ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠰᠦᠯᠵᠢᠶᠡᠨ ᠤ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢᠨ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠦᠯᠵᠢᠶᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ | ᠬᠢᠷᠢ ᠲᠦᠪᠰᠢᠨ ᠢ ᠪᠥᠬᠦ ᠲᠠᠯ᠎ᠠ ᠪᠠᠷ ᠲᠡᠭᠡᠭᠰᠢᠯᠡᠭᠦᠯᠬᠦ ᠶᠢᠨ ᠲᠦᠯᠦᠭᠡ᠂ ᠮᠠᠨ ᠤ ᠰᠢᠶᠠᠨ ᠨᠢᠭᠡ ᠪᠦᠯᠦᠭ ᠨᠡᠶᠢᠭᠡᠮ | ᠲᠣᠭᠤᠷᠢᠭ ᠤᠨ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠡᠯᠰᠡᠬᠦ ᠶᠢᠨ ᠬᠠᠮᠲᠤ ᠴᠢᠳᠠᠪᠤᠷᠢᠲᠠᠨ ᠤ | ᠨᠥᠭᠡᠴᠡ ᠶᠢᠨ ᠬᠥᠮᠥᠷᠭᠡ ᠪᠠᠶᠢᠭᠤᠯᠬᠤ ᠪᠠᠷ ᠲᠥᠯᠥᠪᠯᠡᠵᠦ ᠪᠣᠶ᠂ ᠡᠳᠦᠭᠡ ᠬᠤᠯᠪᠣᠭᠳᠠᠯ ᠪᠦᠬᠦᠢ ᠵᠦᠢᠯᠡᠰ ᠢ | ᠳᠣᠣᠷᠠᠬᠢ ᠮᠡᠲᠦ ᠵᠠᠷᠯᠠᠶ᠎ᠠ᠄ | ᠨᠢᠭᠡ᠂ ᠡᠯᠰᠡᠵᠦ ᠨᠥᠭᠡᠴᠡᠯᠡᠬᠦ ᠲᠥᠯᠥᠪᠯᠡᠭᠡ | ᠲᠣᠰ ᠤᠳᠠᠭ᠎ᠠ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ 18 ᠬᠥᠮᠥᠨ | ᠡᠯᠰᠡᠬᠦ ᠪᠠᠷ ᠲᠥᠯᠥᠪᠯᠡᠵᠦ᠂ 2024 ᠣᠨ᠂ 2025 ᠣᠨ ᠤ ᠬᠤᠶᠠᠷ ᠵᠢᠯ ᠤᠨ ᠣᠲᠣ ᠶᠢᠨ ᠲᠤᠰᠢᠶᠠᠯ ᠳᠤ | ᠪᠠᠶᠢᠭ᠎ᠠ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠤ ᠨᠠᠰᠤᠨ ᠤ ᠲᠣᠭᠲᠠᠭᠠᠯ ᠠᠴᠠ | ᠪᠣᠯᠵᠤ ᠬᠡᠪ ᠤᠨ ᠶᠣᠰᠣᠭᠠᠷ ᠠᠵᠢᠯ ᠠᠴᠠ ᠪᠠᠨ ᠰᠠᠯᠤᠭᠰᠠᠨ ᠤ ᠳᠠᠷᠠᠭ᠎ᠠ ᠠᠵᠢᠯ ᠤᠨ ᠪᠠᠶᠢᠷᠢ ᠬᠤᠭᠤᠰᠤᠨ ᠪᠠᠶᠢᠬᠤ | ᠦᠶ᠎ᠡ ᠳᠤ ᠨᠥᠬᠦᠵᠦ ᠣᠷᠣᠭᠤᠯᠬᠤ ᠠᠵᠢᠯᠲᠠᠨ ᠪᠣᠯᠭᠠᠨ᠎ᠠ ︵2024 ᠣᠨ ᠳᠤ ᠬᠡᠪ ᠤᠨ ᠶᠣᠰᠣᠭᠠᠷ ᠠᠵᠢᠯ | ᠠᠴᠠ ᠪᠠᠨ ᠰᠠᠯᠤᠭᠰᠠᠨ ᠠᠴᠠ ᠪᠣᠯᠵᠤ 9 ᠬᠥᠮᠥᠨ ᠨᠥᠬᠦᠵᠦ᠂ 2025 ᠣᠨ ᠳᠤ ᠬᠡᠪ ᠤᠨ ᠶᠣᠰᠣᠭᠠᠷ ᠠᠵᠢᠯ | ᠠᠴᠠ ᠪᠠᠨ ᠰᠠᠯᠤᠭᠰᠠᠨ ᠠᠴᠠ ᠪᠣᠯᠵᠤ 9 ᠬᠥᠮᠥᠨ ᠨᠥᠬᠦᠵᠦ ᠥᠭᠭᠦᠨ᠎ᠡ︶᠃ | ᠬᠤᠶᠠᠷ᠂ ᠡᠯᠰᠡᠨ ᠠᠪᠬᠤ ᠵᠠᠷᠴᠢᠮ | ︵ᠨᠢᠭᠡ︶ ︽ᠣᠶᠢᠷ᠎ᠠ ᠬᠠᠪᠢ ᠳᠠᠭᠠᠨ᠂ ᠲᠤᠬᠠᠢ ᠶᠢᠨ ᠭᠠᠵᠠᠷ ᠲᠠᠭᠠᠨ᠂ ᠣᠷᠴᠢᠨ ᠲᠣᠭᠤᠷᠢᠨ ᠢ ᠣᠶᠢᠯᠠᠭᠠᠬᠤ | ᠂ ᠣᠯᠠᠨ ᠲᠦᠮᠡᠨ ᠳᠤ ᠮᠡᠳᠡᠷᠡᠭᠦᠯᠬᠦ︾ ᠪᠠ ︽ᠢᠯᠡ᠂ ᠡᠷᠬᠡ ᠲᠡᠭᠰᠢ᠂ ᠥᠷᠢᠰᠦᠯᠳᠦᠬᠦ᠂ ᠰᠢᠯᠢᠳᠡᠭ ᠢ ᠨᠢ | ᠰᠣᠩᠭᠤᠬᠤ︾ ᠵᠠᠷᠴᠢᠮ ᠢ ᠪᠠᠷᠢᠮᠲᠠᠯᠠᠵᠤ᠂ ᠨᠡᠶᠢᠭᠡᠮ ᠳᠤ ᠬᠠᠨᠳᠤᠭᠤᠯᠤᠨ ᠢᠯᠡ ᠪᠠᠷ ᠡᠯᠰᠡᠵᠦ᠂ ᠰᠢᠯᠢᠳᠡᠭ ᠢ ᠨᠢ | ᠰᠣᠩᠭᠤᠵᠤ ᠬᠡᠷᠡᠭᠯᠡᠨ᠎ᠡ᠃ | ︵ᠬᠤᠶᠠᠷ︶ ᠤᠷᠢᠳ ᠢᠶᠠᠷ ᠪᠢᠷ ᠤᠨ ᠰᠢᠯᠭᠠᠯᠲᠠ ︵ᠮᠠᠰᠢᠨ ᠤ ᠰᠢᠯᠭᠠᠯᠲᠠ︶ ᠬᠢᠵᠦ ᠳᠠᠷᠠᠭ᠎ᠠ ᠨᠢ ᠨᠢᠭᠤᠷᠲᠠᠨ | ᠰᠢᠯᠭᠠᠬᠤ ᠡᠯᠰᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠂ ᠱᠠᠭᠠᠷᠳᠠᠯᠭ᠎ᠠ ᠳᠤ ᠨᠡᠶᠢᠴᠡᠭᠰᠡᠨ ᠨᠡᠷ᠎ᠡ ᠮᠡᠳᠡᠭᠦᠯᠦᠭᠰᠡᠨ | ᠬᠥᠮᠥᠨ ᠪᠦᠬᠦᠨ ᠴᠥᠮ ᠪᠢᠷ ᠤᠨ ᠰᠢᠯᠭᠠᠯᠲᠠ ᠳᠤ ᠤᠷᠤᠯᠴᠠᠨ᠎ᠠ᠃ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ | ᠂ ᠡᠯᠰᠡᠬᠦ ᠠᠵᠢᠯ ᠤᠨ ᠪᠠᠶᠢᠷᠢ ᠶᠢᠨ 2᠄ 1 ᠶᠢᠨ ᠬᠠᠷᠢᠴᠠᠯ ᠢᠶᠠᠷ ᠨᠢᠭᠤᠷᠲᠠᠨ ᠰᠢᠯᠭᠠᠯᠲᠠ ᠳᠤ ᠣᠷᠣᠯᠴᠠᠨ᠎ᠠ︔ 2: | 1 ᠶᠢᠨ ᠬᠠᠷᠢᠴᠠᠯ ᠳᠤ ᠬᠦᠷᠦᠭᠰᠡᠨ ᠦᠭᠡᠢ ᠪᠠᠶᠢᠪᠠᠯ᠂ ᠰᠣᠷᠣᠭᠴᠢ ᠡᠯᠰᠡᠬᠦ ᠤᠳᠤᠷᠢᠳᠬᠤ ᠳᠤᠭᠤᠶᠢᠯᠠᠩ ᠢᠶᠠᠷ | ᠰᠤᠳᠤᠯᠤᠭᠰᠠᠨ ᠤ ᠳᠠᠷᠠᠭ᠎ᠠ ᠪᠣᠳᠠᠲᠠᠢ ᠰᠢᠯᠭᠠᠭᠰᠠᠨ ᠬᠥᠮᠥᠨ ᠤ ᠲᠤᠭ᠎ᠠ ᠶᠢ ᠦᠨᠳᠦᠰᠦᠯᠡᠨ ᠡᠯᠰᠡᠬᠦ ᠪᠤᠶᠤ ᠡᠯᠰᠡᠬᠦ | ᠣᠷᠣᠨ ᠲᠤᠭ᠎ᠠ ᠶᠢ ᠵᠣᠬᠢᠴᠠᠩᠭᠤᠢ ᠪᠠᠷ ᠬᠠᠰᠤᠨ᠎ᠠ᠃ | ᠭᠤᠷᠪᠠ᠂ ᠡᠯᠰᠡᠬᠦ ᠨᠥᠬᠦᠴᠡᠯ | ︵ᠨᠢᠭᠡ︶ ᠰᠢᠯᠭᠠᠯᠲᠠ ᠳᠤ ᠨᠡᠷ᠎ᠡ ᠮᠡᠳᠡᠭᠦᠯᠦᠭᠰᠡᠳ ᠳᠣᠣᠷ᠎ᠠ ᠵᠢᠭᠰᠠᠭᠠᠭᠰᠠᠨ ᠨᠥᠬᠦᠴᠡᠯ ᠤᠳ ᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | 1᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ᠃ | 2᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠬᠠᠤᠯᠢ ᠴᠠᠭᠠᠵᠠ᠂ | ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠵᠠᠩ ᠰᠤᠷᠲᠠᠯ ᠲᠥᠪ ᠴᠢᠬᠡᠴᠢ ᠪᠠᠶᠢᠬᠤ᠃ | 3᠂ ᠪᠦᠬᠦᠯᠢ 18 ᠨᠠᠰᠤᠨ ᠠᠴᠠ ᠳᠡᠭᠡᠭᠰᠢ᠂ ᠡᠷᠡᠭᠲᠡᠢ ᠬᠥᠮᠥᠨ ᠪᠦᠬᠦᠯᠢ 45 ᠨᠠᠰᠤ ᠠᠴᠠ ᠬᠡᠲᠦᠷᠡᠵᠦ | ᠪᠣᠯᠬᠤ ᠦᠭᠡᠢ᠂ ᠡᠮᠡᠭᠲᠡᠢ ᠬᠥᠮᠥᠨ ᠪᠦᠬᠦᠯᠢ 40 ᠨᠠᠰᠤ ᠠᠴᠠ ᠬᠡᠲᠦᠷᠡᠵᠦ ᠪᠣᠯᠬᠤ ᠦᠭᠡᠢ᠃ | 4᠂ ᠤᠯᠤᠰ ᠠᠷᠠᠳ ᠤᠨ ᠰᠤᠷᠭᠠᠨ ᠬᠥᠮᠦᠵᠢᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠠᠴᠠ | ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠪᠥᠭᠡᠳ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠱᠠᠭᠠᠷᠳᠠᠭᠳᠠᠬᠤ ᠠᠵᠢᠯ ᠤᠨ ᠴᠢᠳᠠᠪᠤᠷᠢ ᠲᠠᠢ ᠪᠠᠶᠢᠬᠤ︔ | 5᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠡᠶ᠎ᠡ ᠮᠠᠬᠠᠪᠤᠳ ᠤᠨ ᠨᠥᠬᠦᠴᠡᠯ ᠲᠠᠢ ᠪᠠᠶᠢᠬᠤ᠃ | 6᠂ ᠲᠣᠰ ᠤᠳᠠᠭᠠᠨ ᠤ ᠡᠯᠰᠡᠬᠦ ᠡᠷᠦᠬᠡ ᠠᠮᠠ ᠶᠢᠨ ᠱᠠᠭᠠᠷᠳᠠᠯᠭ᠎ᠠ ᠪᠣᠯ ᠲᠣᠭᠲᠠᠬᠤ ᠰᠢᠶᠠᠨ ᠤ ᠡᠷᠦᠬᠡ ᠠᠮᠠ | ᠶᠢᠨ ᠳᠠᠩᠰᠠ ᠪᠣᠯᠣᠨ᠎ᠠ᠂ ᠲᠣᠭᠲᠠᠬᠤ ᠰᠢᠶᠠᠨ ᠤ ᠡᠷᠦᠬᠡ ᠠᠮᠠ ᠶᠢᠨ ᠳᠠᠩᠰᠠ ᠣᠯᠬᠤ ᠴᠠᠭ ᠢ ᠨᠡᠷ᠎ᠡ ᠮᠡᠳᠡᠭᠦᠯᠦᠭᠰᠡᠨ | ᠡᠳᠦᠷ ᠬᠦᠷᠲᠡᠯ᠎ᠡ ᠬᠢᠵᠠᠭᠠᠷᠯᠠᠨ᠎ᠠ᠂ ᠡᠭᠦᠨ ᠳᠤ ᠨᠡᠷ᠎ᠡ ᠮᠡᠳᠡᠭᠦᠯᠦᠭᠰᠡᠨ ᠡᠳᠦᠷ ᠪᠠᠭᠲᠠᠨ᠎ᠠ᠃ ᠡᠭᠦᠨ ᠳᠤ᠄ ᠳᠡᠭᠡᠳᠦ | ᠰᠤᠷᠭᠠᠭᠤᠯᠢ ᠲᠡᠭᠦᠰᠦᠭᠰᠡᠳ ᠤᠨ ᠤᠤᠯ ᠤᠨ ᠡᠷᠦᠬᠡ ᠠᠮᠠ ᠶᠢᠨ ᠲᠠᠩᠰᠠ ᠨᠢ ᠲᠣᠭᠲᠠᠬᠤ ᠰᠢᠶᠠᠨ ᠪᠠᠶᠢᠭᠰᠠᠨ ᠪᠣᠯ᠂ | ᠰᠤᠷᠭᠠᠭᠤᠯᠢ ᠳᠤ ᠣᠷᠣᠬᠤ ᠪᠤᠶᠤ ᠠᠵᠢᠯᠯᠠᠬᠤ ᠶᠢᠨ ᠬᠠᠷᠠᠭ᠎ᠠ ᠪᠠᠷ ᠡᠷᠦᠬᠡ ᠠᠮᠠ ᠶᠢᠨ ᠲᠠᠩᠰᠠ ᠪᠠᠨ ᠰᠤᠷᠭᠠᠭᠤᠯᠢ | ᠪᠤᠶᠤ ᠠᠵᠢᠯᠯᠠᠵᠤ ᠪᠠᠶᠢᠭ᠎ᠠ ᠭᠠᠵᠠᠷ ᠲᠤ ᠰᠢᠯᠵᠢᠭᠦᠯᠬᠦ ᠶᠢᠨ ᠬᠠᠮᠲᠤ ᠪᠤᠰᠤᠳ ᠨᠡᠷ᠎ᠡ ᠮᠡᠳᠡᠭᠦᠯᠬᠦ ᠨᠥᠬᠦᠴᠡᠯ ᠳᠤ | ᠨᠡᠶᠢᠴᠡᠪᠡᠯ᠂ ᠲᠣᠰ ᠤᠳᠠᠭᠠᠨ ᠤ ᠨᠡᠷ᠎ᠡ ᠮᠡᠳᠡᠭᠦᠯᠬᠦ ᠰᠢᠯᠭᠠᠯᠲᠠ ᠳᠤ ᠣᠷᠣᠯᠴᠠᠵᠤ ᠪᠣᠯᠣᠨ᠎ᠠ︔ ᠡᠷ᠎ᠡ ᠡᠮ᠎ᠡ | ᠬᠤᠶᠠᠭᠤᠯᠠ ᠶᠢᠨ ᠨᠢᠭᠡ ᠲᠠᠯ᠎ᠠ ᠨᠢ ᠲᠣᠭᠲᠠᠬᠤ ᠰᠢᠶᠠᠨ ᠤ ᠡᠷᠦᠬᠡ ᠠᠮᠠ ᠶᠢᠨ ᠳᠠᠩᠰᠠ ︵ᠡᠷᠦᠬᠡ ᠠᠮᠠ ᠶᠢᠨ | ᠳᠠᠩᠰᠠ ᠣᠯᠣᠭᠰᠠᠨ ᠴᠠᠭ ᠨᠢ ᠨᠡᠷ᠎ᠡ ᠮᠡᠳᠡᠭᠦᠯᠦᠭᠰᠡᠨ ᠡᠳᠦᠷ᠂ ᠨᠡᠷ᠎ᠡ ᠮᠡᠳᠡᠭᠦᠯᠦᠭᠰᠡᠨ ᠡᠳᠦᠷ ᠢ ᠪᠠᠭᠲᠠᠭᠠᠨ᠎ᠠ︶ | ᠪᠥᠭᠡᠳ ᠤᠷᠤᠭ ᠤᠨ ᠦᠨᠡᠮᠯᠡᠯ ᠠᠪᠤᠭᠰᠠᠨ ᠴᠠᠭ ᠨᠢ ᠨᠡᠷ᠎ᠡ ᠮᠡᠳᠡᠭᠦᠯᠦᠭᠰᠡᠨ ᠡᠳᠦᠷ ᠢ ᠪᠠᠭᠲᠠᠭᠠᠨ᠎ᠠ᠂ ᠨᠡᠷ᠎ᠡ | ᠮᠡᠳᠡᠭᠦᠯᠦᠭᠰᠡᠨ ᠡᠳᠦᠷ ᠢ ᠪᠠᠭᠲᠠᠭᠠᠨ᠎ᠠ᠂ ᠲᠣᠭᠲᠠᠬᠤ ᠰᠢᠶᠠᠨ ᠤ ᠡᠷᠦᠬᠡ ᠠᠮᠠ ᠶᠢᠨ ᠳᠠᠩᠰᠠ ᠦᠭᠡᠢ ᠨᠢᠭᠡ ᠲᠠᠯ᠎ᠠ ᠨᠢ | ᠪᠤᠰᠤᠳ ᠨᠡᠷ᠎ᠡ ᠮᠡᠳᠡᠭᠦᠯᠬᠦ ᠨᠥᠬᠦᠴᠡᠯ ᠳᠤ ᠵᠡᠷᠭᠡ ᠪᠠᠷ ᠨᠡᠶᠢᠴᠡᠪᠡᠯ᠂ ᠲᠤᠰ ᠤᠳᠠᠭᠠᠨ ᠤ ᠨᠡᠷ᠎ᠡ ᠮᠡᠳᠡᠭᠦᠯᠬᠦ | ᠰᠢᠯᠭᠠᠯᠲᠠ ᠳᠤ ᠣᠷᠣᠯᠴᠠᠵᠤ ᠪᠣᠯᠣᠨ᠎ᠠ᠃ | 7᠂ ᠰᠦᠯᠵᠢᠶᠡᠨ ᠤ ᠠᠵᠢᠯᠲᠠᠨ ᠤ ᠠᠵᠢᠯ ᠢ ᠬᠠᠶᠢᠷᠠᠯᠠᠵᠤ᠂ ᠵᠣᠬᠢᠬᠤ ᠦᠭᠡ ᠬᠡᠯᠡᠨ ᠤ ᠢᠯᠡᠳᠬᠡᠬᠦ᠂ | ᠨᠡᠪᠲᠡᠷᠡᠯᠴᠡᠨ ᠵᠣᠬᠢᠴᠠᠭᠤᠯᠬᠤ ᠴᠢᠳᠠᠪᠤᠷᠢ ᠪᠠ ᠨᠡᠶᠢᠭᠡᠮ ᠤᠨ ᠠᠵᠢᠯ᠂ ᠨᠡᠶᠢᠭᠡᠮ ᠲᠣᠭᠤᠷᠢᠭ ᠤᠨ ᠪᠦᠲᠦᠭᠡᠨ | ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ ᠶᠢᠨ ᠬᠠᠮᠢᠶ᠎ᠠ ᠪᠦᠬᠦᠢ ᠮᠡᠳᠡᠯᠭᠡ ᠲᠠᠢ ᠪᠠᠶᠢᠵᠤ᠂ ᠣᠯᠠᠨ | ᠲᠦᠮᠡᠨ ᠤ ᠠᠵᠢᠯ ᠢ ᠥᠷᠨᠢᠭᠦᠯᠬᠦ ᠳᠡᠭᠡᠨ ᠴᠢᠳᠠᠮᠠᠭᠠᠢ ᠪᠠᠶᠢᠵᠤ᠂ ᠦᠢᠯᠡᠴᠢᠯᠡᠭᠡᠨ ᠤ ᠤᠬᠠᠮᠰᠠᠷ ᠢᠶᠠᠷ ᠴᠢᠩᠭ᠎ᠠ᠂ ᠤᠴᠢᠷ | ᠶᠠᠪᠤᠳᠠᠯ ᠢ ᠭᠤᠥᠯᠴᠢ ᠪᠠᠷ ᠰᠢᠢᠳᠪᠦᠷᠢᠯᠡᠵᠦ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠨ᠎ᠠ᠃ | 8᠂ ᠨᠡᠯᠢᠶᠡᠳ ᠴᠢᠩᠭ᠎ᠠ ᠠᠵᠢᠯ ᠤᠨ ᠬᠠᠷᠢᠭᠤᠴᠠᠯᠭᠠᠲᠤ ᠰᠡᠳᠬᠢᠯᠭᠡ ᠲᠠᠢ ᠪᠠᠶᠢᠵᠤ᠂ ᠺᠣᠮᠫᠢᠦ᠋ᠲ᠋ᠧᠷ᠂ | ᠣᠶᠤᠨᠯᠢᠭ ᠭᠠᠷ ᠤᠲᠠᠰᠤᠨ ᠤ APP ᠶᠢᠨ ᠠᠯᠪᠠᠨ ᠵᠥᠭᠡᠯᠡᠨ ᠲᠣᠨᠤᠭ ᠢ ᠪᠣᠯᠪᠠᠰᠤᠷᠠᠩᠭᠤᠢ ᠬᠡᠷᠡᠭᠯᠡᠵᠦ ᠴᠢᠳᠠᠬᠤ | ᠬᠡᠷᠡᠭᠲᠡᠢ᠃ | ︵ᠬᠤᠶᠠᠷ︶ ᠳᠣᠣᠷ᠎ᠠ ᠵᠢᠭᠰᠠᠭᠠᠭᠰᠠᠨ ᠬᠥᠮᠥᠰ ᠰᠢᠯᠭᠠᠯᠲᠠ ᠳᠤ ᠨᠡᠷ᠎ᠡ ᠮᠡᠳᠡᠭᠦᠯᠵᠦ ᠪᠣᠯᠬᠤ ᠦᠭᠡᠢ᠄ | 1᠂ ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠰᠢᠢᠳᠭᠡᠯ ᠣᠯᠵᠤ ᠥᠩᠭᠡᠷᠡᠭᠰᠡᠨ ᠪᠠ ᠠᠯᠪᠠᠨ | ᠲᠤᠰᠢᠶᠠᠯ ᠠᠴᠠ ᠪᠠᠨ ᠬᠥᠭᠡᠭᠡᠭᠳᠡᠵᠦ ᠥᠩᠭᠡᠷᠡᠭᠰᠡᠨ ᠬᠥᠮᠥᠰ᠃ | 2᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠢᠶᠠᠷ ᠰᠡᠵᠢᠭᠯᠡᠭᠳᠡᠭᠡᠳ ᠶᠠᠭ ᠬᠡᠷᠡᠭ ᠪᠣᠯᠭᠠᠨ | ᠲᠠᠩᠰᠠᠯᠠᠵᠤ ᠪᠠᠶᠢᠴᠠᠭᠠᠭᠳᠠᠵᠤ ᠪᠠᠶᠢᠬᠤ ᠬᠦᠮᠦᠰ᠃ | 3᠂ ᠨᠡᠶᠢᠭᠡᠮ ᠪᠤᠶᠤ ᠬᠡᠪ ᠤᠨ ᠠᠵᠢᠯ ᠤᠨ ᠡᠮᠬᠢ ᠵᠢᠷᠤᠮ ᠢ ᠬᠦᠨᠳᠦ ᠨᠣᠴᠢᠲᠠᠢ ᠰᠠᠮᠠᠭᠤᠷᠠᠭᠤᠯᠤᠭᠰᠠᠨ | ᠲᠡᠮᠳᠡᠭᠯᠡᠯ ᠲᠠᠢ ᠬᠦᠮᠦᠰ᠃ | 4᠂ ᠵᠢᠩᠬᠢᠨᠢ ᠠᠯᠪᠠᠨ ᠤ ᠴᠡᠷᠢᠭ᠃ | 5᠂ ᠪᠤᠰᠤᠳ ᠭᠠᠵᠠᠷ ᠣᠷᠣᠨ ᠤ ᠠᠵᠢᠯ ᠠᠴᠠ ᠪᠠᠨ ᠵᠣᠭᠰᠣᠭᠠᠭᠳᠠᠭᠰᠠᠨ ᠲᠤᠰᠬᠠᠢ ᠲᠤᠰᠢᠶᠠᠯᠲᠤ | ᠰᠦᠯᠵᠢᠶᠡᠨ ᠤ ᠠᠵᠢᠯᠲᠠᠨ᠃ | 6᠂ ᠬᠥᠬᠡᠬᠤᠲᠠ ᠶᠢᠨ ︽ᠲᠣᠥᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠶᠢᠨ | ᠬᠤᠷᠢᠳᠤᠭᠠᠷ ᠵᠦᠢᠯ ᠤᠨ ᠲᠣᠭᠲᠠᠭᠠᠯ ᠶᠣᠰᠣᠭᠠᠷ᠂ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠪᠤᠰᠤᠳ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠲᠤᠰᠢᠶᠠᠯ ᠬᠠᠪᠰᠤᠷᠭᠠᠨ ᠬᠠᠷᠢᠭᠤᠴᠠᠵᠤ ᠪᠣᠯᠬᠤ ᠦᠭᠡᠢ᠂ ᠲᠣᠰ | ᠰᠠᠷ᠎ᠠ ᠶᠢᠨ ᠠᠵᠢᠯ ᠤᠨ ᠨᠥᠬᠦᠪᠦᠷᠢ ᠶᠢ ᠣᠯᠭᠤᠬᠤ ᠪᠠᠨ ᠵᠣᠭᠰᠣᠭᠠᠭᠰᠠᠨ ᠢ ᠣᠯᠵᠤ ᠮᠡᠳᠡᠪᠡᠯ ᠲᠡᠷᠡ ᠳᠠᠷᠤᠢ ᠳᠤᠨᠢ | ᠠᠵᠢᠯ ᠠᠴᠠ ᠨᠢ ᠵᠣᠭᠰᠣᠭᠠᠨ᠎ᠠ᠃ | 7᠂ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠤᠷᠢᠨ ᠬᠡᠷᠡᠭᠯᠡᠵᠦ ᠪᠣᠯᠬᠤ ᠦᠭᠡᠢ ᠭᠡᠵᠦ ᠲᠣᠭᠲᠠᠭᠠᠭᠰᠠᠨ | ᠪᠤᠰᠤᠳ ᠪᠠᠶᠢᠳᠠᠯ᠃ | ᠳᠥᠷᠪᠡ᠂ ᠡᠯᠰᠡᠨ ᠬᠡᠷᠡᠭᠯᠡᠬᠦ ᠲᠠᠰ ᠳᠠᠷᠠᠭᠠᠯᠠᠯ | ᠡᠯᠰᠡᠨ ᠬᠡᠷᠡᠭᠯᠡᠬᠦ ᠠᠵᠢᠯ ᠤᠨ ᠪᠥᠬᠦ ᠶᠠᠪᠤᠴᠠ ᠶᠢ ᠭᠤᠷᠪᠠᠳᠠᠭᠢ ᠡᠲᠡᠭᠡᠳ ᠲᠤ ᠨᠠᠶᠢᠳᠠᠵᠤ ᠵᠣᠬᠢᠶᠠᠨ | ᠪᠠᠶᠢᠭᠤᠯᠤᠨ ᠬᠡᠷᠡᠭᠵᠢᠭᠦᠯᠦᠭᠦᠯᠵᠦ᠂ ᠮᠡᠳᠡᠭᠡ ᠵᠠᠩᠭᠢ ᠶᠢᠨ ᠠᠯᠪᠠᠨ ᠵᠠᠷ ᠨᠡᠶᠢᠲᠡᠯᠡᠬᠦ᠂ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠬᠦ᠂ ᠬᠢᠷᠢ ᠬᠡᠮ ᠢ ᠬᠢᠨᠠᠨ ᠪᠠᠶᠢᠴᠠᠭᠠᠬᠤ᠂ ᠪᠢᠷ ᠤᠨ ᠰᠢᠯᠭᠠᠯᠲᠠ ︵ᠮᠠᠰᠢᠨ ᠢᠶᠠᠷ ᠰᠢᠯᠭᠠᠬᠤ︶᠂ ᠨᠢᠭᠤᠷᠲᠠᠨ | ᠰᠢᠯᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠬᠢᠨᠠᠨ ᠰᠢᠯᠭᠠᠬᠤ᠂ ᠵᠠᠷᠯᠠᠨ ᠨᠡᠶᠢᠲᠡᠯᠡᠬᠦ᠂ ᠡᠯᠰᠡᠨ ᠬᠡᠷᠡᠭᠯᠡᠬᠦ ᠵᠡᠷᠭᠡ | ᠲᠠᠰ ᠳᠠᠷᠠᠭᠠᠯᠠᠯ ᠢᠶᠠᠷ ᠶᠠᠪᠤᠭᠳᠠᠭᠤᠯᠤᠨ᠎ᠠ᠃ | ︵ᠨᠢᠭᠡ︶ ᠨᠡᠷ᠎ᠡ ᠮᠡᠳᠡᠭᠦᠯᠬᠦ | 1᠂ ᠨᠡᠷ᠎ᠡ ᠮᠡᠳᠡᠭᠦᠯᠬᠦ ᠴᠠᠭ᠄ 2024 ᠣᠨ ᠤ 3 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ | ᠬᠤᠶᠢᠨᠠᠬᠢ 14᠄ 30 ︱ 2024 ᠣᠨ ᠤ 3ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨᠠᠬᠢ | 17᠄ 30 ᠲᠤ ᠳᠠᠭᠤᠰᠤᠨ᠎ᠠ᠃ | 2᠂ ᠨᠡᠷ᠎ᠡ ᠮᠡᠳᠡᠭᠦᠯᠬᠦ ᠠᠷᠭ᠎ᠠ᠄ ᠨᠢᠭᠡᠳᠦᠯᠲᠡᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ | ᠶᠠᠪᠤᠭᠳᠠᠭᠤᠯᠤᠨ᠎ᠠ᠂ ᠨᠡᠷ᠎ᠡ ᠮᠡᠳᠡᠭᠦᠯᠬᠦ ᠰᠦᠯᠵᠢᠶ᠎ᠡ᠄ http://bm.nmgksw.com/TKTSQ2024 | ︵ᠺᠣᠮᠫᠢᠦ᠋ᠲ᠋ᠧᠷ᠂ ᠭᠠᠷ ᠤᠲᠠᠰᠤᠨ ᠤ ᠲᠠᠪᠴᠠᠩ ᠢ ᠬᠠᠮᠲᠤ ᠳᠤᠨᠢ ᠳᠡᠮᠵᠢᠨ᠎ᠡ︶᠂ ᠨᠡᠷ᠎ᠡ ᠮᠡᠳᠡᠭᠦᠯᠬᠦ ᠠᠷᠭ᠎ᠠ ᠮᠠᠶ᠋ᠢᠭ᠄ | http://bm.nmgksw. | com/TKTSQ2024 ︵ᠡᠭᠦᠨ ᠤ ᠵᠡᠷᠭᠡ ᠳᠤ ᠺᠣᠮᠫᠢᠦ᠋ᠲ᠋ᠧᠷ᠂ ᠭᠠᠷ ᠤᠲᠠᠰᠤᠨ ᠤ ᠲᠠᠪᠴᠠᠩ ᠢ ᠳᠡᠮᠵᠢᠨ᠎ᠡ︶ | ᠃ | 3᠂ ᠨᠡᠷ᠎ᠡ ᠮᠡᠳᠡᠭᠦᠯᠬᠦ ᠶᠠᠪᠤᠴᠠ᠄ ᠳᠠᠩᠰᠠᠯᠠᠭᠤᠯᠬᠤ → ᠲᠡᠮᠳᠡᠭᠯᠡᠬᠦ → ᠬᠤᠪᠢ ᠬᠥᠮᠥᠨ ᠤ ᠨᠠᠷᠢᠨ | ᠲᠣᠳᠣᠷᠬᠠᠢ ᠮᠡᠳᠡᠭᠡ ᠵᠠᠩᠭᠢ ᠶᠢ ᠲᠠᠭᠯᠠᠬᠤ → ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠨᠡᠷ᠎ᠡ ᠮᠡᠳᠡᠭᠦᠯᠬᠦ | ᠮᠠᠲ᠋ᠧᠷᠢᠶᠠᠯ ᠢ ᠲᠠᠭᠯᠠᠵᠤ᠂ ᠳᠡᠭᠡᠭᠰᠢ ᠳᠠᠮᠵᠢᠭᠤᠯᠬᠤ → ᠬᠢᠨᠠᠨ ᠬᠠᠷᠭᠤᠭᠤᠯᠬᠤ ᠪᠠᠷ ᠲᠤᠰᠢᠶᠠᠪᠠᠯ ᠪᠣᠯᠴᠢᠬᠠᠨ᠎ᠠ᠃ | 4᠂ ᠨᠡᠷ᠎ᠡ ᠮᠡᠳᠡᠭᠦᠯᠬᠦ ᠳᠠᠩᠰᠠᠯᠠᠯᠲᠠ ᠶᠢᠨ ᠬᠦᠰᠦᠨᠦᠭᠲᠦ᠂ ᠦᠨᠡᠨᠴᠢ ᠢᠲᠡᠭᠡᠮᠵᠢ ᠶᠢᠨ ᠠᠮᠠᠯᠠᠯᠲᠠ ᠶᠢᠨ | ᠪᠢᠴᠢᠭ ᠢ ᠪᠠᠭᠤᠯᠭᠠᠬᠤ ᠳᠤ ᠬᠢᠷᠢ ᠬᠡᠮ ᠤᠨ ᠬᠢᠨᠠᠨ ᠬᠠᠷᠭᠤᠭᠤᠯᠤᠯᠲᠠ ᠶᠢ ᠪᠠᠲᠤᠯᠠᠭᠰᠠᠨ ᠤ ᠳᠠᠷᠠᠭ᠎ᠠ᠂ ᠨᠡᠷ᠎ᠡ | ᠮᠡᠳᠡᠭᠦᠯᠬᠦ ᠰᠢᠰᠲ᠋ᠧᠮ ᠠᠴᠠ ᠥᠪᠡᠷ ᠢᠶᠠᠨ ᠪᠠᠭᠤᠯᠭᠠᠨ ᠳᠠᠷᠤᠮᠠᠯᠯᠠᠵᠤ᠂ ᠰᠦᠯᠵᠢᠶᠡᠨ ᠠᠴᠠ ᠭᠠᠳᠠᠭᠤᠷᠬᠢ ᠬᠢᠷᠢ | ᠬᠡᠮ ᠤᠨ ᠬᠢᠨᠠᠨ ᠬᠠᠷᠭᠤᠭᠤᠯᠤᠯᠲᠠ ᠶᠢᠨ ᠮᠠᠲ᠋ᠧᠷᠢᠶᠠᠯ ᠢ ᠪᠠᠭᠤᠯᠭᠠᠬᠤ ᠳᠤ ᠴᠠᠭᠠᠰᠤᠨ ᠮᠠᠲ᠋ᠧᠷᠢᠶᠠᠯ ᠢ ᠲᠤᠰᠢᠶᠠᠬᠤ ᠳᠤ | ᠲᠥᠬᠦᠮ ᠦᠵᠡᠭᠦᠯᠦᠨ᠎ᠡ᠃ | 5᠂ ᠨᠡᠷ᠎ᠡ ᠮᠡᠳᠡᠭᠦᠯᠦᠭᠰᠡᠳ ᠠᠯᠢ ᠴᠢᠳᠠᠬᠤ ᠪᠠᠷ ᠡᠷᠲᠡᠬᠡᠨ ᠨᠡᠷ᠎ᠡ ᠮᠡᠳᠡᠭᠦᠯᠵᠦ᠂ ᠬᠢᠨᠠᠨ ᠪᠠᠶᠢᠴᠠᠭᠠᠯᠲᠠ ᠳᠤ | ᠬᠢᠷᠢ ᠲᠡᠩᠴᠡᠭᠰᠡᠨ ᠦᠭᠡᠢ ᠪᠣᠯ ᠴᠠᠭ ᠬᠤᠭᠤᠴᠠᠭᠠᠨ ᠤ ᠰᠢᠯᠲᠠᠭᠠᠨ ᠠᠴᠠ ᠪᠣᠯᠵᠤ ᠮᠠᠲ᠋ᠧᠷᠢᠶᠠᠯ ᠨᠥᠬᠦᠪᠦᠷᠢᠯᠡᠬᠦ ᠶᠢᠨ | ᠠᠷᠭ᠎ᠠ ᠦᠭᠡᠢ ᠪᠣᠯᠬᠤ ᠠᠴᠠ ᠵᠠᠶᠢᠯᠠᠰᠬᠢᠬᠦ ᠬᠡᠷᠡᠭᠲᠡᠢ︔ ᠨᠡᠷ᠎ᠡ ᠮᠡᠳᠡᠭᠦᠯᠦᠭᠰᠡᠳ ᠲᠣᠭᠲᠠᠭᠰᠠᠨ ᠴᠠᠭ ᠤᠨ ᠳᠣᠲᠣᠷ᠎ᠠ | ᠨᠡᠷ᠎ᠡ ᠮᠡᠳᠡᠭᠦᠯᠬᠦ ᠬᠡᠷᠡᠭᠲᠡᠢ᠃ | 6᠂ ᠨᠡᠷ᠎ᠡ ᠮᠡᠳᠡᠭᠦᠯᠦᠭᠰᠡᠳ ᠡᠷᠬᠡᠪᠰᠢ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠬᠦ ᠰᠢᠰᠲ᠋ᠧᠮ ᠳᠤ ᠬᠤᠪᠢ | ᠬᠥᠮᠥᠨ ᠤ ᠨᠠᠷᠢᠨ ᠲᠣᠳᠣᠷᠬᠠᠢ ᠮᠡᠳᠡᠭᠡ ᠵᠠᠩᠭᠢ ᠪᠠᠨ ᠲᠠᠭᠯᠠᠨ ᠪᠢᠴᠢᠬᠦ ᠶᠢᠨ ᠬᠠᠮᠲᠤ ᠳᠣᠣᠷᠠᠬᠢ ᠮᠡᠲᠦ ᠨᠡᠷ᠎ᠡ | ᠮᠡᠳᠡᠭᠦᠯᠬᠦ ᠮᠠᠲ᠋ᠧᠷᠢᠶᠠᠯ ᠢ ᠳᠠᠮᠵᠢᠭᠤᠯᠵᠤ᠂ JPEG ︵ᠪᠤᠶᠤ JPG︶ ᠶᠢᠨ ᠬᠡᠯᠪᠡᠷᠢ ᠪᠠᠷ ᠮᠠᠲ᠋ᠧᠷᠢᠶᠠᠯ ᠢ | ᠳᠠᠮᠵᠢᠭᠤᠯᠬᠤ ᠶᠢ ᠱᠠᠭᠠᠷᠳᠠᠨ᠎ᠠ᠄ | ︵1︶ ᠲᠤᠰ ᠬᠥᠮᠥᠨ ᠤ ᠣᠶᠢᠷ᠎ᠠ ᠶᠢᠨ ᠬᠤᠭᠤᠴᠠᠭᠠᠨ ᠤ ᠨᠢᠭᠤᠷ ᠲᠠᠯ᠎ᠠ ᠶᠢᠨ ᠮᠠᠯᠠᠭᠠᠢ ᠦᠭᠡᠢ 2 | ᠢᠮᠠᠬᠤ ᠶᠢᠨ ᠬᠥᠬᠡ ᠳᠡᠪᠢᠰᠬᠡᠷᠲᠦ ᠰᠡᠭᠦᠳᠡᠷ ︵ᠶᠡᠭᠡ ᠪᠠᠭ᠎ᠠ ᠨᠢ 20KB ᠠᠴᠠ ᠳᠣᠷᠣᠭᠰᠢ︶᠃ | ︵2︶ ᠲᠤᠰ ᠬᠥᠮᠥᠨ ᠤ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠃ | ︵3︶ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ᠂ ︽ᠰᠤᠷᠭᠠᠨ ᠬᠥᠮᠦᠵᠢᠯ ᠤᠨ | ᠶᠠᠮᠤᠨ ᠤ ᠰᠤᠷᠤᠯᠭ᠎ᠠ ᠶᠢᠨ ᠨᠠᠮᠲᠠᠷ ᠢ ᠰᠢᠯᠭᠠᠨ ᠪᠠᠲᠤᠯᠠᠭᠰᠠᠨ ᠮᠡᠳᠡᠭᠦᠯᠦᠯᠲᠡ︾ ︽ᠰᠤᠷᠭᠠᠨ ᠬᠥᠮᠦᠵᠢᠯ ᠤᠨ | ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ︾ ︵ᠲᠣᠰ | ᠮᠡᠳᠡᠭᠦᠯᠦᠯᠲᠡ ᠶᠢ https://www.chsi.com.cn/ ᠪᠠᠷ ᠳᠠᠮᠵᠢᠭᠤᠯᠤᠨ ᠣᠯᠵᠤ ᠪᠣᠯᠣᠨ᠎ᠠ︶᠂ | ᠭᠠᠳᠠᠭᠠᠳᠤ ᠳᠤ ᠰᠤᠷᠤᠯᠴᠠᠭᠰᠠᠳ ᠤᠨ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠬᠤ | ᠦᠢᠯᠡᠴᠢᠯᠡᠭᠡᠨ ᠤ ᠲᠥᠪ ᠠᠴᠠ ᠭᠠᠷᠭᠠᠵᠤ ᠥᠭᠬᠦ ᠴᠢᠬᠤᠯᠠᠲᠠᠢ ︽ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ | ᠡᠷᠳᠡᠮ ᠤᠨ ᠴᠣᠯᠠ ᠶᠢᠨ ᠭᠡᠷᠡᠴᠢᠯᠡᠯ ᠤᠨ ᠪᠢᠴᠢᠭ︾ ᠤᠨ ᠰᠢᠷᠪᠢᠯᠲᠡ ᠶᠢᠨ ᠮᠠᠲ᠋ᠧᠷᠢᠶᠠᠯ᠃ | ︵4︶ ᠲᠤᠰᠬᠠᠢ ᠮᠡᠷᠭᠡᠵᠢᠯ ᠤᠨ ᠬᠢᠷᠢ ᠬᠡᠮ ᠤᠨ ᠦᠨᠡᠮᠯᠡᠯ᠂ ᠠᠵᠢᠯ ︵ᠭᠦᠢᠴᠡᠳᠬᠡᠬᠦ︶ ᠬᠢᠷᠢ ᠬᠡᠮ ᠤᠨ | ᠦᠨᠡᠮᠯᠡᠯ᠂ ᠠᠵᠢᠯ ᠤᠨ ᠪᠦᠲᠦᠮᠵᠢ ᠶᠢᠨ ᠦᠷ᠎ᠡ ᠪᠦᠲᠦᠭᠡᠯ ᠤᠨ ᠭᠡᠷᠡᠴᠢ᠂ ᠱᠠᠩᠨᠠᠯ ᠣᠯᠣᠭᠰᠠᠨ ᠦᠨᠡᠮᠯᠡᠯ᠂ ᠲᠤᠰᠢᠶᠠᠯ | ᠡᠭᠦᠷᠭᠡᠯᠡᠭᠰᠡᠨ ᠭᠡᠷᠡᠴᠢ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠤᠨ ᠰᠢᠷᠪᠢᠯᠲᠡ ᠶᠢᠨ ᠮᠠᠲ᠋ᠧᠷᠢᠶᠠᠯ᠃ | 7᠂ ᠨᠡᠷ᠎ᠡ ᠮᠡᠳᠡᠭᠦᠯᠦᠭᠴᠢ ᠬᠤᠪᠢ ᠬᠥᠮᠥᠨ ᠤ ᠲᠣᠪᠴᠢ ᠨᠠᠮᠲᠠᠷ ᠢᠶᠠᠨ ᠲᠠᠭᠯᠠᠬᠤ ᠳᠠᠭᠠᠨ ᠡᠷᠬᠡᠪᠰᠢ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠠᠴᠠ ᠣᠲᠣ ᠪᠣᠯᠲᠠᠯᠠᠬᠢ ᠠᠯᠢᠪᠠ ᠥᠩᠭᠡᠷᠡᠯᠲᠡ ᠪᠠᠨ ᠪᠦᠷᠢᠨ ᠪᠦᠲᠦᠨ ᠲᠠᠭᠯᠠᠬᠤ | ᠬᠡᠷᠡᠭᠲᠡᠢ᠂ ᠴᠠᠭ ᠬᠤᠭᠤᠴᠠᠭ᠎ᠠ ᠶᠢ ᠲᠠᠰᠤᠯᠳᠠᠭᠤᠯᠬᠤ ᠪᠤᠶᠤ ᠬᠤᠭᠤᠰᠤᠨ ᠪᠠᠶᠢᠯᠭᠠᠵᠤ ᠪᠣᠯᠬᠤ ᠦᠭᠡᠢ᠃ | ︵1︶ ᠰᠤᠷᠤᠯᠴᠠᠭᠰᠠᠨ ᠥᠩᠭᠡᠷᠡᠯᠲᠡ᠄ ᠰᠤᠷᠭᠠᠭᠤᠯᠢ ᠳᠤ ᠣᠷᠣᠭᠰᠠᠨ ︵ᠲᠤᠰᠬᠠᠢ ᠠᠩᠭᠢ᠂ ᠵᠢᠩᠬᠢᠨᠢ | ᠠᠩᠭᠢ ᠪᠠ ᠠᠰᠫᠢᠷᠠᠨᠲ︶ ᠤ ᠡᠬᠢᠯᠡᠯᠲᠡ ᠲᠡᠭᠦᠰᠬᠡᠯ ᠤᠨ ᠣᠨ ᠰᠠᠷ᠎ᠠ᠂ ᠶᠡᠭᠡ ᠰᠤᠷᠭᠠᠭᠤᠯᠢ᠂ ᠳᠡᠭᠡᠳᠦ ᠰᠤᠷᠭᠠᠭᠤᠯᠢ᠂ | ᠰᠠᠯᠪᠤᠷᠢ᠂ ᠲᠤᠰᠬᠠᠢ ᠮᠡᠷᠭᠡᠵᠢᠯ᠂ ᠡᠷᠳᠡᠮ ᠤᠨ ᠴᠣᠯᠠ ︵ᠬᠤᠶᠠᠳᠤᠭᠠᠷ ᠡᠷᠳᠡᠮ ᠤᠨ ᠴᠣᠯᠠ᠂ ᠬᠤᠣᠰ ᠡᠷᠳᠡᠮ ᠤᠨ | ᠴᠣᠯᠠ᠂ ᠬᠠᠪᠰᠤᠷᠤᠨ ᠰᠤᠷᠬᠤ ᠡᠷᠳᠡᠮ ᠤᠨ ᠴᠣᠯᠠ ᠵᠢᠴᠢ ᠲᠤᠰᠬᠠᠢ ᠮᠡᠷᠭᠡᠵᠢᠯ ᠪᠠᠭᠲᠠᠨ᠎ᠠ︶ ᠶᠢ ᠲᠠᠭᠯᠠᠨ᠎ᠠ᠃ | ︵2︶ ᠠᠵᠢᠯᠯᠠᠭᠰᠠᠨ ᠥᠩᠭᠡᠷᠡᠯᠲᠡ᠄ ᠨᠡᠷ᠎ᠡ ᠮᠡᠳᠡᠭᠦᠯᠬᠦ ᠠᠴᠠ ᠡᠮᠦᠨᠡᠬᠢ ᠠᠵᠢᠯ ᠤᠨ ᠥᠩᠭᠡᠷᠡᠯᠲᠡ᠂ | ᠡᠭᠦᠨ ᠳᠤ ᠠᠵᠢᠯᠯᠠᠵᠤ ᠡᠬᠢᠯᠡᠭᠰᠡᠨ ᠣᠨ ᠰᠠᠷ᠎ᠠ᠂ ᠠᠵᠢᠯᠯᠠᠵᠤ ᠪᠠᠶᠢᠭ᠎ᠠ ᠨᠢᠭᠡᠴᠢ᠂ ᠠᠵᠢᠯ ᠤᠨ ᠪᠠᠶᠢᠷᠢ ᠪᠠᠭᠲᠠᠭᠠᠨ᠎ᠠ︔ | ᠠᠵᠢᠯ ᠣᠯᠣᠭᠠᠳᠤᠢ ᠬᠤᠭᠤᠴᠠᠭᠠᠨ ᠳᠠᠬᠢ ᠥᠩᠭᠡᠷᠡᠯᠲᠡ ᠶᠢ ᠡᠬᠢᠯᠡᠵᠦ ᠳᠠᠭᠤᠰᠤᠭᠰᠠᠨ ᠣᠨ ᠰᠠᠷ᠎ᠠ ᠶᠢ ᠲᠠᠭᠯᠠᠨ | ᠪᠢᠴᠢᠬᠦ ᠶᠢᠨ ᠬᠠᠮᠲᠤ ︽ᠠᠵᠢᠯ ᠬᠦᠯᠢᠶᠡᠭᠰᠡᠨ︾ ᠭᠡᠵᠦ ᠲᠣᠳᠣᠷᠬᠠᠶᠢᠯᠠᠬᠤ ᠬᠡᠷᠡᠭᠲᠡᠢ᠃ | ︵3︶ ᠨᠡᠷ᠎ᠡ ᠮᠡᠳᠡᠭᠦᠯᠦᠭᠰᠡᠳ ᠲᠠᠭᠯᠠᠭᠰᠠᠨ ᠮᠡᠳᠡᠭᠡ ᠵᠠᠩᠭᠢ ᠨᠢᠭᠡᠪᠦᠷᠢ ᠪᠠᠨ ᠳᠠᠬᠢᠨ ᠳᠠᠪᠲᠠᠨ | ᠬᠠᠷᠭᠤᠭᠤᠯᠤᠭᠰᠠᠨ ᠤ ᠳᠠᠷᠠᠭ᠎ᠠ ᠴᠥᠮ ᠵᠥᠪ ᠣᠨᠣᠪᠴᠢᠲᠠᠶ ᠪᠤᠯ ᠲᠤᠰᠢᠶᠠᠨ᠎ᠠ ︵ᠨᠡᠷ᠎ᠡ ᠮᠡᠳᠡᠭᠦᠯᠦᠭᠰᠡᠳ ᠲᠤ | ᠣᠨᠴᠠᠭᠠᠶᠢᠯᠠᠨ ᠰᠠᠨᠠᠭᠤᠯᠬᠤ ᠨᠢ᠄ ᠣᠪᠣᠭ ᠨᠡᠷ᠎ᠡ ᠪᠠ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠲᠤᠰᠢᠶᠠᠭᠰᠠᠨ ᠤ | ᠳᠠᠷᠠᠭ᠎ᠠ ᠵᠠᠰᠠᠪᠤᠷᠢ ᠣᠷᠣᠭᠤᠯᠬᠤ ᠶᠢᠨ ᠠᠷᠭ᠎ᠠ ᠦᠭᠡᠢ᠂ ᠪᠤᠰᠤᠳ ᠮᠡᠳᠡᠭᠡ ᠵᠠᠩᠭᠢ ᠶᠢᠨ ᠬᠢᠷᠢ ᠬᠡᠮ ᠤᠨ ᠬᠢᠨᠠᠨ | ᠪᠠᠶᠢᠴᠠᠭᠠᠯᠲᠠ ᠶᠢ ᠪᠠᠲᠤᠯᠠᠭᠰᠠᠨ ᠤ ᠳᠠᠷᠠᠭ᠎ᠠ ᠴᠤ ᠵᠠᠰᠠᠪᠤᠷᠢ ᠣᠷᠣᠭᠤᠯᠬᠤ ᠶᠢᠨ ᠠᠷᠭ᠎ᠠ ᠦᠭᠡᠢ ᠪᠣᠯᠣᠨ᠎ᠠ︶᠃ ᠨᠡᠷ᠎ᠡ | ᠮᠡᠳᠡᠭᠦᠯᠦᠭᠰᠡᠳ ᠡᠷᠬᠡᠪᠰᠢ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠶᠢᠨ ᠦᠨᠡᠨ ᠪᠣᠳᠠᠲᠤ | ᠴᠢᠨᠠᠷ᠂ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠢ᠂ ᠬᠤᠳᠠᠯ ᠬᠠᠭᠤᠷᠮᠠᠭ | ᠮᠡᠳᠡᠭᠡ ᠵᠠᠩᠭᠢ ᠶᠢ ᠲᠠᠭᠯᠠᠨ ᠮᠡᠳᠡᠭᠦᠯᠦᠭᠰᠡᠨ ᠪᠤᠶᠤ ᠴᠢᠬᠤᠯᠠ ᠮᠡᠳᠡᠭᠡ ᠵᠠᠩᠭᠢ ᠶᠢ ᠨᠢᠭᠤᠨ ᠳᠠᠯᠳᠠᠯᠠᠭᠰᠠᠨ ᠦᠶᠯᠡ | ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠨᠡᠷ᠎ᠡ ᠮᠡᠳᠡᠭᠦᠯᠬᠦ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ | ᠬᠠᠮᠲᠤ ᠨᠡᠷ᠎ᠡ ᠮᠡᠳᠡᠭᠦᠯᠦᠭᠰᠡᠳ ᠤᠨ ᠢᠲᠡᠭᠡᠮᠵᠢ ᠶᠢᠨ ᠲᠠᠩᠰᠠ ᠡᠪᠬᠡᠮᠡᠯ ᠳᠤ ᠤᠷᠤᠭᠤᠯᠤᠨ᠎ᠠ᠃ ᠨᠡᠷ᠎ᠡ ᠮᠡᠳᠡᠭᠦᠯᠬᠦ ᠪᠠ | ᠰᠢᠯᠭᠠᠨ ᠦᠨᠡᠯᠡᠬᠦ ᠳᠤ ᠣᠷᠣᠯᠴᠠᠬᠤ ᠳᠤ ᠬᠡᠷᠡᠭᠯᠡᠬᠦ ᠦᠨᠡᠮᠯᠡᠯ ᠨᠢ ᠡᠷᠬᠡᠪᠰᠢ ᠨᠢᠭᠡᠳᠦᠯᠲᠡᠢ ᠪᠠᠶᠢᠬᠤ ᠬᠡᠷᠡᠭᠲᠡᠢ᠃ ᠨᠡᠷ᠎ᠡ | ᠮᠡᠳᠡᠭᠦᠯᠦᠭᠰᠡᠳ ᠤᠨ ᠨᠡᠷ᠎ᠡ ᠮᠡᠳᠡᠭᠦᠯᠬᠦ ᠦᠶ᠎ᠡ ᠳᠤ ᠬᠠᠩᠭᠠᠭᠰᠠᠨ ᠬᠤᠪᠢ ᠬᠥᠮᠥᠨ ᠤ ᠬᠠᠷᠢᠯᠴᠠᠬᠤ ᠠᠷᠭ᠎ᠠ ᠮᠠᠶ᠋ᠢᠭ ᠢ | ᠡᠯᠰᠡᠬᠦ ᠪᠥᠬᠦ ᠶᠠᠪᠤᠴᠠ ᠳᠤ ᠰᠠᠭᠠᠳ ᠦᠭᠡᠢ ᠪᠠᠶᠢᠯᠭᠠᠵᠤ᠂ ᠴᠢᠬᠤᠯᠠ ᠤᠴᠢᠷ ᠶᠠᠪᠤᠳᠠᠯ ᠢ ᠮᠡᠳᠡᠭᠳᠡᠬᠦ ᠳᠤ ᠲᠥᠬᠦᠮ | ᠪᠣᠯᠭᠠᠬᠤ ᠬᠡᠷᠡᠭᠲᠡᠢ᠃ | ︵4︶ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠲᠠᠭᠯᠠᠭᠰᠠᠨ ᠨᠢ ᠪᠦᠷᠢᠨ ᠪᠤᠰᠤ᠂ ᠵᠢᠷᠤᠮᠵᠢᠯ ᠦᠭᠡᠢ | ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠬᠢᠨᠠᠨ ᠪᠠᠶᠢᠴᠠᠭᠠᠵᠤ ᠪᠠᠲᠤᠯᠠᠬᠤ ᠦᠭᠡᠢ︔ ᠨᠡᠷ᠎ᠡ ᠮᠡᠳᠡᠭᠦᠯᠬᠦ ᠡᠴᠦᠰ ᠤᠨ | ᠬᠤᠭᠤᠴᠠᠭᠠᠨ ᠳᠤ ᠨᠡᠷ᠎ᠡ ᠮᠡᠳᠡᠭᠦᠯᠦᠭᠰᠡᠨ ᠦᠭᠡᠢ ᠪᠠᠶᠢᠪᠠᠯ ᠬᠦᠯᠢᠶᠡᠨ ᠠᠪᠬᠤ ᠦᠭᠡᠢ᠃ | 8. ᠲᠣᠰ ᠤᠳᠠᠭᠠᠨ ᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠵᠠᠷᠤᠳᠠᠯ 70 ᠲᠥᠭᠦᠷᠢᠭ ᠢ | ᠰᠢᠯᠭᠠᠭᠤᠯᠤᠭᠴᠢ ᠥᠪᠡᠰᠦᠪᠡᠨ ᠡᠭᠦᠷᠭᠡᠯᠡᠨ᠎ᠡ᠃ | ︵ᠭᠤᠷᠪᠠ︶ ᠪᠢᠷ ᠤᠨ ᠰᠢᠯᠭᠠᠯᠲᠠ | 1᠂ ᠪᠢᠷ ᠤᠨ ᠰᠢᠯᠭᠠᠯᠲᠠ ᠶᠢᠨ ᠡᠮᠦᠨ᠎ᠡ ᠬᠠᠭᠠᠰ ᠡᠳᠦᠷ ᠲᠤ ᠰᠦᠯᠵᠢᠶᠡᠨ ᠠᠴᠠ ᠭᠠᠳᠠᠭᠤᠷᠬᠢ ᠬᠢᠷᠢ | ᠬᠡᠮ ᠤᠨ ᠬᠢᠨᠠᠨ ᠪᠠᠶᠢᠴᠠᠭᠠᠯᠲᠠ ᠬᠢᠬᠦ ᠳᠤ᠂ ᠰᠢᠯᠭᠠᠭᠤᠯᠤᠭᠴᠢ ᠨᠡᠷ᠎ᠡ ᠮᠡᠳᠡᠭᠦᠯᠬᠦ ᠶᠠᠪᠤᠴᠠ ᠳᠤ ᠳᠠᠮᠵᠢᠭᠤᠯᠤᠭᠰᠠᠨ ᠪᠣᠶ | ᠪᠦᠬᠦᠢ ᠮᠠᠲ᠋ᠧᠷᠢᠶᠠᠯ ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠶᠢ ᠲᠣᠰ ᠲᠣᠰ ᠨᠢᠭᠡ ᠬᠤᠪᠢ ᠠᠪᠴᠤ ᠶᠠᠪᠤᠬᠤ | ᠬᠡᠷᠡᠭᠲᠡᠢ᠃ | 2᠂ ᠲᠣᠰ ᠤᠳᠠᠭᠠᠨ ᠤ ᠡᠯᠰᠡᠬᠦ ᠪᠢᠷ ᠤᠨ ᠰᠢᠯᠭᠠᠯᠲᠠ ︵ᠲᠣᠰ ᠤᠳᠠᠭᠠᠨ ᠤ ᠪᠢᠷ ᠤᠨ ᠰᠢᠯᠭᠠᠯᠲᠠ ᠳᠤ | ᠺᠣᠮᠫᠢᠦ᠋ᠲ᠋ᠧᠷ ᠢᠶᠠᠷ ᠰᠡᠳᠦᠪ ᠬᠠᠷᠢᠭᠤᠯᠬᠤ ᠶᠢ ᠱᠠᠭᠠᠷᠳᠠᠨ᠎ᠠ︶ ᠶᠢ ᠪᠢᠳᠡᠭᠦᠦ ᠰᠢᠯᠭᠠᠯᠲᠠ ᠶᠢᠨ ᠠᠷᠭ᠎ᠠ ᠪᠠᠷ | ᠶᠠᠪᠤᠭᠳᠠᠭᠤᠯᠤᠨ᠎ᠠ᠂ ᠪᠦᠷᠢᠨ ᠬᠤᠪᠢ ᠨᠢ 100 ᠬᠤᠪᠢ ᠪᠣᠯᠣᠨ᠎ᠠ᠃ ᠪᠢᠷ ᠤᠨ ᠰᠢᠯᠭᠠᠯᠲᠠ ᠳᠤ ᠵᠥᠪᠬᠡᠨ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠢᠯᠭᠠᠯᠲᠠ ᠶᠢᠨ ᠬᠠᠭᠤᠳᠠᠰᠤ ᠶᠢ ᠬᠠᠩᠭᠠᠨ᠎ᠠ᠃ | ᠰᠢᠯᠭᠠᠭᠤᠯᠤᠭᠴᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠠᠷᠢᠭᠤᠯᠲᠠ ᠥᠭᠬᠦ | ᠴᠢᠬᠤᠯᠠᠲᠠᠢ᠂ ᠲᠣᠭᠲᠠᠭᠠᠭᠰᠠᠨ ᠥᠰᠥᠭ ᠪᠢᠴᠢᠭ ᠢᠶᠠᠷ ᠬᠠᠷᠢᠭᠤᠯᠲᠠ ᠥᠭᠭᠦᠭᠰᠡᠨ ᠦᠭᠡᠢ ᠶᠢ ᠨᠢ ᠲᠡᠭ ᠬᠤᠪᠢ ᠪᠠᠷ | ᠰᠢᠢᠳᠪᠦᠷᠢᠯᠡᠨ᠎ᠡ᠃ | 3᠂ ᠰᠢᠯᠭᠠᠭᠤᠯᠤᠭᠴᠢ ᠨᠡᠷ᠎ᠡ ᠮᠡᠳᠡᠭᠦᠯᠬᠦ ᠰᠢᠰᠲ᠋ᠧᠮ ᠳᠤ ᠣᠷᠣᠵᠤ ᠪᠢᠷ ᠤᠨ ᠰᠢᠯᠭᠠᠯᠲᠠ ᠶᠢᠨ | ᠵᠥᠪᠰᠢᠶᠡᠷᠡᠯ ᠤᠨ ᠦᠨᠡᠮᠯᠡᠯ ᠢ ᠪᠠᠭᠤᠯᠭᠠᠨ ᠠᠪᠤᠨ᠎ᠠ᠃ | 4᠂ ᠪᠢᠷ ᠤᠨ ᠰᠢᠯᠭᠠᠯᠲᠠ ᠶᠢᠨ ᠴᠠᠭ ᠪᠠ ᠭᠠᠵᠠᠷ ᠢ ︽ᠪᠢᠷ ᠤᠨ ᠰᠢᠯᠭᠠᠯᠲᠠ ᠶᠢᠨ ᠰᠢᠯᠭᠠᠭᠤᠯᠬᠤ ᠦᠨᠡᠮᠯᠡᠯ︾ | ᠳᠤ ᠨᠠᠷᠢᠪᠴᠢᠯᠠᠨ ᠦᠵᠡ᠃ | ︵ᠳᠥᠷᠪᠡ︶ ᠨᠢᠭᠤᠷᠲᠠᠨ ᠰᠢᠯᠭᠠᠬᠤ | 1᠂ ᠨᠢᠭᠤᠷᠲᠠᠨ ᠰᠢᠯᠭᠠᠯᠲᠠ ᠳᠤ ᠣᠷᠣᠭᠰᠠᠳ ᠨᠡᠷ᠎ᠡ ᠮᠡᠳᠡᠭᠦᠯᠬᠦ ᠰᠢᠰᠲ᠋ᠧᠮ ᠳᠤ ᠣᠷᠣᠵᠤ ᠨᠢᠭᠤᠷᠲᠠᠨ | ᠰᠢᠯᠭᠠᠯᠲᠠ ᠶᠢᠨ ᠵᠥᠪᠰᠢᠶᠡᠷᠡᠯ ᠤᠨ ᠦᠨᠡᠮᠯᠡᠯ ᠢ ᠪᠠᠭᠤᠯᠭᠠᠵᠤ ᠠᠪᠤᠨ᠎ᠠ᠃ | 2᠂ ᠨᠢᠭᠤᠷᠲᠠᠨ ᠰᠢᠯᠭᠠᠯᠲᠠ ᠶᠢ ᠬᠠᠭᠠᠰ ᠪᠦᠲᠦᠴᠡ ᠳᠤ ᠨᠢᠭᠤᠷᠲᠠᠨ ᠰᠢᠯᠭᠠᠬᠤ ᠠᠷᠭ᠎ᠠ ᠪᠠᠷ | ᠶᠠᠪᠤᠭᠳᠠᠭᠤᠯᠤᠨ᠎ᠠ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢᠨ ᠪᠦᠷᠢᠨ ᠬᠤᠪᠢ 100 ᠬᠤᠪᠢ᠃ | 3᠂ ᠰᠢᠯᠭᠠᠭᠤᠯᠤᠭᠴᠢ ᠨᠢᠭᠤᠷᠲᠠᠨ ᠰᠢᠯᠭᠠᠬᠤ ᠳᠤ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠪᠠᠷ ᠬᠠᠷᠢᠭᠤᠯᠬᠤ ᠬᠡᠷᠡᠭᠲᠡᠢ᠂ ᠨᠢᠭᠤᠷᠲᠠᠨ ᠰᠢᠯᠭᠠᠬᠤ ᠦᠶ᠎ᠡ ᠳᠤ ᠲᠣᠭᠲᠠᠭᠠᠭᠰᠠᠨ ᠦᠭᠡ ᠬᠡᠯᠡ ᠪᠠᠷ | ᠬᠠᠷᠢᠭᠤᠯᠬᠤ ᠦᠭᠡᠢ ᠶᠢ ᠨᠢ ᠲᠡᠭ ᠬᠤᠪᠢ ᠪᠠᠷ ᠰᠢᠢᠳᠪᠦᠷᠢᠯᠡᠨ᠎ᠡ᠃ | 4᠂ ᠨᠢᠭᠤᠷᠲᠠᠨ ᠰᠢᠯᠭᠠᠬᠤ ᠴᠠᠭ ᠪᠠ ᠭᠠᠵᠠᠷ ᠢ ︽ᠨᠢᠭᠤᠷᠲᠠᠨ ᠰᠢᠯᠭᠠᠬᠤ ᠵᠥᠪᠰᠢᠶᠡᠷᠡᠯ ᠤᠨ ᠦᠨᠡᠮᠯᠡᠯ︾ | ᠳᠤ ᠨᠠᠷᠢᠪᠴᠢᠯᠠᠨ ᠦᠵᠡᠭᠡᠷᠡᠢ᠃ | 5᠂ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢ ᠵᠠᠭᠤᠨ ᠤ ᠬᠤᠪᠢ ᠶᠢᠨ ᠳᠦᠷᠢᠮ ᠢᠶᠠᠷ ᠪᠤᠳᠤᠨ᠎ᠠ ︵ | ᠳᠥᠷᠪᠡ ᠶᠢ ᠬᠠᠶᠠᠵᠤ ᠲᠠᠪᠤ ᠶᠢ ᠳᠡᠪᠰᠢᠭᠦᠯᠬᠦ ᠳᠤ ᠬᠤᠶᠠᠷ ᠠᠷᠪᠠᠲᠤ ᠶᠢᠨ ᠪᠤᠲᠠᠷᠬᠠᠢ ᠶᠢ ᠦᠯᠡᠳᠡᠭᠡᠨ᠎ᠡ︶᠂ ᠶᠡᠷᠦᠩᠬᠡᠢ | ᠬᠢᠷᠢ ᠪᠦᠲᠦᠮᠵᠢ = ᠪᠢᠷ ᠤᠨ ᠰᠢᠯᠭᠠᠯᠲᠠ ᠶᠢᠨ ᠬᠢᠷᠢ ᠪᠦᠲᠦᠮᠵᠢ ×50% + ᠨᠢᠭᠤᠷᠲᠠᠨ ᠰᠢᠯᠭᠠᠯᠲᠠ ᠶᠢᠨ | ᠬᠢᠷᠢ ᠪᠦᠲᠦᠮᠵᠢ ×50% ᠪᠣᠯᠣᠨ᠎ᠠ᠃ ᠪᠢᠷ ᠤᠨ ᠰᠢᠯᠭᠠᠯᠲᠠ ᠪᠠ ᠨᠢᠭᠤᠷᠲᠠᠨ ᠰᠢᠯᠭᠠᠯᠲᠠ ᠪᠦᠬᠦᠨ ᠢᠶᠠᠷ ᠢᠶᠠᠨ | ᠳᠠᠭᠤᠰᠤᠭᠰᠠᠨ ᠤ ᠳᠠᠷᠠᠭ᠎ᠠ ᠶᠡᠷᠦᠩᠬᠡᠢ ᠬᠢᠷᠢ ᠪᠦᠲᠦᠮᠵᠢ ᠶᠢᠨ ᠥᠨᠳᠥᠷ ᠠᠴᠠ ᠳᠣᠣᠷ᠎ᠠ ᠪᠣᠯᠬᠤ ᠲᠠᠰ ᠳᠠᠷᠠᠭᠠᠯᠠᠯ ᠢᠶᠠᠷ | ᠡᠯᠰᠡᠨ ᠬᠡᠷᠡᠭᠯᠡᠬᠦ ᠬᠥᠮᠥᠰ ᠢ ᠲᠣᠭᠲᠠᠭᠠᠨ᠎ᠠ︔ ᠬᠡᠷᠪᠡ ᠵᠠᠷᠢᠮ ᠬᠥᠮᠥᠨ ᠬᠠᠶᠠᠪᠠᠯ᠂ ᠶᠡᠷᠦᠩᠬᠡᠢ ᠬᠢᠷᠢ ᠪᠦᠲᠦᠮᠵᠢ ᠶᠢᠨ | ᠥᠨᠳᠥᠷ ᠠᠴᠠ ᠳᠣᠣᠷ᠎ᠠ ᠲᠠᠰ ᠳᠠᠷᠠᠭᠠᠯᠠᠯ ᠢᠶᠠᠷ ᠨᠥᠬᠦᠪᠦᠷᠢᠯᠡᠵᠦ ᠪᠣᠯᠣᠨ᠎ᠠ᠃ | ︵ᠲᠠᠪᠤ︶ ᠪᠡᠶ᠎ᠡ ᠶᠢᠨ ᠪᠠᠶᠢᠴᠠᠭᠠᠯᠲᠠ ᠬᠢᠭᠡᠳ ᠬᠢᠨᠠᠨ ᠰᠢᠯᠭᠠᠯᠲᠠ | 1᠂ ᠰᠢᠯᠭᠠᠯᠲᠠ ᠶᠢᠨ ᠬᠢᠷᠢ ᠪᠦᠲᠦᠮᠵᠢ ᠶᠢ ᠪᠤᠳᠤᠵᠤ ᠳᠠᠭᠤᠰᠤᠭᠰᠠᠨ ᠤ ᠳᠠᠷᠠᠭ᠎ᠠ᠂ ᠰᠢᠯᠭᠠᠯᠲᠠ ᠳᠤ ᠨᠡᠷ᠎ᠡ | ᠮᠡᠳᠡᠭᠦᠯᠦᠭᠰᠡᠳ ᠤᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢᠨ ᠥᠨᠳᠥᠷ ᠬᠤᠪᠢ ᠠᠴᠠ ᠳᠣᠣᠷ᠎ᠠ ᠬᠤᠪᠢ | ᠬᠦᠷᠲᠡᠯᠡᠬᠢ ᠲᠠᠰ ᠳᠠᠷᠠᠭᠠᠯᠠᠯ ᠪᠠ ᠡᠯᠰᠡᠬᠦ ᠪᠠᠷ ᠲᠥᠯᠥᠪᠯᠡᠭᠰᠡᠨ ᠬᠥᠮᠥᠨ ᠤ ᠲᠤᠭ᠎ᠠ ᠶᠢ ᠦᠨᠳᠦᠰᠦᠯᠡᠨ᠂ ᠪᠡᠶ᠎ᠡ ᠶᠢᠨ | ᠪᠠᠶᠢᠴᠠᠭᠠᠯᠲᠠ ᠪᠠ ᠬᠢᠨᠠᠨ ᠰᠢᠯᠭᠠᠯᠲᠠ ᠳᠤ ᠣᠷᠣᠯᠴᠠᠬᠤ ᠵᠢᠱᠢᠭᠳᠡᠭᠴᠢ ᠶᠢ ᠠᠳᠠᠯᠢ ᠲᠤᠭ᠎ᠠ ᠪᠠᠷ ᠲᠣᠭᠲᠠᠭᠠᠨ᠎ᠠ︔ | ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠪᠤᠶᠤ ᠪᠠᠷᠢᠮᠵᠢᠶ᠎ᠠ ᠶᠢ ᠡᠷᠡᠭᠦᠯ ᠮᠡᠨᠳᠦ ᠶᠢᠨ ᠪᠠᠶᠢᠴᠠᠭᠠᠯᠲᠠ ᠶᠢᠨ | ᠪᠠᠷᠢᠮᠵᠢᠶ᠎ᠠ ᠪᠠᠷ ᠯᠠᠪᠯᠠᠯᠲᠠ ᠪᠤᠯᠭᠠᠨ᠎ᠠ᠃ | 2᠂ ᠬᠢᠨᠠᠨ ᠰᠢᠯᠭᠠᠬᠤ ᠳᠤ ᠤᠬᠠᠮᠰᠠᠷ ᠴᠢᠳᠠᠪᠤᠷᠢ ᠶᠢ ᠬᠤᠣᠰᠯᠠᠭᠤᠯᠬᠤ ᠪᠠᠷᠢᠮᠵᠢᠶ᠎ᠠ ᠶᠢ ᠦᠨᠳᠦᠰᠦᠯᠡᠵᠦ᠂ | ᠤᠷᠢᠨ ᠬᠡᠷᠡᠭᠯᠡᠬᠦ ᠪᠠᠷ ᠪᠠᠶᠢᠭ᠎ᠠ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ ᠦᠨᠳᠦᠰᠦᠯᠡᠨ᠂ ᠣᠯᠠᠨ ᠵᠦᠢᠯ ᠤᠨ | ᠬᠡᠯᠪᠡᠷᠢ ᠮᠠᠶ᠋ᠢᠭ ᠢ ᠠᠪᠴᠤ᠂ ᠰᠢᠯᠭᠠᠨ ᠬᠢᠨᠠᠭᠳᠠᠬᠤ ᠡᠲᠡᠭᠡᠳ ᠤᠨ ᠤᠯᠤᠰ ᠲᠥᠷᠥ ᠦᠵᠡᠯ ᠰᠠᠨᠠᠭ᠎ᠠ᠂ ᠶᠣᠰᠣ ᠮᠣᠷᠠᠯ | ᠵᠠᠩ ᠴᠢᠨᠠᠷ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ᠂ ᠴᠢᠳᠠᠪᠤᠷᠢ ᠬᠡᠪ ᠴᠢᠨᠠᠷ᠂ ᠠᠵᠢᠯ ᠪᠤᠶᠤ ᠪᠣᠳᠠᠲᠠᠢ ᠢᠯᠡᠷᠡᠯ | ᠂ ᠬᠤᠪᠢ ᠬᠥᠮᠥᠨ ᠤ ᠦᠨᠡᠨᠴᠢ ᠢᠲᠡᠭᠡᠮᠵᠢ᠂ ᠨᠡᠷ᠎ᠡ ᠮᠡᠳᠡᠭᠦᠯᠬᠦ ᠬᠢᠷᠢ ᠬᠡᠮ ᠤᠨ ᠨᠥᠬᠦᠴᠡᠯ ᠤᠨ ᠦᠨᠡᠨ ᠪᠣᠳᠠᠲᠤ | ᠴᠢᠨᠠᠷ ᠵᠢᠴᠢ ᠵᠠᠶᠢᠯᠠᠬᠤ ᠴᠢᠬᠤᠯᠠᠲᠠᠢ ᠵᠡᠷᠭᠡ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠪᠢᠴᠢᠭ ᠢᠶᠠᠷ | ᠰᠢᠯᠭᠠᠨ ᠬᠢᠨᠠᠭᠰᠠᠨ ᠮᠡᠳᠡᠭᠦᠯᠦᠯᠲᠡ ᠬᠢᠵᠦ᠂ ᠰᠢᠶᠠᠨ ᠤ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯᠲᠤ | ᠰᠦᠯᠵᠢᠶᠡᠨ ᠤ ᠠᠵᠢᠯᠲᠠᠨ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ | ᠬᠢᠨᠠᠭᠤᠯᠬᠤ ᠬᠡᠷᠡᠭᠲᠡᠢ᠃ ᠰᠢᠯᠭᠠᠯᠲᠠ ᠳᠤ ᠨᠡᠷ᠎ᠡ ᠮᠡᠳᠡᠭᠦᠯᠦᠭᠰᠡᠳ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ | ᠦᠭᠡᠢ ᠪᠠᠶᠢᠪᠠᠯ᠂ ᠰᠢᠶᠠᠨ ᠤ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠡᠯᠰᠡᠬᠦ | ᠠᠵᠢᠯ ᠤᠨ ᠤᠳᠤᠷᠢᠳᠬᠤ ᠳᠤᠭᠤᠶᠢᠯᠠᠩ ᠠᠴᠠ ᠰᠤᠳᠤᠯᠤᠨ ᠲᠣᠭᠲᠠᠭᠠᠭᠰᠠᠨ ᠤ ᠳᠠᠷᠠᠭ᠎ᠠ᠂ ᠡᠯᠰᠡᠨ ᠬᠡᠷᠡᠭᠯᠡᠬᠦ ᠬᠢᠷᠢ | ᠬᠡᠮ ᠢ ᠨᠢ ᠬᠠᠰᠤᠨ᠎ᠠ᠃ ᠰᠢᠯᠭᠠᠨ ᠬᠢᠨᠠᠭᠳᠠᠬᠤ ᠡᠲᠡᠭᠡᠳ ᠨᠢ ᠡᠷᠬᠡ ᠪᠠᠨ ᠬᠠᠶᠠᠭᠰᠠᠨ ᠪᠤᠶᠤ ᠰᠢᠯᠭᠠᠨ ᠬᠢᠨᠠᠭᠠᠳ ᠬᠢᠷᠢ | ᠲᠡᠩᠴᠡᠭᠰᠡᠨ ᠦᠭᠡᠢ ᠪᠠᠶᠢᠪᠠᠯ᠂ ᠲᠠᠰ ᠳᠠᠷᠠᠭᠠᠯᠠᠨ ᠨᠥᠬᠦᠪᠦᠷᠢᠯᠡᠨ᠎ᠡ᠃ | ︵ᠵᠢᠷᠭᠤᠭ᠎ᠠ︶ ᠢᠯᠡ ᠨᠡᠶᠢᠲᠡᠯᠡᠬᠦ ᠪᠠ ᠡᠯᠰᠡᠨ ᠬᠡᠷᠡᠭᠯᠡᠬᠦ | 1᠂ ᠡᠯᠰᠡᠭᠳᠡᠬᠦ ᠪᠠᠷ ᠪᠠᠶᠢᠭ᠎ᠠ ᠬᠥᠮᠥᠰ ᠢ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶ᠎ᠡ ᠳᠤ ᠢᠯᠡ ᠨᠡᠶᠢᠲᠡᠯᠡᠨ᠎ᠡ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠨᠡᠶᠢᠭᠡᠮ ᠤᠨ ᠬᠢᠨᠠᠯᠲᠠ ᠲᠠᠯᠪᠢᠵᠤ | ᠢᠯᠡᠴᠢᠯᠡᠨ ᠮᠡᠳᠡᠭᠦᠯᠬᠦ ᠶᠢ ᠬᠦᠯᠢᠶᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠣᠨ᠎ᠠ᠃ ᠢᠯᠡᠴᠢᠯᠡᠨ | ᠮᠡᠳᠡᠭᠦᠯᠬᠦ ᠳᠤ ᠬᠢᠨᠠᠯᠲᠠ ᠲᠠᠯᠪᠢᠬᠤ ᠳᠠᠭᠠᠨ ᠦᠨᠡᠨ ᠨᠡᠷ᠎ᠡ ᠶᠢᠨ ᠳᠦᠷᠢᠮ ᠢ ᠬᠡᠷᠡᠭᠵᠢᠭᠦᠯᠵᠦ᠂ ᠦᠨᠡᠨ ᠬᠡᠷᠡᠭ ᠠᠴᠠ | ᠵᠥᠪ ᠢ ᠡᠷᠢᠬᠦ ᠣᠪᠣᠷ ᠢᠶᠠᠷ ᠠᠰᠠᠭᠤᠳᠠᠯ ᠢ ᠲᠤᠰᠬᠠᠬᠤ ᠶᠢᠨ ᠬᠠᠮᠲᠤ ᠴᠢᠬᠤᠯᠠ ᠪᠦᠬᠦᠢ ᠪᠠᠶᠢᠴᠠᠭᠠᠯᠲᠠ ᠶᠢᠨ | ᠰᠦᠪᠡᠭᠴᠢ ᠶᠢ ᠬᠠᠩᠭᠠᠨ᠎ᠠ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠦᠭᠦᠷᠴᠦ᠂ ᠠᠰᠠᠭᠤᠳᠠᠯ ᠦᠭᠡᠢ ᠪᠤᠶᠤ | ᠲᠤᠰᠬᠠᠭᠳᠠᠭᠰᠠᠨ ᠠᠰᠠᠭᠤᠳᠠᠯ ᠨᠢ ᠡᠯᠰᠡᠨ ᠬᠡᠷᠡᠭᠯᠡᠬᠦ ᠶᠢ ᠨᠥᠯᠥᠭᠡᠯᠡᠬᠦ ᠦᠭᠡᠢ ᠪᠠᠶᠢᠪᠠᠯ᠂ ᠬᠠᠮᠢᠶ᠎ᠠ ᠪᠦᠬᠦᠢ ᠭᠠᠷᠳᠠᠮ ᠢ | ᠭᠦᠢᠴᠡᠳᠬᠡᠨ᠎ᠡ︔ ᠡᠯᠰᠡᠨ ᠬᠡᠷᠡᠭᠯᠡᠬᠦ ᠳᠤ ᠨᠥᠯᠥᠭᠡ ᠲᠠᠢ ᠭᠡᠵᠦ ᠲᠤᠰᠬᠠᠭᠳᠠᠭᠰᠠᠨ ᠠᠰᠠᠭᠤᠳᠠᠯ ᠢ ᠪᠠᠶᠢᠴᠠᠭᠠᠬᠤ ᠶᠢᠨ | ᠬᠠᠮᠲᠤ ᠪᠣᠳᠠᠲᠤ ᠪᠠᠷᠢᠮᠲᠠ ᠲᠠᠢ ᠪᠠᠶᠢᠪᠠᠯ᠂ ᠡᠯᠰᠡᠨ ᠬᠡᠷᠡᠭᠯᠡᠬᠦ ᠬᠢᠷᠢ ᠬᠡᠮ ᠢ ᠨᠢ ᠬᠠᠰᠤᠵᠤ᠂ ᠵᠣᠬᠢᠴᠠᠩᠭᠤᠢ | ᠵᠢᠷᠤᠮ ᠢᠶᠠᠷ ᠳᠠᠷᠠᠭᠠᠯᠠᠨ ᠨᠥᠬᠦᠪᠦᠷᠢᠯᠡᠨ᠎ᠡ︔ ᠲᠤᠰᠬᠠᠭᠳᠠᠭᠰᠠᠨ ᠠᠰᠠᠭᠤᠳᠠᠯ ᠢ ᠲᠦᠷ ᠴᠠᠭ ᠪᠠᠶᠢᠴᠠᠭᠠᠨ | ᠲᠣᠳᠣᠯᠠᠬᠤ ᠳᠤ ᠪᠡᠷᠬᠡᠲᠡᠢ ᠪᠤᠶᠤ ᠦᠭᠡᠶᠢᠰᠬᠡᠬᠦ ᠳᠤ ᠪᠡᠷᠬᠡᠲᠡᠢ ᠪᠠᠶᠢᠪᠠᠯ᠂ ᠡᠯᠰᠡᠨ ᠬᠡᠷᠡᠭᠯᠡᠬᠦ ᠶᠢ ᠲᠦᠷ | ᠬᠤᠶᠢᠰᠢᠯᠠᠭᠤᠯᠵᠤ᠂ ᠪᠠᠶᠢᠴᠠᠭᠠᠨ ᠲᠣᠳᠣᠯᠠᠬᠤ ᠶᠢᠨ ᠬᠠᠮᠲᠤ ᠳ᠋ᠦᠩᠨᠡᠯᠲᠡ ᠭᠠᠷᠭᠠᠭᠰᠠᠨ ᠤ ᠲᠠᠷᠠᠭ᠎ᠠ ᠰᠠᠶ᠋ᠢ ᠡᠯᠰᠡᠨ | ᠬᠡᠷᠡᠭᠯᠡᠬᠦ ᠡᠰᠡᠬᠦ ᠪᠠᠨ ᠲᠣᠭᠲᠠᠭᠠᠨ᠎ᠠ᠃ | 2᠂ ᠡᠯᠰᠡᠨ ᠬᠡᠷᠡᠭᠯᠡᠬᠦ ᠪᠠᠷ ᠪᠠᠶᠢᠭ᠎ᠠ ᠬᠥᠮᠥᠰ ᠢ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠬᠦ | ᠬᠡᠷᠡᠭᠲᠡᠢ᠂ ᠡᠰᠡ ᠲᠡᠭᠡᠪᠡᠯ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃ | 3᠂ ᠨᠢᠭᠡᠴᠢ ᠪᠤᠶᠤ ᠠᠵᠤ ᠠᠬᠤᠶᠢᠯᠠᠯ ᠲᠠᠢ ᠬᠥᠳᠡᠯᠮᠦᠷᠢ ᠶᠢᠨ ᠭᠡᠷ᠎ᠡ ᠲᠣᠭᠲᠠᠭᠠᠭᠠᠳ ᠬᠠᠷᠠᠬᠠᠨ ᠭᠡᠷ᠎ᠡ ᠶᠢᠨ | ᠬᠤᠭᠤᠴᠠᠭᠠᠨ ᠳᠤ ᠪᠠᠶᠢᠬᠤ ᠡᠯᠰᠡᠨ ᠬᠡᠷᠡᠭᠯᠡᠬᠦ ᠭᠡᠵᠦ ᠪᠠᠶᠢᠭ᠎ᠠ ᠬᠥᠮᠥᠰ ᠢ ᠬᠡᠷᠪᠡ ᠤᠤᠯ ᠤᠨ ᠪᠠᠶᠢᠭᠰᠠᠨ ᠨᠢᠭᠡᠴᠢ ᠨᠢ | ᠲᠡᠭᠦᠨ ᠲᠠᠢ ᠬᠥᠳᠡᠯᠮᠦᠷᠢ ᠶᠢᠨ ᠭᠡᠷ᠎ᠡ ᠪᠠᠨ ᠴᠤᠴᠠᠯᠬᠤ ᠶᠢ ᠵᠥᠪᠰᠢᠶᠡᠷᠡᠬᠦ ᠦᠭᠡᠢ ᠪᠠᠶᠢᠪᠠᠯ᠂ ᠡᠯᠰᠡᠨ ᠬᠡᠷᠡᠭᠯᠡᠬᠦ ᠬᠢᠷᠢ | ᠬᠡᠮ ᠢ ᠨᠢ ᠬᠠᠰᠤᠨ᠎ᠠ᠃ | 4᠂ ᠡᠯᠰᠡᠭᠳᠡᠭᠰᠡᠨ ᠬᠥᠮᠥᠰ ᠲᠤ ᠲᠤᠷᠰᠢᠨ ᠬᠡᠷᠡᠭᠯᠡᠬᠦ ᠬᠤᠭᠤᠴᠠᠭ᠎ᠠ ᠶᠢᠨ ᠳᠦᠷᠢᠮ ᠢ ᠲᠣᠭᠲᠠᠭᠠᠯ ᠶᠣᠰᠣᠭᠠᠷ | ᠬᠡᠷᠡᠭᠵᠢᠭᠦᠯᠵᠦ᠂ ᠲᠤᠷᠰᠢᠨ ᠬᠡᠷᠡᠭᠯᠡᠬᠦ ᠬᠤᠭᠤᠴᠠᠭ᠎ᠠ ᠶᠢ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ | ᠬᠡᠷᠡᠭᠵᠢᠭᠦᠯᠦᠨ᠎ᠡ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳ ᠬᠢᠷᠢ ᠲᠡᠩᠴᠡᠪᠡᠯ ᠵᠢᠩᠬᠢᠨᠢ ᠪᠠᠷ ᠡᠯᠰᠡᠵᠦ | ᠬᠡᠷᠡᠭᠯᠡᠨ᠎ᠡ︔ ᠬᠢᠷᠢ ᠲᠡᠩᠴᠡᠬᠦ ᠤᠶᠢᠭᠡᠢ ᠪᠣᠯ ᠡᠯᠰᠡᠵᠦ ᠬᠡᠷᠡᠭᠯᠡᠬᠦ ᠶᠢ ᠨᠢ ᠬᠦᠴᠦᠨ ᠤᠶᠢᠭᠡᠢ ᠪᠣᠯᠭᠠᠨ᠎ᠠ᠃ | ᠲᠠᠪᠤ᠂ ᠡᠯᠰᠡᠨ ᠬᠡᠷᠡᠭᠯᠡᠬᠦ ᠭᠠᠷ ᠭᠦᠢᠴᠡᠳᠬᠡᠯ ᠬᠢᠭᠡᠳ ᠬᠠᠷᠠᠭᠠᠯᠵᠠᠯ | ︵ᠨᠢᠭᠡ︶ ᠡᠯᠰᠡᠨ ᠬᠡᠷᠡᠭᠯᠡᠬᠦ ᠬᠥᠮᠥᠰ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠴᠤ᠂ | ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳ ᠬᠢᠷᠢ ᠲᠡᠩᠴᠡᠪᠡᠯ ᠵᠢᠩᠬᠢᠨᠢ ᠪᠠᠷ ᠡᠯᠰᠡᠨ ᠬᠡᠷᠡᠭᠯᠡᠵᠦ᠂ ᠪᠠᠯᠭᠠᠰᠤ | ︵ᠲᠥᠪ︶ ᠲᠠᠢ ᠬᠤᠯᠪᠣᠭᠳᠠᠬᠤ ᠠᠵᠢᠯ ᠳᠤ ᠣᠷᠣᠬᠤ ᠭᠠᠷ ᠭᠦᠢᠴᠡᠳᠬᠡᠯ ᠢ ᠭᠦᠢᠴᠡᠳᠬᠡᠨ᠎ᠡ᠃ | ︵ᠬᠤᠶᠠᠷ︶ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠡᠯᠰᠡᠨ ᠬᠡᠷᠡᠭᠯᠡᠬᠦ ᠠᠵᠢᠯᠲᠠᠨ ᠤ ᠲᠤᠷᠰᠢᠨ ᠬᠡᠷᠡᠭᠯᠡᠬᠦ | ᠬᠤᠭᠤᠴᠠᠭ᠎ᠠ ᠨᠢ 3 ᠰᠠᠷ᠎ᠠ᠂ ᠲᠤᠷᠰᠢᠨ ᠬᠡᠷᠡᠭᠯᠡᠬᠦ ᠬᠤᠭᠤᠴᠠᠭᠠᠨ ᠤ ᠨᠥᠬᠦᠪᠦᠷᠢ ᠨᠢ ᠰᠠᠷ᠎ᠠ ᠪᠦᠷᠢ 2000 | ᠲᠥᠭᠦᠷᠢᠭ ᠪᠣᠯᠣᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳ ᠬᠢᠷᠢ ᠲᠡᠩᠴᠡᠭᠰᠡᠨ ᠪᠠᠶᠢᠪᠠᠯ᠂ | ᠠᠵᠢᠯ ᠤᠨ ᠨᠥᠬᠦᠪᠦᠷᠢ ᠶᠢ ︽ᠲᠣᠥᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠶᠢᠨ | ᠲᠣᠭᠲᠠᠭᠠᠯ ᠶᠣᠰᠣᠭᠠᠷ᠂ ᠨᠡᠶᠢᠭᠡᠮ ᠲᠣᠭᠤᠷᠢᠭ ᠤᠨ ᠠᠵᠢᠯᠲᠠᠨ ᠤ ︽ᠭᠤᠷᠪᠠᠨ ᠠᠵᠢᠯ ᠤᠨ ᠪᠠᠶᠢᠷᠢ ᠠᠷᠪᠠᠨ | ᠨᠠᠢᠮᠠᠳᠤᠭᠠᠷ ᠲᠠᠰ︾ ᠤᠨ ᠳᠣᠲᠣᠷᠠᠬᠢ ︽ᠪᠤᠰᠤᠳ ᠠᠵᠢᠯᠲᠠᠨ︾ ᠤ ᠠᠵᠢᠯ ᠤᠨ ᠪᠠᠶᠢᠷᠢ ᠶᠢᠨ ᠲᠠᠰ ᠢᠶᠠᠷ ᠯᠠᠪᠯᠠᠯᠲᠠ | ᠪᠣᠯᠭᠠᠨ 1 ︱ 12 ᠲᠠᠰ ᠲᠣᠬᠢᠷᠠᠭᠤᠯᠵᠤ᠂ ᠨᠥᠬᠦᠪᠦᠷᠢ ᠶᠢᠨ ᠪᠠᠷᠢᠮᠵᠢᠶ᠎ᠠ ᠶᠢ ᠨᠡᠶᠢᠭᠡᠮ ᠲᠣᠭᠤᠷᠢᠭ ᠤᠨ | ᠠᠵᠢᠯᠲᠠᠨ ᠤ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠲᠠᠪᠤᠨ | ᠲᠥᠷᠥᠯ ᠤᠨ ᠳᠠᠭᠠᠳᠬᠠᠯ ᠤᠨ ᠵᠠᠷᠤᠳᠠᠯ ᠢ ᠪᠦᠬᠦᠨ ᠢ ᠬᠤᠪᠢ ᠬᠥᠮᠥᠨ ᠤ ᠨᠥᠬᠦᠪᠦᠷᠢ ᠶᠢᠨ ᠳᠣᠲᠣᠷ᠎ᠠ ᠠᠴᠠ | ᠰᠠᠭᠤᠯᠭᠠᠨ ᠠᠪᠴᠤ ᠲᠤᠰᠢᠶᠠᠨ᠎ᠠ︔ ᠬᠢᠷᠢ ᠲᠡᠩᠴᠡᠭᠰᠡᠨ ᠦᠭᠡᠢ ᠪᠠᠶᠢᠪᠠᠯ᠂ ᠬᠠᠤᠯᠢ ᠶᠣᠰᠣᠭᠠᠷ ᠬᠥᠳᠡᠯᠮᠦᠷᠢ ᠶᠢᠨ | ᠭᠡᠷ᠎ᠡ ᠶᠢ ᠬᠦᠴᠦᠨ ᠦᠭᠡᠢ ᠪᠣᠯᠭᠠᠬᠤ ᠪᠤᠶᠤ ᠡᠯᠰᠡᠨ ᠬᠡᠷᠡᠭᠯᠡᠬᠦ ᠬᠡᠯᠡᠯᠴᠡᠭᠡᠷ ᠢ ᠳᠠᠭᠤᠰᠬᠠᠨ᠎ᠠ᠃ | ᠵᠢᠷᠭᠤᠭ᠎ᠠ᠂ ᠡᠯᠰᠡᠨ ᠬᠡᠷᠡᠭᠯᠡᠬᠦ ᠠᠵᠢᠯ ᠤᠨ ᠰᠠᠬᠢᠯᠭ᠎ᠠ ᠪᠠᠲᠤ ᠵᠢᠴᠢ ᠨᠡᠷ᠎ᠡ ᠮᠡᠳᠡᠭᠦᠯᠦᠭᠰᠡᠳ ᠤᠨ | ᠰᠢᠯᠭᠠᠯᠲᠠ ᠶᠢᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ᠎ᠠ᠃ | | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |