ᠲᠣᠭᠲᠠᠬᠤ ᠰᠢᠶᠠᠨ᠄ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/3/18
      ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ︽ᠶᠡᠭᠡ ᠪᠦᠯᠬᠦᠮᠳᠡᠯ ᠶᠡᠭᠡ ᠬᠤᠯᠪᠣᠭᠠᠯᠠᠯ︾ ᠭᠡᠬᠦ ᠭᠤᠣᠯ ᠰᠡᠳᠦᠪ ᠤᠨ ᠲᠣᠭᠤᠷᠢᠨ ᠳᠤ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠢ ᠢᠯᠡᠷᠡᠭᠦᠯᠬᠦ᠂ ᠬᠥᠮᠥᠵᠢᠭᠦᠯᠬᠦ᠂ ᠬᠡᠷᠡᠭᠯᠡᠬᠦ᠂ ᠬᠠᠮᠢᠶᠠᠷᠬᠤ ᠵᠡᠷᠭᠡ ᠵᠠᠩᠭᠢᠯᠠᠭ᠎ᠠ ᠶᠢᠨ ᠠᠵᠢᠯ ᠤᠨ ᠭᠤᠭᠴᠤᠭ᠎ᠠ ᠶᠢ ᠪᠠᠷᠢᠮᠲᠠᠯᠠᠵᠤ᠂ ᠠᠵᠢᠯ ᠤᠨ ᠠᠷᠭ᠎ᠠ ᠵᠠᠮ ᠢ ᠲᠠᠰᠤᠷᠠᠯᠳᠡ ᠦᠭᠡᠢ ᠰᠦᠪᠡᠭᠴᠢᠯᠡᠵᠦ᠂ ᠨᠠᠮ ᠤᠨ ᠭᠠᠳᠠᠨᠠᠬᠢ ᠬᠥᠮᠥᠰ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠭᠠᠳ ᠢᠯᠡᠳᠲᠡ ᠦᠷ᠎ᠡ ᠪᠦᠲᠦᠮᠵᠢ ᠣᠯᠵᠠᠢ᠃       ᠦᠵᠡᠯ ᠰᠠᠨᠠᠭ᠎ᠠ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠪᠡ᠃ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ ᠶᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠡᠷᠢᠭᠦᠨ ᠴᠢᠬᠤᠯᠠ ᠭᠤᠭᠴᠤᠭ᠎ᠠ ᠪᠣᠯᠭᠠᠵᠤ᠂ ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠵᠤ ᠦᠨᠳᠦᠰᠦ ᠰᠠᠭᠤᠷᠢ ᠶᠢ ᠪᠠᠲᠤᠳᠬᠠᠨ ᠪᠦᠯᠬᠦᠮᠳᠡᠨ ᠤᠷᠤᠭᠰᠢᠯᠠᠬᠤ ᠰᠢᠨ᠎ᠡ ᠠᠶᠠᠨ ᠵᠠᠮ︾ ᠤᠨ ᠭᠤᠣᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢᠨ ᠭᠤᠣᠯ ᠠᠭᠤᠯᠭ᠎ᠠ ᠪᠣᠯᠭᠠᠬᠤ ᠬᠡᠷᠡᠭᠲᠡᠢ᠃ ᠨᠠᠮ ᠤᠨ ᠭᠠᠳᠠᠨᠠᠬᠢ ᠬᠥᠮᠥᠰ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ᠂ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠵᠢᠴᠢ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠵᠡᠷᠭᠡ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠤᠯᠵᠤ᠂ ᠲᠡᠷᠡ ᠳᠠᠷᠤᠢ ᠳᠤᠨᠢ ᠰᠤᠷᠤᠯᠴᠠᠬᠤ ᠬᠠᠯᠠᠭᠤᠨ ᠥᠷᠨᠢᠯᠲᠡ ᠭᠠᠷᠭᠠᠪᠠ᠃ ᠰᠢᠶᠠᠨ ᠤ ᠤᠳᠤᠷᠢᠳᠤᠯᠭ᠎ᠠ ᠪᠣᠯᠣᠨ ᠨᠠᠮ ᠤᠨ ᠭᠠᠳᠠᠨᠠᠬᠢ ᠬᠥᠮᠥᠰ ᠤᠨ ᠨᠦᠬᠦᠷᠯᠡᠯ ᠢ ᠭᠦᠨᠵᠡᠭᠡᠶᠢᠷᠡᠭᠦᠯᠵᠦ᠂ ᠨᠢᠭᠤᠷᠳᠠᠨ ᠰᠣᠯᠢᠯᠴᠠᠨ ᠨᠡᠪᠲᠡᠷᠡᠯᠴᠡᠬᠦ᠂ ᠰᠠᠨᠠᠯ ᠰᠣᠨᠣᠰᠬᠤ ᠪᠠᠷ ᠳᠠᠮᠵᠢᠭᠤᠯᠤᠨ᠂ ᠦᠵᠡᠯ ᠰᠠᠨᠠᠭᠠᠨ ᠤ ᠰᠣᠯᠢᠯᠴᠠᠭ᠎ᠠ ᠪᠠᠨ ᠴᠢᠩᠭᠠᠳᠬᠠᠵᠤ᠂ ᠪᠦᠯᠬᠦᠮᠳᠡᠯ ᠤᠨ ᠬᠡᠪᠴᠢᠶ᠎ᠡ ᠪᠠᠨ ᠲᠠᠰᠤᠷᠠᠯᠳᠠ ᠦᠭᠡᠢ ᠥᠷᠭᠡᠳᠬᠡᠵᠦ᠂ ᠪᠦᠯᠬᠦᠮᠳᠡᠨ ᠲᠡᠮᠡᠴᠡᠬᠦ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ᠂ ᠴᠢᠬᠤᠯᠠ ᠶᠡᠭᠡ ᠪᠠᠶᠠᠷ ᠤᠨ ᠡᠳᠦᠷ ᠤᠨ ᠠᠵᠢᠯᠯᠠᠭ᠎ᠠ ᠶᠢᠨ ᠠᠵᠠ ᠲᠣᠬᠢᠶᠠᠯ ᠢ ᠰᠠᠶᠢᠲᠤᠷ ᠠᠳᠬᠤᠵᠤ᠂ ᠬᠠᠮᠲᠤ ᠶᠢᠨ ᠲᠠᠨᠢᠯᠲᠠ ᠶᠢᠨ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠤᠨ ᠴᠢᠬᠤᠯᠠ ᠵᠠᠩᠭᠢᠯᠠᠭ᠎ᠠ ᠶᠢᠨ ᠴᠡᠭ ᠲᠤ ᠰᠠᠨᠠᠭᠠᠴᠢᠯᠠᠭ᠎ᠠ ᠠᠴᠠ ᠪᠠᠨ ᠦᠭᠡ ᠬᠡᠯᠡᠬᠦ ᠶᠢ ᠬᠥᠲᠥᠯᠥᠨ ᠵᠢᠯᠤᠭᠤᠳᠴᠤ᠂ ᠬᠠᠮᠲᠤ ᠪᠠᠷ ᠪᠦᠯᠬᠦᠮᠳᠡᠨ ᠲᠡᠮᠡᠴᠡᠬᠦ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ᠎ᠡ᠃      ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠬᠤ ᠶᠢ ᠴᠢᠬᠤᠯᠠᠴᠢᠯᠠᠵᠤ᠂ ᠳᠠᠶᠢᠴᠢᠯᠠᠬᠤ ᠦᠢᠯᠡᠳᠦᠯ ᠢᠯᠡᠳᠲᠡ ᠪᠣᠯᠪᠠ᠃ ᠡᠯ᠎ᠡ ᠠᠵᠢᠯ ᠲᠦᠷᠦᠯ ᠪᠠ ᠬᠦᠷᠢᠶᠡᠨ ᠳᠤ ᠭᠦᠨᠵᠡᠭᠡᠶᠢᠷᠡᠨ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠤᠨ ᠨᠡᠶᠢᠭᠡᠮ ᠤᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠰᠠᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠭᠦᠢᠴᠡᠳ ᠠᠭᠤᠳᠠᠯᠵᠤ᠂ ᠨᠢᠭᠡ ᠪᠦᠯᠦᠭ ᠰᠢᠯᠢᠳᠡᠭ ᠨᠡᠶᠢᠲᠡᠯᠢᠭ ᠵᠢᠱᠢᠶ᠎ᠡ ᠶᠢ ᠲᠠᠨᠢᠯᠴᠠᠭᠤᠯᠵᠤ ᠡᠯ᠎ᠡ ᠲᠦᠷᠦᠯ ᠤᠨ ᠰᠢᠯᠭᠠᠷᠠᠭᠤᠯᠤᠨ ᠬᠥᠬᠢᠭᠦᠯᠬᠦ ᠳᠤ ᠣᠷᠣᠯᠴᠠᠭᠤᠯᠵᠤ᠂ ᠪᠦᠬᠦ ᠰᠢᠶᠠᠨ ᠤ ᠨᠠᠮ ᠤᠨ ᠭᠠᠳᠠᠨᠠᠬᠢ ᠬᠥᠮᠥᠰ ᠢ ᠵᠣᠷᠢᠭᠵᠢᠭᠤᠯᠤᠨ ᠢᠮᠠᠭᠲᠠ ᠴᠤᠭ ᠪᠠᠳᠠᠷᠠᠩᠭᠤᠢ ᠲᠡᠮᠡᠴᠡᠯ ᠤᠨ ᠣᠪᠣᠷ ᠪᠠᠶᠢᠳᠠᠯ ᠲᠠᠢ ᠪᠠᠶᠢᠯᠭᠠᠵᠤ᠂ ᠭᠤᠣᠯ ᠠᠵᠢᠯ ᠲᠠᠢ ᠤᠶᠠᠯᠳᠤᠭᠤᠯᠤᠨ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠵᠦ᠂ ᠠᠳᠠᠯ ᠦᠢᠯᠡᠰ ᠴᠣᠭᠴᠠᠯᠠᠨ ᠭᠠᠪᠢᠶ᠎ᠠ ᠪᠠᠶᠢᠭᠤᠯᠵᠤ᠂ ᠵᠣᠷᠢᠭᠲᠠᠢ ᠪᠠᠷ ᠤᠷᠤᠰᠬᠠᠯ ᠤᠨ ᠲᠦᠷᠦᠭᠦᠨ ᠳᠤ ᠣᠷᠣᠬᠤ ᠶᠢ ᠵᠣᠷᠢᠭᠵᠢᠭᠤᠯᠤᠨ᠎ᠠ᠃ ᠡᠯ᠎ᠡ ᠵᠦᠢᠯ ᠤᠨ ᠠᠷᠭ᠎ᠠ ᠵᠠᠮ ᠪᠠ ᠲᠠᠪᠴᠠᠩ ᠢᠶᠠᠷ ᠳᠠᠮᠵᠢᠭᠤᠯᠤᠨ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠨᠡᠩ ᠤᠯᠠᠨ ᠬᠥᠮᠥᠰ ᠲᠤ ᠲᠡᠳᠡᠨ ᠤ ᠲᠡᠷᠢᠭᠦᠨ ᠤ ᠦᠢᠯᠡ ᠠᠵᠢᠯᠯᠠᠭ᠎ᠠ ᠪᠠ ᠲᠣᠪᠣᠶᠢᠮ᠎ᠠ ᠬᠤᠪᠢ ᠨᠡᠮᠡᠷᠢ ᠶᠢ ᠣᠶᠢᠯᠠᠭᠠᠭᠤᠯᠵᠤ᠂ ᠪᠦᠬᠦ ᠰᠢᠶᠠᠨ ᠤ ᠨᠠᠮ ᠤᠨ ᠭᠠᠳᠠᠨᠠᠬᠢ ᠬᠥᠮᠥᠰ ᠤᠨ ᠲᠡᠮᠡᠴᠡᠯ ᠤᠨ ᠵᠣᠷᠢᠭ ᠰᠠᠨᠠᠭ᠎ᠠ ᠪᠠ ᠪᠦᠲᠦᠭᠡᠯᠴᠢ ᠴᠢᠳᠠᠪᠤᠷᠢ ᠶᠢ ᠤᠯᠠᠮ ᠨᠢᠭᠡ ᠠᠯᠬᠤᠮ ᠬᠥᠭᠵᠢᠭᠡᠵᠦ᠂ ᠨᠢᠭᠡᠳᠦᠮᠡᠯ ᠹᠷᠣᠨᠲ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠨᠥᠯᠥᠭᠡᠯᠡᠬᠦ ᠬᠦᠴᠦᠨ ᠢ ᠢᠯᠡᠷᠡᠭᠦᠯᠬᠦ ᠬᠡᠷᠡᠭᠲᠡᠢ᠃      ᠬᠦᠴᠦᠨ ᠢ ᠥᠷᠭᠡᠨ ᠢᠶᠠᠷ ᠲᠠᠶᠢᠴᠢᠯᠠᠵᠦ᠂ ᠦᠢᠯᠡᠳᠦᠯ ᠢ ᠨᠢ ᠪᠠᠳᠠᠷᠠᠭᠤᠯᠬᠤ ᠳᠤ ᠬᠦᠴᠦᠨ ᠨᠡᠮᠡᠷᠢᠯᠡᠨ᠎ᠡ᠃ ᠥᠷᠭᠡᠨ ᠢᠶᠠᠷ ᠲᠠᠶᠢᠴᠢᠯᠠᠨ ᠬᠦᠴᠦᠨ ᠢᠶᠠᠨ ᠨᠢᠭᠲᠠᠷᠠᠭᠤᠯᠬᠤ ᠶᠢ ᠪᠠᠷᠢᠮᠲᠠᠯᠠᠵᠤ᠂ ᠲᠠᠪᠴᠠᠩ ᠪᠠᠶᠢᠭᠤᠯᠬᠤ᠂ ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠷᠭᠡᠨ ᠤᠯᠠᠨ ᠨᠠᠮ ᠤᠨ ᠭᠠᠳᠠᠨᠠᠬᠢ ᠬᠥᠮᠥᠰ ᠢ ᠬᠥᠲᠥᠯᠥᠨ ᠳᠠᠭᠠᠭᠤᠯᠵᠤ ᠦᠵᠡᠰᠬᠦᠯᠡᠩᠲᠦ ᠰᠠᠶᠢᠬᠠᠨ ᠲᠣᠭᠲᠠᠬᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠤᠨ᠎ᠠ᠃ ᠬᠤᠳᠠᠯᠳᠤᠭᠠᠴᠢᠳ ᠤᠨ ᠡᠪᠯᠡᠯ ︵ᠨᠡᠶᠢᠭᠡᠮᠯᠢᠭ︶ ᠤᠨ ᠵᠣᠬᠢᠶᠠᠨ ᠪᠠᠶᠢᠭᠤᠯᠤᠯᠲᠠ ᠨᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠡᠰᠢᠭᠦᠳ ᠢ ᠵᠣᠬᠢᠶᠠᠨ ᠪᠠᠶᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ᠂ ᠵᠣᠭᠤᠰ ᠮᠥᠩᠭᠦ ᠡᠳ᠋ ᠪᠣᠳᠠᠰ ᠬᠠᠨᠳᠢᠪᠯᠡᠬᠤ ᠵᠡᠷᠭᠡ ᠠᠵᠢᠯᠯᠠᠭ᠎ᠠ ᠳᠤ ᠥᠷᠭᠡᠨ ᠢᠶᠠᠷ ᠣᠷᠣᠯᠴᠠᠭᠤᠯᠤᠨ᠎ᠠ᠃ ᠡᠭᠦᠨ ᠤ ᠬᠠᠮᠲᠤ᠂ ᠵᠠᠰᠠᠭ ᠠᠵᠤ ᠠᠬᠤᠶᠢᠯᠠᠯ ᠤᠨ ᠣᠯᠣᠯᠴᠠᠭ᠎ᠠ ᠵᠥᠪᠳᠡᠯᠴᠡᠭᠡ ᠶᠢ ᠴᠢᠩᠭᠠᠳᠬᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠨᠠᠮ ᠤᠨ ᠭᠠᠳᠠᠨᠠᠬᠢ ᠬᠥᠮᠥᠰ ᠤᠨ ᠤᠶᠤᠨ ᠤᠬᠠᠭᠠᠨ ᠨᠢᠭᠲᠠᠷᠠᠭᠰᠠᠨ᠂ ᠬᠠᠷᠢᠯᠴᠠᠭ᠎ᠠ ᠥᠷᠭᠡᠨ ᠳᠡᠯᠭᠡᠷ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠠᠮ ᠪᠦᠯᠦᠭ ᠤᠨ ᠪᠤᠰᠤ ᠬᠥᠮᠥᠰ ᠢ ᠬᠠᠪᠰᠤᠷᠤᠨ ᠲᠤᠰ ᠪᠡᠶ᠎ᠡ ᠶᠢᠨ ᠣᠨᠴᠠᠯᠢᠭ ᠲᠠᠢ ᠨᠢ ᠤᠶᠠᠯᠳᠤᠭᠤᠯᠵᠤ᠂ ᠭᠤᠣᠯ ᠠᠵᠢᠯ ᠪᠣᠯᠣᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠢᠳᠡᠪᠬᠢᠲᠡᠢ ᠪᠠᠷ ᠰᠠᠶᠢᠨ ᠰᠠᠨᠠᠯ ᠢ ᠳᠤᠷᠠᠳᠴᠤ᠂ ᠮᠡᠷᠭᠡᠨ ᠪᠣᠳᠣᠯᠭ᠎ᠠ ᠶᠢ ᠳᠡᠪᠰᠢᠭᠦᠯᠵᠦ᠂ ᠲᠣᠭᠲᠠᠬᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠨᠡᠮᠡᠷᠢᠯᠡᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1