠯᠪᠠ᠃ ᠮᠠᠨ ᠤ ᠬᠤᠷᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠬᠢᠨᠠᠯᠲᠠ ᠶᠢᠨ ᠶᠠᠷᠢᠯᠴᠠᠬᠤ ᠬᠤᠷᠠᠯ ᠢ ᠪᠠᠶᠢᠩᠭᠤᠵᠢᠭᠤᠯᠤᠨ ᠬᠤᠷᠠᠯᠳᠤᠭᠤᠯᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠭᠦᠢᠴᠡᠳ ᠨᠡᠪᠲᠡᠷᠡᠯᠴᠡᠵᠦ᠂ ᠪᠠᠶᠢᠴᠠᠭᠠᠬᠤ ᠰᠠᠨᠠᠭᠤᠯᠭ᠎ᠠ ᠳᠤ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠨᠡᠮᠡᠭᠳᠡᠭᠦᠯᠦᠨ᠂ ᠵᠠᠰᠠᠭ ᠵᠠᠬᠢᠷᠭᠠᠨ ᠤ ᠵᠢᠷᠤᠮᠵᠢᠭᠰᠠᠨ ᠬᠠᠤᠯᠢ ᠬᠡᠷᠡᠭᠵᠢᠭᠦᠯᠦᠯᠲᠡ ᠶᠢ ᠠᠬᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ ᠢᠷᠡᠯᠳᠡ᠄  ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1