2024 ᠣᠨ ᠤ ᠲᠣᠭᠲᠠᠬᠤ ᠰᠢᠶᠠᠨ ᠤ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠢ ᠰᠢᠯᠭᠠᠷᠠᠭᠤᠯᠬᠤ ᠪᠠ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ  ᠦᠷᠨᠢᠭᠦᠯᠵᠡᠢ
ᠨᠡᠶᠢᠲᠡᠯᠡᠭᠰᠡᠨ ᠴᠠᠭ᠄
2024/3/13
      ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠳᠡᠪᠬᠢᠲᠡᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠥᠷᠭᠡᠨ ᠤᠯᠠᠨ ᠵᠠᠯᠠᠭᠤᠴᠤᠳ ᠪᠠᠭᠠᠴᠤᠳ ᠢ ᠬᠠᠪᠰᠤᠷᠴᠤ ︽ᠠᠮᠢᠳᠤᠷᠠᠬᠤᠢ ᠶᠢᠨ ᠠᠩᠬᠠᠨ ᠤ ᠵᠠᠩᠭᠢᠯᠠᠭ᠎ᠠ ᠶᠢ ᠰᠠᠶᠢᠲᠤᠷ ᠠᠳᠬᠤᠬᠤ︾ ᠶᠢᠨ ᠲᠥᠯᠥᠭᠡ᠂ ᠲᠣᠭᠲᠠᠬᠤ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ 3 ᠳ᠋ᠤᠭᠠᠷ ᠰᠠᠷ᠎ᠠ ᠠᠴᠠ ᠡᠬᠢᠯᠡᠨ ᠪᠦᠬᠦ ᠰᠢᠶᠠᠨ ᠤ ᠨᠠᠰᠤᠨ ᠳᠤ ᠦᠯᠦ ᠬᠦᠷᠦᠭᠰᠡᠳ ᠤᠨ ᠳᠤᠮᠳᠠ 2024 ᠣᠨ ᠤ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠢ ᠰᠢᠯᠭᠠᠷᠠᠭᠤᠯᠬᠤ ᠵᠢᠴᠢ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠡᠢ᠃      ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠢ ᠰᠤᠩᠭᠤᠭᠳᠠᠬᠤ ᠡᠲᠡᠭᠡᠳ ᠤᠨ ᠨᠠᠰᠤ ᠨᠢ 6 ᠠᠴᠠ 17 ᠪᠦᠬᠦᠯᠢ ᠨᠠᠰᠤᠨ ᠤ ᠬᠤᠭᠤᠷᠣᠨᠳᠤ ᠪᠠᠶᠢᠵᠤ᠂ ᠲᠣᠭᠲᠠᠬᠤ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠰᠤᠷᠤᠯᠴᠠᠵᠤ᠂ ᠨᠡᠶᠢᠲᠡᠯᠢᠭ ᠦᠢᠯᠡ ᠠᠵᠢᠯᠯᠠᠭ᠎ᠠ ᠨᠢ ᠣᠶᠢᠷ᠎ᠠ ᠶᠢᠨ ᠨᠢᠭᠡ ᠵᠢᠯ ᠤᠨ ᠳᠣᠲᠣᠷ᠎ᠠ ᠪᠤᠶᠤ ᠣᠶᠢᠷ᠎ᠠ ᠶᠢᠨ ᠬᠤᠭᠤᠴᠠᠭ᠎ᠠ ᠪᠣᠯᠲᠠᠯ᠎ᠠ ᠦᠷᠭᠦᠯᠵᠢᠯᠡᠭᠰᠡᠨ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯᠭᠡ ᠲᠠᠢ ᠪᠠᠶᠢᠬᠤ᠂ ᠰᠢᠮᠳᠠᠨ ᠰᠤᠷᠤᠯᠴᠠᠵᠤ ᠴᠢᠳᠠᠮᠠᠭᠠᠢ ᠪᠠᠷ ᠰᠡᠳᠬᠢᠬᠦ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ᠂ ᠥᠪᠡᠷ ᠢ ᠪᠠᠨ ᠬᠦᠴᠦᠷᠬᠡᠭᠵᠢᠭᠦᠯᠦᠨ ᠪᠡᠶ᠎ᠡ ᠪᠠᠨ ᠳᠠᠭᠠᠭᠠᠬᠤ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ᠂ ᠣᠷᠴᠢᠨ ᠲᠣᠭᠤᠷᠢᠨ ᠢ ᠬᠠᠮᠠᠭᠠᠯᠠᠬᠤ ᠳᠤ ᠬᠠᠯᠠᠭᠤᠨ ᠰᠡᠳᠬᠢᠯᠭᠡ ᠲᠠᠢ ᠪᠠᠶᠢᠬᠤ᠂ ᠬᠡᠦᠬᠡᠳ ᠤᠨ ᠰᠡᠳᠬᠢᠯ ᠢᠶᠠᠷ ᠨᠠᠮ ᠳᠠᠭᠠᠨ ᠬᠠᠨᠳᠤᠬᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠦᠨᠳᠦᠰᠦᠲᠡᠨ ᠤ ᠪᠦᠯᠬᠦᠮᠳᠡᠯ ᠵᠢᠴᠢ ᠪᠣᠯᠪᠠᠰᠤᠨ ᠢ ᠡᠭᠦᠳᠦᠨ ᠪᠠᠶᠢᠭᠤᠯᠬᠤ ᠵᠡᠷᠭᠡ ᠲᠠᠯ᠎ᠠ ᠪᠠᠷ ᠰᠢᠯᠢᠳᠡᠭ ᠪᠣᠯᠬᠤ ᠪᠠᠷ ᠵᠣᠷᠢᠭᠲᠠᠢ ᠪᠠᠷ ᠴᠢᠷᠮᠠᠶᠢᠵᠦ ᠪᠠᠶᠢᠭ᠎ᠠ᠂ ᠦᠢᠯᠡ ᠠᠵᠢᠯᠯᠠᠭ᠎ᠠ ᠨᠢ ᠲᠣᠪᠣᠶᠢᠮ᠎ᠠ᠂ ᠨᠥᠯᠥᠭᠡᠯᠡᠬᠦ ᠬᠦᠴᠦᠨ ᠲᠠᠢ ᠨᠠᠰᠤᠨ ᠳᠤ ᠦᠯᠦ ᠬᠦᠷᠦᠭᠰᠡᠳ ᠴᠥᠮ ᠰᠣᠩᠭᠤᠭᠤᠯᠢ ᠳᠤ ᠣᠷᠣᠯᠴᠠᠵᠤ ᠪᠣᠯᠣᠨ᠎ᠠ᠃      ᠲᠣᠰ ᠤᠳᠠᠭᠠᠨ ᠤ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠤᠨ ᠰᠢᠯᠭᠠᠷᠠᠭᠤᠯᠤᠯᠲᠠ ᠳᠤ ︽ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ ᠪᠠᠶᠢᠬᠤ᠂ ᠰᠢᠮᠳᠠᠨ ᠰᠤᠷᠤᠯᠴᠠᠵᠤ ᠰᠡᠳᠬᠢᠬᠦ᠂ ᠨᠠᠰᠤᠲᠠᠨ ᠢᠶᠠᠨ ᠠᠴᠢᠯᠠᠵᠤ ᠰᠠᠳᠤᠨ ᠢᠶᠠᠨ ᠬᠠᠶᠢᠷᠠᠯᠠᠬᠤ ᠂ ᠪᠡᠶ᠎ᠡ ᠪᠠᠨ ᠬᠦᠴᠦᠷᠬᠡᠭᠵᠢᠭᠦᠯᠦᠨ ᠪᠡᠶ᠎ᠡ ᠪᠠᠨ ᠳᠠᠭᠠᠭᠠᠬᠤ᠂ ᠰᠢᠨ᠎ᠡ ᠶᠢ ᠡᠭᠦᠳᠦᠨ ᠪᠦᠲᠦᠭᠡᠬᠦ᠂ ᠬᠡᠦᠬᠡᠳ ᠤᠨ ᠰᠡᠳᠬᠢᠯ ᠢ ᠨᠠᠮ ᠳᠠᠰᠢ ᠤᠯᠠᠮᠵᠢᠯᠠᠬᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠦᠨᠳᠦᠰᠦᠲᠡᠨ ᠤ ᠪᠦᠯᠬᠦᠮᠳᠡᠯ᠂ ᠪᠣᠯᠪᠠᠰᠤᠨ ᠢ ᠡᠭᠦᠳᠦᠨ ᠪᠠᠶᠢᠭᠤᠯᠬᠤ︾ ᠵᠡᠷᠭᠡ ᠠᠷᠪᠠᠨ ᠲᠥᠷᠥᠯ ᠵᠦᠢᠯ ᠪᠣᠶ᠃ ᠪᠥᠬᠦ ᠰᠢᠶᠠᠨ ᠤ ᠨᠥᠬᠦᠴᠡᠯ ᠳᠤ ᠨᠡᠶᠢᠴᠡᠬᠦ ᠨᠠᠰᠤᠨ ᠳᠤ ᠥᠯᠥ ᠭᠦᠷᠦᠭᠰᠡᠳ ᠪᠠᠶᠢᠭ᠎ᠠ ᠰᠤᠷᠭᠠᠭᠤᠯᠢ ᠶᠢᠨ ᠢᠶᠠᠨ ᠲᠠᠨᠢᠯᠴᠠᠭᠤᠯᠭ᠎ᠠ ᠪᠠᠷ ᠨᠡᠷ᠎ᠡ ᠮᠡᠳᠡᠭᠦᠯᠵᠦ ᠪᠣᠯᠣᠨ᠎ᠠ᠃      ᠰᠢᠯᠭᠠᠷᠠᠭᠤᠯᠬᠤ ᠠᠵᠢᠯᠯᠠᠭ᠎ᠠ ᠶᠢ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠠᠴᠠ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢᠨ ᠵᠣᠬᠢᠶᠠᠨ ᠪᠠᠶᠢᠭᠤᠯᠬᠤ ᠺᠣᠮᠢᠰ ᠢ ᠪᠦᠷᠢᠯᠳᠦᠭᠦᠯᠵᠦ᠂ ᠵᠣᠬᠢᠶᠠᠨ ᠪᠠᠶᠢᠭᠤᠯᠬᠤ ᠺᠣᠮᠢᠰ ᠤᠨ ᠳᠣᠣᠷ᠎ᠠ ᠨᠢ ᠠᠯᠪᠠᠨ ᠭᠡᠷ ᠭᠠᠷᠭᠠᠵᠤ᠂ ᠠᠯᠪᠠᠨ ᠭᠡᠷ ᠢ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠲᠤ ᠪᠠᠶᠢᠷᠢᠯᠠᠭᠤᠯᠵᠦ᠂ ᠠᠵᠢᠯᠯᠠᠭ᠎ᠠ ᠶᠢᠨ ᠬᠤᠭᠤᠴᠠᠭᠠᠨ ᠳᠠᠬᠢ ᠵᠣᠬᠢᠶᠠᠨ ᠪᠠᠶᠢᠭᠤᠯᠵᠤ ᠵᠣᠬᠢᠴᠠᠭᠤᠯᠬᠤ᠂ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ᠂ ᠵᠠᠭᠤᠴᠢᠯᠠᠭᠤᠷ ᠢᠶᠠᠷ ᠵᠠᠷᠯᠠᠨ ᠨᠡᠶᠢᠲᠡᠯᠡᠬᠦ᠂ ᠰᠢᠯᠭᠠᠷᠠᠭᠤᠯᠤᠨ ᠬᠥᠬᠢᠭᠦᠯᠬᠦ ᠪᠠ ᠤᠬᠠᠭᠤᠯᠤᠨ ᠮᠡᠳᠡᠭᠡᠯᠡᠬᠦ ᠵᠡᠷᠭᠡ ᠵᠦᠢᠯᠡᠰ ᠢ ᠬᠠᠷᠢᠭᠤᠴᠠᠭᠤᠯᠤᠨ᠎ᠠ᠃ ᠲᠤᠬᠠᠢ ᠶᠢᠨ ᠦᠶ᠎ᠡ ᠳᠤ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠬᠥᠬᠢᠭᠦᠯᠦᠨ ᠰᠠᠶᠢᠰᠢᠶᠠᠬᠤ ᠲᠣᠭᠲᠠᠭᠠᠯ ᠳᠠᠷᠤᠮᠠᠯᠯᠠᠨ ᠲᠠᠷᠬᠠᠭᠠᠵᠤ᠂ 2024 ᠣᠨ ᠤ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠢ ᠨᠡᠶᠢᠲᠡᠯᠡᠬᠦ ᠶᠣᠰᠣᠯᠠᠯ ᠡᠷᠬᠢᠯᠡᠨ᠎ᠡ᠃ ᠢᠷᠡᠯᠳᠡ᠄  ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1