ᠲᠣᠭᠲᠠᠬᠤ ᠰᠢᠶᠠᠨ᠄ ᠲᠣᠭᠲᠠᠬᠤ ᠰᠢᠶᠠᠨ ᠤ 2024 ᠣᠨ ᠤ ᠳᠡᠭᠡᠷ᠎ᠡ ᠬᠠᠭᠠᠰ ᠵᠢᠯ ᠳᠤ ᠰᠢᠨ᠎ᠡ ᠴᠡᠷᠢᠭ ᠢ ᠦᠳᠡᠨ ᠮᠣᠷᠳᠠᠭᠤᠯᠬᠤ ᠬᠤᠷᠠᠯ ᠠᠮᠵᠢᠯᠳᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/3/18
      3 ᠳ᠋ᠤᠭᠠᠷ ᠰᠠᠷ᠎ᠠ ᠶᠢᠨ 15  ᠤ ᠦᠳᠡ ᠶᠢᠨ ᠡᠮᠦᠨ᠎ᠡ᠂ ᠲᠣᠭᠲᠠᠬᠤ ᠰᠢᠶᠠᠨ ᠤ 2024 ᠣᠨ ᠤ ᠳᠡᠭᠡᠷ᠎ᠡ ᠬᠠᠭᠠᠰ ᠵᠢᠯ ᠳᠤ ᠰᠢᠨ᠎ᠡ ᠴᠡᠷᠢᠭ ᠢ ᠦᠳᠡᠨ ᠮᠣᠷᠳᠠᠭᠤᠯᠬᠤ ᠬᠤᠷᠠᠯ ᠮᠠᠨ ᠤ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠶᠠᠪᠤᠭᠳᠠᠪᠠ᠃      ᠰᠢᠨ᠎ᠡ ᠴᠡᠷᠢᠭ ᠤᠳ ᠴᠡᠷᠢᠭ ᠤᠨ ᠬᠤᠪᠴᠠᠰᠤ ᠡᠮᠦᠰᠦᠨ᠂ ᠡᠩᠭᠡᠷ ᠳᠡᠭᠡᠷ᠎ᠡ ᠪᠠᠨ ᠤᠯᠠᠭᠠᠨ ᠴᠡᠴᠡᠭ ᠵᠡᠭᠦᠵᠦ᠂ ᠮᠥᠷᠥᠨ ᠳᠡᠭᠡᠷ᠎ᠡ ᠪᠠᠨ ᠪᠦᠴᠡ ᠨᠥᠮᠥᠷᠴᠦ᠂ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠲᠠᠢ ᠪᠠᠶᠢᠯ᠎ᠠ᠃ ᠦᠳᠡᠨ ᠮᠣᠷᠳᠠᠭᠤᠯᠬᠤ ᠶᠣᠰᠣᠯᠠᠯ ᠳᠡᠭᠡᠷ᠎ᠡ᠂ ᠮᠠᠨ ᠤ ᠰᠢᠶᠠᠨ ᠤ ᠤᠳᠤᠷᠢᠳᠤᠯᠭ᠎ᠠ ᠢᠷᠠᠭᠤ ᠠᠯᠳᠠᠷᠲᠠᠢ ᠪᠠᠷ ᠴᠡᠷᠢᠭ ᠲᠤ ᠡᠯᠰᠡᠭᠳᠡᠭᠰᠡᠨ ᠪᠦᠬᠦ ᠰᠢᠨ᠎ᠡ ᠴᠡᠷᠢᠭ ᠲᠤ ᠬᠠᠯᠠᠭᠤᠨ ᠪᠠᠶᠠᠷ ᠬᠦᠷᠭᠡᠵᠦ᠂ ᠬᠦᠦ ᠪᠠᠨ ᠢᠳᠡᠪᠬᠢᠲᠡᠢ ᠪᠠᠷ ᠴᠡᠷᠢᠭ ᠲᠤ ᠬᠦᠷᠭᠡᠭᠰᠡᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠭᠰᠡᠨ ᠰᠢᠨ᠎ᠡ ᠴᠡᠷᠢᠭ ᠤᠨ ᠭᠡᠷ ᠤᠨ ᠠᠬᠠᠮᠠᠳ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃ ᠡᠭᠦᠨ ᠤ ᠬᠠᠮᠲᠤ 28 ᠰᠢᠨ᠎ᠡ ᠴᠡᠷᠢᠭ ᠲᠤ ᠴᠢᠩ ᠰᠡᠳᠬᠢᠯ ᠤᠨ ᠬᠦᠰᠡᠯ ᠡᠷᠡᠮᠡᠯᠵᠡᠯ ᠲᠠᠯᠪᠢᠵᠤ᠂ ᠲᠡᠳᠡᠨ ᠤ ᠢᠷᠠᠭᠤ ᠠᠯᠳᠠᠷ ᠢᠶᠠᠨ ᠨᠠᠨᠳᠢᠩᠨᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠵᠢᠯᠣᠭᠤᠳᠤᠯᠭ᠎ᠠ ᠶᠢ ᠳᠠᠭᠠᠵᠤ᠂ ᠡᠷᠳᠡᠮ ᠴᠢᠳᠠᠪᠤᠷᠢ ᠪᠠᠨ ᠰᠢᠷᠭᠠᠭᠤ ᠪᠣᠯᠪᠠᠰᠤᠷᠠᠭᠤᠯᠵᠤ᠂ ᠬᠡᠪ ᠴᠢᠨᠠᠷ ᠢᠶᠠᠨ ᠳᠡᠭᠡᠭᠰᠢᠯᠡᠭᠦᠯᠦᠨ᠂ ᠴᠡᠷᠢᠭ ᠤᠨ ᠬᠤᠸᠠᠷᠠᠨ ᠳᠤ ᠭᠠᠪᠢᠶ᠎ᠠ ᠪᠠᠶᠢᠭᠤᠯᠵᠤ᠂ ᠨᠤᠲᠤᠭ ᠤᠰᠤᠨ ᠳᠠᠭᠠᠨ ᠠᠴᠢ ᠬᠠᠷᠢᠭᠤᠯᠬᠤ ᠶᠢ ᠬᠦᠰᠡᠪᠡ᠃      ᠲᠡᠭᠦᠨ ᠠᠴᠠ ᠰᠡᠭᠦᠯᠡᠷᠬᠢ ᠰᠢᠨ᠎ᠡ ᠴᠡᠷᠢᠭ ᠤᠨ ᠭᠡᠷ ᠤᠨ ᠠᠬᠠᠮᠠᠳ ᠤᠨ ᠶᠠᠷᠢᠯᠴᠠᠬᠤ ᠬᠤᠷᠠᠯ ᠳᠡᠭᠡᠷ᠎ᠡ ᠪᠠᠶᠠᠷ ᠪᠠᠶᠠᠰᠬᠤᠯᠠᠩ ᠲᠠᠢ ᠪᠠᠶᠢᠵᠤ᠂ ᠭᠡᠷ ᠤᠨ ᠠᠬᠠᠮᠠᠳ ᠨᠢᠭᠡ ᠨᠢᠭᠡ ᠦᠭᠡ ᠪᠠᠷ ᠮᠠᠰᠢ ᠣᠯᠠᠨ ᠠᠰᠠᠭᠤᠳᠠᠯ ᠢ ᠳᠤᠷᠠᠳᠴᠤ᠂ ᠬᠡᠳᠦᠢ ᠤᠳᠠᠪᠠᠯ ᠬᠡᠦᠬᠡᠳ ᠲᠠᠢ ᠪᠠᠨ ᠬᠠᠷᠢᠯᠴᠠᠵᠤ ᠴᠢᠳᠠᠬᠤ ᠪᠣᠢ︖ ᠴᠡᠷᠢᠭ ᠤᠨ ᠬᠤᠸᠠᠷᠠᠨ ᠳᠤ ᠣᠴᠢᠵᠤ ᠪᠣᠯᠭᠤᠭᠠᠨ ᠦᠵᠡᠵᠦ ᠪᠣᠯᠬᠤ ᠤᠤ︖ ᠴᠡᠷᠢᠭ ᠤᠨ ᠠᠯᠪᠠ ᠬᠠᠭᠠᠭᠰᠠᠨ ᠤ ᠳᠠᠷᠠᠭ᠎ᠠ ᠰᠤᠷᠭᠠᠭᠤᠯᠢ ᠳᠠᠭᠠᠨ ᠪᠤᠴᠠᠬᠤ ᠲᠥᠷᠥ ᠶᠢᠨ ᠪᠣᠳᠣᠯᠭ᠎ᠠ ᠨᠢ ᠶᠠᠮᠠᠷ ᠪᠣᠶ︖ ᠡᠳᠡᠭᠡᠷ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠢᠭᠡᠳ ᠨᠢᠭᠡ ᠪᠠᠷ ᠬᠠᠷᠢᠭᠤᠯᠲᠠ ᠥᠭᠭᠦᠭᠰᠡᠨ ᠪᠥᠭᠡᠳ ᠬᠠᠷᠠᠭᠠᠯᠵᠠᠬᠤ ᠲᠦᠷᠦ ᠶᠢᠨ ᠪᠣᠳᠣᠯᠭ᠎ᠠ ᠶᠢ ᠳᠠᠬᠢᠨᠲᠠ ᠳᠤᠷᠠᠳᠴᠤ᠂ ᠴᠡᠷᠢᠭ ᠤᠨ ᠬᠤᠸᠠᠷᠠᠨ ᠳᠠᠬᠢ ᠰᠢᠨ᠎ᠡ ᠴᠡᠷᠢᠭ ᠤᠨ ᠪᠣᠯᠪᠠᠰᠤᠷᠠᠯ ᠪᠠ ᠠᠮᠢᠳᠤᠷᠠᠯ ᠤᠨ ᠣᠷᠴᠢᠨ ᠲᠣᠭᠤᠷᠢᠨ ᠢ ᠲᠠᠨᠢᠯᠴᠠᠭᠤᠯᠪᠠ᠃ ᠰᠢᠨ᠎ᠡ ᠴᠡᠷᠢᠭ ᠤᠳ ᠴᠡᠷᠢᠭ ᠠᠩᠭᠢ ᠶᠢᠨ ᠠᠮᠢᠳᠤᠷᠠᠯ ᠳᠤ  ᠬᠦᠰᠡᠯ ᠡᠷᠡᠮᠡᠯᠵᠡᠯ ᠢᠶᠠᠷ ᠪᠢᠯᠬᠠᠵᠤ᠂ ᠭᠡᠷ ᠤᠨ ᠠᠬᠠᠮᠠᠳ ᠨᠢ ᠴᠦ ᠣᠮᠣᠭᠰᠢᠨ ᠰᠡᠳᠬᠢᠯ ᠠᠮᠤᠷ ᠪᠠᠶᠢᠯ᠎ᠠ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠰᠢᠨ᠎ᠡ ᠴᠡᠷᠢᠭ ᠲᠤ ᠨᠡᠶᠢᠭᠡᠮ ᠨᠡᠶᠢᠲᠡ ᠠᠴᠠ ᠴᠡᠷᠢᠭ ᠤᠨ ᠬᠥᠮᠥᠨ ᠢ ᠬᠦᠨᠳᠦᠳᠬᠡᠨ ᠬᠠᠶᠢᠷᠠᠯᠠᠵᠤ ᠪᠠᠶᠢᠬᠤ ᠶᠢ ᠦᠨᠡᠨ ᠬᠦ ᠮᠡᠳᠡᠷᠡᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1