ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠰᠦᠷᠳᠡᠭᠦᠯᠬᠦ ᠶᠢᠨ ᠲᠥᠯᠥᠭᠡ᠂ | ᠨᠡᠶᠢᠭᠡᠮ ᠤᠨ ᠠᠮᠤᠷ ᠲᠦᠪᠰᠢᠨ ᠢ ᠦᠷᠭᠦᠯᠵᠢᠯᠡᠨ ᠲᠣᠭᠲᠠᠭᠤᠨ ᠪᠠᠶᠢᠯᠭᠠᠬᠤ᠂ ᠲᠣᠭᠲᠠᠬᠤ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ ᠦᠷᠭᠦᠯᠵᠢᠯᠡᠨ ᠪᠠᠳᠤᠯᠠᠪᠠ᠃ | ᠥᠩᠭᠡᠷᠡᠭᠰᠡᠨ ᠵᠢᠯ ᠤᠳ ᠤᠨ ᠰᠦᠯᠵᠢᠶᠡᠨ ᠳᠡᠭᠡᠷ᠎ᠡ ᠤᠷᠭᠤᠨ ᠳᠤᠲᠠᠭᠠᠭᠰᠠᠳ ᠢ ᠵᠠᠯᠭᠠᠭᠠᠪᠠᠷ 4 ᠬᠦᠮᠦᠨ ᠢ | ᠪᠠᠷᠢᠪᠴᠢᠯᠠᠪᠠ | | | | | 3 ᠳ᠋ᠤᠭᠠᠷ ᠰᠠᠷ᠎ᠠ ᠶᠢᠨ 6 ᠤ ᠡᠳᠦᠷ᠂ ᠫᠢᠩ ᠠᠨ ᠵᠠᠮ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ | ᠲᠤᠰᠠᠯᠠᠬᠤ ᠴᠠᠭᠳᠠᠭ᠎ᠠ ᠶᠢᠨ ᠠᠵᠢᠯ ᠤᠨ ᠳᠤᠮᠳᠠ ᠰᠦᠪᠡᠭᠴᠢ ᠣᠯᠵᠤ᠂ ᠶᠢᠨᠴᠤᠸᠠᠨ ᠬᠤᠲᠠ ᠶᠢᠨ ᠰᠢᠩ | ᠴᠢᠩ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠦᠯᠵᠢᠶᠡᠨ ᠳᠡᠭᠡᠷ᠎ᠡ ᠳᠤᠲᠠᠭᠠᠭᠰᠠᠨ ᠶᠠᠯᠠᠲᠠᠨ ᠭᠤᠸ | ᠣᠪᠣᠭᠲᠤ ᠬᠥᠬᠡᠬᠤᠲᠠ ᠶᠢᠨ ᠨᠢᠭᠡᠨ ᠲᠣᠭᠤᠷᠢᠭ ᠲᠤ ᠢᠯᠡᠷᠡᠪᠡ᠃ ᠲᠣᠰ ᠰᠦᠪᠡᠭᠴᠢ ᠶᠢ ᠣᠯᠣᠭᠰᠠᠨ ᠤ ᠳᠠᠷᠠᠭ᠎ᠠ᠂ | ᠫᠢᠩ ᠠᠨ ᠵᠠᠮ ᠤᠨ ᠲᠣᠮᠢᠯᠠᠭᠰᠠᠨ ᠰᠠᠯᠪᠤᠷᠢ ᠲᠡᠷᠡ ᠳᠠᠷᠤᠢ ᠳᠤᠨᠢ ᠬᠤᠷᠴᠠ ᠴᠢᠳᠠᠮᠠᠭᠠᠢ ᠬᠦᠴᠦᠨ ᠢ ᠵᠣᠬᠢᠶᠠᠨ | ᠪᠠᠶᠢᠭᠤᠯᠤᠨ ᠡᠵᠡᠮᠳᠡᠨ ᠪᠠᠷᠢᠪᠴᠢᠯᠠᠬᠤ ᠠᠵᠢᠯ ᠢ ᠥᠷᠨᠢᠭᠦᠯᠵᠦ᠂ ᠶᠡᠭᠡ ᠬᠡᠮᠵᠢᠶᠡᠨ ᠤ ᠵᠢᠭᠰᠠᠭᠠᠨ ᠪᠠᠶᠢᠴᠠᠭᠠᠵᠤ᠂ | ᠰᠢᠯᠵᠢᠭᠦᠯᠦᠨ ᠠᠪᠴᠤ ᠬᠢᠨᠠᠨ ᠡᠵᠡᠮᠳᠡᠬᠦ ᠪᠠᠷ ᠳᠡᠮᠵᠢᠨ᠂ ᠡᠴᠦᠰ ᠲᠡᠭᠡᠨ ᠶᠠᠯ᠎ᠠ ᠬᠢᠭᠰᠡᠨ ᠰᠡᠵᠢᠭᠯᠡᠯᠲᠡᠢ ᠬᠥᠮᠥᠨ ᠭᠤᠸ | ᠣᠪᠣᠭᠲᠤ ᠶᠢᠨ ᠨᠢᠭᠤᠨ ᠳᠠᠯᠳᠠᠯᠠᠭᠰᠠᠨ ᠭᠠᠵᠠᠷ ᠢ ᠪᠠᠶᠢᠴᠠᠭᠠᠨ ᠲᠣᠳᠣᠯᠠᠭᠰᠠᠨ ᠪᠥᠭᠡᠳ ᠲᠡᠭᠦᠨ ᠢ ᠠᠮᠵᠢᠯᠲᠠᠲᠠᠢ | ᠪᠠᠷᠢᠪᠴᠢᠯᠠᠭᠰᠠᠨ ᠪᠠᠶᠢᠨ᠎ᠠ᠃ ᠰᠢᠭᠦᠨ ᠠᠰᠠᠭᠤᠬᠤ ᠪᠠᠷ ᠳᠠᠮᠵᠢᠭᠠᠳ ᠭᠤᠣ ᠣᠪᠣᠭᠲᠤ ᠲᠡᠭᠦᠨ ᠤ ᠭᠡᠷ᠎ᠡ ᠶᠢᠨ | ᠮᠡᠬᠡᠯᠡᠯ ᠳᠤ ᠣᠷᠣᠯᠴᠠᠭᠰᠠᠨ ᠬᠠᠤᠯᠢ ᠠᠴᠠ ᠵᠥᠷᠢᠴᠡᠭᠰᠡᠨ ᠶᠠᠯ᠎ᠠ ᠶᠢᠨ ᠪᠣᠳᠠᠲᠤ ᠶᠠᠪᠤᠳᠠᠯ ᠢᠶᠠᠨ ᠥᠴᠢᠭᠯᠡᠨ ᠮᠡᠳᠡᠷᠡᠵᠡᠢ᠃ | | ᠣᠳᠣᠬᠠᠨ ᠳᠤ᠂ ᠶᠠᠯ᠎ᠠ ᠬᠢᠭᠰᠡᠨ ᠰᠡᠵᠢᠭᠲᠡᠨ ᠭᠤᠣ ᠣᠪᠣᠭᠲᠤ ᠶᠢ ᠶᠢᠨᠴᠤᠸᠠᠨ ᠬᠤᠲᠠ ᠶᠢᠨ ᠰᠢᠩ ᠴᠢᠩ | ᠴᠠᠭᠳᠠᠭᠠᠨ ᠤ ᠲᠠᠯ᠎ᠠ ᠶᠢᠨ ᠬᠢᠨ ᠨᠢᠭᠡᠨᠲᠡ ᠪᠤᠴᠠᠭᠠᠵᠤ ᠠᠪᠴᠢᠷᠠᠭᠰᠠᠨ ᠪᠠᠶᠢᠨ᠎ᠠ᠃ | | | | | 3 ᠳ᠋ᠤᠭᠠᠷ ᠰᠠᠷ᠎ᠠ ᠶᠢᠨ 8 ᠤ ᠡᠳᠦᠷ᠂ ᠫᠢᠩ ᠠᠨ ᠵᠠᠮ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ | ᠲᠤᠰᠠᠯᠠᠬᠤ ᠴᠠᠭᠳᠠᠭ᠎ᠠ ᠶᠢᠨ ᠠᠵᠢᠯ ᠤᠨ ᠳᠤᠮᠳᠠ ᠪᠠᠨ ᠣᠯᠵᠤ ᠮᠡᠳᠡᠭᠰᠡᠨ ᠨᠢ᠂ ᠬᠠᠷᠢᠶ᠎ᠠ ᠲᠣᠭᠤᠷᠢᠭ ᠤᠨ ᠸᠠᠩ | ᠣᠪᠣᠭᠲᠤ ᠵᠣᠭᠤᠰ ᠨᠠᠭᠠᠳᠬᠤ ᠭᠠᠵᠠᠷ ᠭᠠᠷᠭᠠᠭᠰᠠᠨ ᠶᠠᠯ᠎ᠠ ᠬᠢᠭᠰᠡᠨ ᠢᠶᠠᠷ ᠰᠡᠵᠢᠭᠯᠡᠭᠳᠡᠵᠦ ᠲᠣᠭᠲᠠᠬᠤ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠳᠤ ᠰᠦᠯᠵᠢᠶᠡᠨ ᠳᠤ | ᠭᠠᠷᠴᠤ ᠣᠷᠭᠤᠳᠤᠤᠯ ᠬᠡᠷᠡᠭᠲᠡᠨ ᠢ ᠨᠡᠬᠡᠮᠵᠢᠯᠡᠵᠡᠢ᠃ ᠲᠤᠰ ᠰᠦᠪᠡᠭᠴᠢ ᠶᠢ ᠣᠯᠵᠤ ᠮᠡᠳᠡᠭᠰᠡᠨ ᠤ ᠲᠠᠷᠠᠭ᠎ᠠ᠂ ᠫᠢᠩ | ᠠᠨ ᠵᠠᠮ ᠤᠨ ᠲᠣᠮᠢᠯᠠᠭᠰᠠᠨ ᠰᠠᠯᠪᠤᠷᠢ ᠶᠢᠨ ᠶᠡᠷᠦᠩᠬᠡᠶᠢᠯᠡᠨ ᠵᠢᠯᠤᠭᠤᠳᠬᠤ ᠲᠠᠰᠤᠭ ᠠᠴᠠ ᠲᠡᠷᠡ ᠳᠠᠷᠤᠢ ᠳᠤᠨᠢ | ᠰᠤᠳᠤᠯᠤᠨ ᠮᠠᠭᠠᠳᠯᠠᠵᠤ᠂ ᠬᠡᠷᠡᠭ ᠢ ᠰᠢᠢᠳᠪᠦᠷᠢᠯᠡᠬᠦ ᠠᠩᠭᠢ ᠶᠢᠨ ᠬᠢᠨ ᠲᠡᠭᠦᠨ ᠤ ᠲᠦᠷᠦᠯ ᠰᠠᠳᠤᠨ ᠳᠤ ᠦᠵᠡᠯ | ᠰᠠᠨᠠᠭᠠᠨ ᠤ ᠠᠵᠢᠯ ᠥᠷᠨᠢᠭᠦᠯᠵᠦ᠂ ᠭᠡᠷ ᠪᠦᠯᠢ ᠶᠢᠨ ᠬᠢᠨ ᠢ ᠲᠠᠶᠢᠴᠢᠯᠠᠨ ᠸᠠᠩ ᠣᠪᠣᠭᠲᠤ ᠶᠢ | ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠬᠦᠯᠢᠶᠡᠬᠦ ᠶᠢ ᠢᠳᠬᠠᠵᠤ᠂ ᠨᠢᠭᠡ ᠡᠳᠦᠷ ᠤᠨ ᠶᠡᠭᠡ ᠬᠡᠮᠵᠢᠶᠡᠨ ᠤ | ᠠᠵᠢᠯ ᠢᠶᠠᠷ ᠲᠠᠮᠵᠢᠨ ᠡᠴᠦᠰ ᠲᠡᠭᠡᠨ ᠸᠠᠩ ᠣᠪᠣᠭᠲᠤ ᠰᠠᠨᠠᠭᠠᠴᠢᠯᠠᠭ᠎ᠠ ᠠᠴᠠ ᠪᠠᠨ ᠫᠢᠩ ᠠᠨ ᠵᠠᠮ ᠤᠨ ᠲᠣᠮᠢᠯᠠᠭᠰᠠᠨ | ᠰᠠᠯᠪᠤᠷᠢ ᠳᠤ ᠬᠦᠷᠴᠦ ᠬᠡᠷᠡᠭ ᠢᠶᠠᠨ ᠮᠡᠳᠡᠷᠡᠵᠦ ᠪᠡᠶ᠎ᠡ ᠪᠠᠨ ᠲᠤᠰᠢᠶᠠᠪᠠ᠃ | | | | | 3 ᠳ᠋ᠤᠭᠠᠷ ᠰᠠᠷ᠎ᠠ ᠶᠢᠨ 12 ᠤᠨ ᠡᠳᠦᠷ᠂ ᠶᠠᠨᠱᠠᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠠᠵᠢᠯ ᠤᠨ | ᠳᠤᠮᠳᠠ ᠪᠠᠨ ᠣᠯᠵᠤ ᠮᠡᠳᠡᠭᠰᠡᠨ ᠨᠢ᠂ ᠠᠯᠠᠱᠠ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠮᠡᠬᠡᠯᠡᠭᠳᠡᠭᠰᠡᠨ ᠰᠡᠵᠢᠭᠯᠡᠯᠲᠡᠢ ᠣᠷᠭᠤᠳᠤᠤᠯ ᠬᠡᠷᠡᠭᠲᠡᠨ ᠱᠠᠩ ᠣᠪᠣᠭᠲᠤ ᠲᠣᠭᠲᠠᠬᠤ ᠰᠢᠶᠠᠨ ᠤ | ᠬᠢᠯᠢ ᠳᠤ ᠪᠠᠶᠢᠬᠤ ᠶᠢ ᠣᠯᠵᠤ ᠮᠠᠲᠠᠵᠠᠢ᠂ ᠠᠷᠠᠳ ᠤᠨ ᠴᠠᠭᠳᠠᠭ᠎ᠠ ᠲᠡᠷᠡ ᠳᠠᠷᠤᠢ ᠳᠤᠨᠢ ᠣᠷᠭᠤᠳᠤᠤᠯ ᠬᠡᠷᠡᠭᠲᠡᠨ ᠤ | ᠮᠡᠳᠡᠭᠡ ᠵᠠᠩᠭᠢ ᠶᠢ ᠰᠤᠳᠤᠯᠤᠨ ᠮᠠᠭᠠᠳᠯᠠᠵᠤ ᠵᠠᠳᠠᠯᠤᠭᠰᠠᠨ ᠤ ᠬᠠᠮᠲᠤ ᠤᠲᠠᠰᠤ ᠪᠠᠷ ᠰᠡᠵᠢᠭᠯᠡᠯᠲᠡᠢ ᠬᠥᠮᠥᠨ ᠱᠠᠩ | ᠣᠪᠣᠭᠲᠤ ᠶᠢ ᠪᠠᠷᠢᠪᠴᠢᠯᠠᠵᠤ ᠪᠡᠶ᠎ᠡ ᠪᠠᠨ ᠲᠤᠰᠢᠶᠠᠬᠤ ᠶᠢ ᠬᠦᠯᠢᠴᠡᠩᠭᠦᠢ ᠪᠠᠷ ᠢᠳᠬᠠᠪᠠ᠂ ᠭᠡᠪᠡᠴᠦ ᠱᠠᠩ ᠣᠪᠣᠭᠲᠤ | ᠨᠢᠭᠡ ᠦᠶ᠎ᠡ ᠥᠪᠡᠷ ᠢ ᠪᠠᠨ ᠶᠠᠯ᠎ᠠ ᠬᠢᠭᠰᠡᠨ ᠦᠭᠡᠢ ᠭᠡᠵᠦ ᠢᠯᠡᠷᠬᠡᠶᠢᠯᠡᠪᠡ᠃ ᠠᠷᠠᠳ ᠤᠨ ᠴᠠᠭᠳᠠᠭ᠎ᠠ ᠶᠢᠨ ᠶᠣᠰᠣ | ᠤᠴᠢᠷ ᠢ ᠮᠡᠳᠡᠵᠦ᠂ ᠰᠦᠷ ᠬᠦᠴᠦᠨ ᠢᠶᠠᠷ ᠵᠢᠮᠡᠯᠡᠭᠰᠡᠨ 5 ᠴᠠᠭ ᠤᠨ ᠳᠣᠲᠣᠷ᠎ᠠ ᠳᠠᠬᠢᠨ ᠳᠠᠪᠲᠠᠨ ᠢᠳᠬᠠᠭᠰᠠᠨ ᠢᠶᠠᠷ | ᠶᠠᠯ᠎ᠠ ᠬᠢᠭᠰᠡᠨ ᠰᠡᠵᠢᠭᠲᠡᠨ ᠱᠠᠩ ᠣᠪᠣᠭᠲᠤ ᠥᠪᠡᠷ ᠤᠨ ᠶᠠᠯ᠎ᠠ ᠬᠢᠭᠰᠡᠨ ᠪᠣᠳᠠᠲᠤ ᠬᠡᠷᠡᠭ ᠢᠶᠠᠨ ᠠᠭᠠᠵᠢᠮ ᠢᠶᠠᠷ | ᠲᠣᠳᠣᠷᠬᠠᠢ ᠲᠠᠨᠢᠵᠤ᠂ ᠶᠠᠨᠱᠠᠨ ᠲᠣᠮᠢᠯᠠᠭᠰᠠᠨ ᠰᠠᠯᠪᠤᠷᠢ ᠳᠤ ᠬᠦᠷᠴᠦ ᠶᠠᠯ᠎ᠠ ᠪᠠᠨ ᠬᠦᠯᠢᠶᠡᠵᠦ ᠪᠡᠶ᠎ᠡ ᠪᠠᠨ | ᠲᠤᠰᠢᠶᠠᠵᠠᠢ᠃ | | | | | 3 ᠳ᠋ᠤᠭᠠᠷ ᠰᠠᠷ᠎ᠠ ᠶᠢᠨ 8 ᠤ ᠡᠳᠦᠷ᠂ ᠰᠢᠨ᠎ᠡ ᠶᠢᠩᠽᠢ ᠲᠣᠮᠢᠯᠠᠭᠰᠠᠨ ᠰᠠᠯᠪᠤᠷᠢ ᠠᠵᠢᠯ ᠤᠨ ᠳᠤᠮᠳᠠ ᠪᠠᠨ | ᠰᠦᠯᠵᠢᠶᠡᠨ ᠳᠡᠭᠡᠷ᠎ᠡ ᠤᠷᠭᠤᠨ ᠳᠤᠲᠠᠭᠠᠭᠰᠠᠳ ᠵᠠᠩ ᠣᠪᠣᠭᠲᠤ ᠶᠢᠨ ᠰᠦᠪᠡᠭᠴᠢ ᠶᠢ ᠣᠯᠵᠤ ᠮᠠᠲᠠᠵᠠᠢ᠂ ᠵᠠᠩ | ᠣᠪᠣᠭᠲᠤ ᠵᠣᠭᠤᠰ ᠨᠠᠭᠠᠳᠬᠤ ᠭᠠᠵᠠᠷ ᠭᠠᠷᠭᠠᠭᠰᠠᠨ ᠶᠠᠯ᠎ᠠ ᠬᠢᠭᠰᠡᠨ ᠢᠶᠠᠷ ᠰᠡᠵᠢᠭᠯᠡᠭᠳᠡᠵᠦ ᠲᠣᠭᠲᠠᠬᠤ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠳᠤ | ᠰᠦᠯᠵᠢᠶᠡᠨ ᠳᠤ ᠭᠠᠷᠴᠤ ᠨᠡᠬᠡᠮᠵᠢᠯᠡᠪᠡ᠃ ᠣᠶᠤᠨ ᠤ ᠮᠡᠷᠭᠡᠵᠢᠯ ᠤᠨ ᠲᠤᠷᠰᠢᠨ ᠪᠠᠶᠢᠴᠠᠭᠠᠬᠤ ᠲᠥᠪ ᠤᠨ ᠨᠠᠷᠢᠨ | ᠨᠢᠮᠪᠠᠢ ᠰᠤᠳᠤᠯᠤᠨ ᠮᠠᠭᠠᠳᠯᠠᠭᠰᠠᠨ ᠲᠤᠯᠭᠠᠭᠤᠷᠢᠯᠠᠯ ᠳᠣᠣᠷ᠎ᠠ᠂ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ | ᠨᠠᠷᠢᠨ ᠨᠢᠮᠪᠠᠢ ᠣᠶᠢᠯᠠᠭᠠᠨ ᠪᠠᠶᠢᠴᠠᠭᠠᠵᠤ ᠰᠤᠷᠪᠤᠯᠵᠢᠯᠠᠬᠤ ᠪᠠᠷ ᠳᠡᠮᠵᠢᠨ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢᠨ ᠬᠤᠶᠠᠷ ᠲᠠᠯ᠎ᠠ ᠶᠢᠨ ᠠᠵᠢᠯ ᠢ ᠵᠡᠷᠭᠡ ᠪᠠᠷ ᠬᠢᠵᠦ᠂ ᠡᠴᠦᠰ ᠲᠡᠭᠡᠨ 3 ᠳ᠋ᠤᠭᠠᠷ ᠰᠠᠷ᠎ᠠ ᠶᠢᠨ 9 ᠤ | ᠡᠳᠦᠷ ᠵᠠᠩ ᠣᠪᠣᠭᠲᠤ ᠶᠢ ᠠᠮᠵᠢᠯᠲᠠᠲᠠᠢ ᠪᠠᠷᠢᠪᠴᠢᠯᠠᠪᠠ᠃ | ᠣᠳᠣᠬᠠᠨ ᠳᠤ᠂ ᠲᠤᠰ ᠰᠡᠵᠢᠭᠲᠡᠨ ᠵᠠᠩ ᠣᠪᠣᠭᠲᠤ ᠶᠢ ᠨᠢᠭᠡᠨᠲᠡ ᠡᠷᠡᠭᠦᠦ ᠶᠢᠨ ᠴᠠᠭᠳᠠᠭ᠎ᠠ ᠶᠢᠨ ᠨᠢᠭᠡᠳᠦᠭᠡᠷ | ᠳᠤᠮᠳᠠ ᠠᠩᠭᠢ ᠳᠤ ᠰᠢᠯᠵᠢᠭᠦᠯᠦᠨ ᠲᠤᠰᠢᠶᠠᠵᠠᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |