ᠲᠣᠭᠲᠠᠬᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ 2024 ᠣᠨ ᠤ ᠬᠠᠪᠤᠷ ᠤᠨ ᠤᠯᠠᠷᠢᠯ ᠤᠨ ᠠᠩᠭᠢ ᠶᠢᠨ ᠰᠤᠷᠤᠯᠭ᠎ᠠ ᠡᠬᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/14
      ᠲᠣᠭᠲᠠᠬᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠨᠢᠭᠡᠨᠲᠡ ᠰᠤᠷᠤᠯᠭ᠎ᠠ ᠡᠬᠢᠯᠡᠬᠦ ᠪᠡᠯᠡᠳᠬᠡᠯ ᠪᠠ ᠵᠢᠭᠠᠨ ᠰᠤᠷᠭᠠᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠷᠭᠢᠯᠤᠮ᠎ᠠ ᠬᠠᠯᠠᠭᠤᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠶᠢ ᠤᠭᠲᠤᠵᠤ ᠪᠠᠶᠢᠨ᠎ᠠ᠃ ᠤᠳᠤ ᠰᠤᠷᠭᠠᠭᠤᠯᠢ ᠡᠬᠢᠯᠡᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠨᠥᠬᠦᠵᠦ ᠡᠯᠰᠡᠬᠦ ᠠᠵᠢᠯ      1᠂ ᠰᠣᠷᠣᠭᠴᠢ ᠡᠯᠰᠡᠬᠦ ᠡᠲᠡᠭᠡᠳ᠄ 50 ︱ 80 ᠨᠠᠰᠤᠨ ᠤ ᠠᠵᠢᠯ   ᠠᠴᠠ ᠪᠠᠨ ᠠᠮᠠᠷᠠᠭᠰᠠᠨ ᠺᠠᠳ᠋ᠷ ᠠᠵᠢᠯᠲᠠᠨ ᠠᠵᠢᠯᠴᠢᠨ ᠪᠤᠶᠤ ᠨᠡᠶᠢᠭᠡᠮ ᠤᠨ ᠳᠤᠮᠳᠠ ᠨᠠᠰᠤᠨ ᠤ ᠬᠥᠮᠥᠰ᠃ ᠪᠦᠬᠦᠯᠢ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠲᠥᠷᠥᠯ ᠰᠠᠳᠤᠨ ᠨᠢ ᠰᠤᠷᠭᠠᠭᠤᠯᠢ ᠳᠤ ᠣᠴᠢᠵᠤ ︽ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠭᠰᠠᠨ ᠤ ᠳᠠᠷᠠᠭ᠎ᠠ ᠰᠠᠶ᠋ᠢ ᠰᠤᠷᠭᠠᠭᠤᠯᠢ ᠳᠤ ᠣᠷᠣᠵᠤ ᠪᠣᠯᠣᠨ᠎ᠠ᠃ ᠮᠡᠳᠡᠷᠡᠯ ᠤᠨ ᠲᠥᠷᠥᠯ᠂ ᠬᠠᠯᠳᠠᠪᠤᠷᠢᠲᠤ  ᠡᠪᠡᠳᠴᠢᠨ ᠲᠠᠢ ᠬᠥᠮᠥᠰ ᠤᠨ ᠨᠡᠷ᠎ᠡ ᠮᠡᠳᠡᠭᠦᠯᠬᠦ ᠶᠢ ᠬᠦᠯᠢᠶᠡᠬᠦ ᠦᠭᠡᠢ︔      2᠂ ᠨᠥᠬᠦᠨ ᠡᠯᠰᠡᠬᠦ ᠠᠩᠭᠢ᠄ ᠴᠠᠭᠠᠰᠤᠨ ᠬᠠᠶᠢᠴᠢᠯᠠᠮᠠᠯ ᠤᠨ ᠠᠩᠭᠢ᠂ ᠤᠷᠠᠨ ᠵᠢᠷᠤᠭ ᠤᠨ ᠠᠩᠭᠢ᠂ ᠬᠠᠭᠰᠠᠭ᠎ᠠ ᠪᠤᠤᠪᠤ ᠶᠢᠨ ᠠᠩᠭᠢ᠂ ᠬᠤᠶᠠᠷ ᠤᠲᠠᠰᠤᠲᠤ ᠬᠤᠭᠤᠷ ᠤᠨ ᠠᠩᠭᠢ ︵ᠥᠪᠡᠷ ᠢᠶᠠᠨ ᠬᠤᠶᠠᠷ ᠤᠲᠠᠰᠤᠲᠤ ᠬᠤᠭᠤᠷ ᠠᠪᠴᠤ ᠶᠠᠪᠤᠬᠤ ᠬᠡᠷᠡᠭᠲᠡᠢ︶᠂ ᠠᠩᠭᠢ ᠪᠦᠷᠢ ᠳᠤ 30 ᠬᠥᠮᠥᠨ ᠤ ᠨᠡᠷ᠎ᠡ ᠮᠡᠳᠡᠭᠦᠯᠪᠡᠯ ᠳᠠᠷᠤᠢ ᠵᠣᠭᠰᠣᠨ᠎ᠠ      ᠬᠤᠶᠠᠷ᠂ ᠨᠡᠷ᠎ᠡ ᠮᠡᠳᠡᠭᠦᠯᠬᠦ ᠴᠠᠭ ᠪᠠ ᠭᠠᠵᠠᠷ      1᠂ ᠨᠡᠷ᠎ᠡ ᠮᠡᠳᠡᠭᠦᠯᠬᠦ ᠴᠠᠭ᠄ ᠲᠣᠰ ᠡᠳᠦᠷ ᠠᠴᠠ ᠡᠬᠢᠯᠡᠨ 2024 ᠣᠨ ᠤ 3 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9 ᠴᠠᠭ ᠠᠴᠠ 12 ᠴᠠᠭ᠂ ᠦᠳᠡ ᠶᠢᠨ ᠬᠤᠶᠢᠨᠠᠬᠢ 2 ᠴᠠᠭ ᠬᠠᠭᠠᠰ ᠠᠴᠠ 5 ᠴᠠᠭ ᠬᠠᠭᠠᠰ ᠬᠦᠷᠲᠡᠯ᠎ᠡ︶      2᠂ ᠨᠡᠷ᠎ᠡ ᠮᠡᠳᠡᠭᠦᠯᠬᠦ ᠭᠠᠵᠠᠷ᠄ ᠸᠠᠨ ᠹᠦ᠋ ᠳ᠋ᠦ᠋ ᠾᠦᠢ ᠵᠡᠭᠦᠨ ᠡᠭᠦᠳᠡᠨ ᠤ ᠡᠰᠡᠷᠭᠦ ᠲᠠᠯ᠎ᠠ ᠶᠢᠨ ᠸᠠᠩ ᠮᠢᠨ ᠰᠢᠳᠦᠨ ᠤ ᠡᠮᠨᠡᠯᠭᠡ ᠶᠢᠨ ᠠᠰᠠᠷ ᠳᠡᠭᠡᠷᠡᠬᠢ 403 ᠥᠷᠥᠭᠡ︔      3᠂ ᠰᠢᠨ᠎ᠡ ᠰᠣᠷᠣᠭᠴᠢ ᠨᠡᠷ᠎ᠡ ᠮᠡᠳᠡᠭᠦᠯᠬᠦ ᠳᠡᠭᠡᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠂ ᠬᠠᠭᠤᠯᠪᠤᠷᠢ ᠮᠠᠲ᠋ᠧᠷᠢᠶᠠᠯ ᠪᠠ ᠬᠤᠶᠠᠷ ᠢᠮᠠᠬᠤ ᠶᠢᠨ ᠬᠥᠬᠡ ᠳᠡᠪᠢᠰᠬᠡᠷ ᠲᠠᠢ ᠬᠡᠷᠡᠯ ᠵᠢᠷᠤᠭ ᠢᠶᠠᠨ ᠠᠪᠴᠤ ᠶᠠᠪᠤᠬᠤ ᠬᠡᠷᠡᠭᠲᠡᠢ᠃      ᠭᠤᠷᠪᠠ᠂ ᠨᠡᠷ᠎ᠡ ᠮᠡᠳᠡᠭᠦᠯᠬᠦ ᠬᠠᠮᠢᠶ᠎ᠠ ᠪᠦᠬᠦᠢ ᠤᠴᠢᠷ      1᠂ ᠬᠢᠴᠢᠶᠡᠯ ᠪᠦᠷᠢ ᠶᠢᠨ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠰᠤᠷᠤᠯᠭ᠎ᠠ ᠶᠢᠨ ᠰᠦᠢᠳᠬᠡᠯ 100 ᠲᠥᠭᠦᠷᠢᠭ ︵ᠪᠡᠯᠡᠨ ᠵᠣᠭᠤᠰ︶᠂ ᠰᠣᠷᠣᠭᠴᠢ ᠨᠢᠭᠡᠪᠦᠷᠢ ᠶᠢᠨ ᠰᠤᠷᠤᠯᠭ᠎ᠠ ᠶᠢᠨ ᠬᠤᠭᠤᠴᠠᠭ᠎ᠠ ᠪᠦᠷᠢ ᠶᠢ 2 ᠬᠢᠴᠢᠶᠡᠯ ᠮᠡᠳᠡᠭᠦᠯᠦᠨ᠎ᠡ︔      2᠂ ᠨᠡᠷ᠎ᠡ ᠮᠡᠳᠡᠭᠦᠯᠵᠦ ᠰᠦᠢᠳᠬᠡᠯ ᠲᠤᠰᠢᠶᠠᠬᠤ ᠳᠠᠭᠠᠨ ᠪᠣᠯᠭᠤᠮᠵᠢᠲᠠᠢ ᠪᠠᠶᠢᠬᠤ ᠬᠡᠷᠡᠭᠲᠡᠢ᠃ ᠨᠡᠷ᠎ᠡ ᠮᠡᠳᠡᠭᠦᠯᠬᠦ ᠳᠤ ᠲᠣᠰ ᠬᠥᠮᠥᠨ ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠬᠦ ᠬᠡᠷᠡᠭᠲᠡᠢ᠂ ᠪᠤᠰᠤᠳ ᠬᠥᠮᠥᠨ ᠢᠶᠠᠷ ᠨᠡᠷ᠎ᠡ ᠮᠡᠳᠡᠭᠦᠯᠵᠦ ᠪᠣᠯᠬᠤ ᠦᠭᠡᠢ᠃ ᠰᠦᠢᠳᠬᠡᠯ ᠲᠤᠰᠢᠶᠠᠮᠠᠭᠴᠠ ᠰᠤᠷᠤᠯᠭ᠎ᠠ ᠶᠢᠨ ᠰᠦᠢᠳᠬᠡᠯ ᠢ ᠰᠢᠶᠠᠨ ᠤ ᠡᠳ᠋ ᠤᠨ ᠵᠠᠰᠠᠭ ᠤᠨ ᠲᠤᠰᠬᠠᠢ ᠳᠠᠩᠰᠠᠨ ᠳᠤ ᠣᠷᠣᠭᠤᠯᠤᠨ᠎ᠠ᠃ ᠵᠠᠷᠤᠳᠠᠯ ᠲᠤᠰᠢᠶᠠᠭᠰᠠᠨ ᠤ ᠳᠠᠷᠠᠭ᠎ᠠ ᠵᠠᠷᠤᠳᠠᠯ ᠢ ᠪᠤᠴᠠᠭᠠᠬᠤ ᠦᠭᠡᠢ᠂ ᠡᠭᠡᠯᠵᠢ ᠰᠣᠯᠢᠬᠤ ᠦᠭᠡᠢ︔      3᠂ ᠠᠰᠠᠭᠤᠨ ᠯᠠᠪᠯᠠᠬᠤ ᠤᠲᠠᠰᠤ᠄ 0471 ︱ 8554388 8510334᠃      ᠳᠥᠷᠪᠡ᠂ ᠠᠩᠬᠠᠷᠬᠤ ᠵᠦᠢᠯ      3 ᠳ᠋ᠤᠭᠠᠷ ᠰᠠᠷ᠎ᠠ ᠶᠢᠨ 21 ᠤ ᠡᠳᠦᠷ ᠵᠢᠩᠬᠢᠨᠢ ᠬᠢᠴᠢᠶᠡᠯ ᠡᠬᠢᠯᠡᠨ᠎ᠡ᠃ ᠡᠯ᠎ᠡ ᠠᠩᠭᠢ ᠶᠢᠨ ᠬᠢᠨ ︽ᠲᠣᠭᠲᠠᠬᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠬᠢᠴᠢᠶᠡᠯ ᠤᠨ ᠬᠦᠰᠦᠨᠦᠭᠲᠦ︾ ᠶᠢᠨ ᠴᠠᠭ᠂ ᠭᠠᠵᠠᠷ ᠢᠶᠠᠷ ᠬᠢᠴᠢᠶᠡᠯ ᠣᠷᠣᠨ᠎ᠠ᠃ ᠤᠴᠢᠷ ᠲᠠᠢ ᠪᠣᠯ ᠤᠷᠢᠳᠠᠪᠠᠷ ᠠᠩᠭᠢ ᠶᠢᠨ ᠡᠷᠬᠢᠯᠡᠭᠴᠢ ᠠᠴᠠ ᠴᠢᠯᠦᠭᠡ ᠭᠤᠶᠤᠬᠤ ᠬᠡᠷᠡᠭᠲᠡᠢ᠃      ᠳᠠᠭᠠᠯᠳᠤᠭᠤᠯᠤᠯ᠄ ︽ᠲᠣᠭᠲᠠᠬᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠬᠢᠴᠢᠶᠡᠯ ᠤᠨ ᠬᠦᠰᠦᠨᠦᠭᠲᠦ︾       ᠲᠣᠭᠲᠠᠬᠤ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ       2024 ᠣᠨ ᠤ 3 ᠳ᠋ᠤᠭᠠᠷ ᠰᠠᠷ᠎ᠠ ᠶᠢᠨ 13 ᠤ ᠡᠳᠦᠷ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1