ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢᠨ ᠶᠠᠰᠤ ᠴᠢᠨᠠᠷ ᠴᠢᠨᠠᠬᠰᠢᠳᠠ | ᠳᠡᠭᠡᠭᠰᠢᠯᠡᠭᠦᠯᠬᠦ ᠶᠢᠨ ᠲᠤᠰᠠᠳᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 5 ᠰᠠᠯᠠᠭ᠎ᠠ | ᠮᠥᠴᠢᠷ ᠤᠨ ︽ᠤᠶᠤᠲᠠᠳ ᠤᠨ ᠬᠥᠳᠡᠭᠡ ᠲᠣᠰᠬᠤᠨ ᠤ ᠡᠮᠴᠢ ᠶᠢᠨ ᠲᠤᠰᠬᠠᠶ ᠲᠥᠯᠥᠪᠯᠡᠭᠡ ᠶᠢ ᠬᠡᠷᠡᠭᠵᠢᠭᠦᠯᠬᠦ | ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ︽ᠠᠵᠢᠯ ᠦᠢᠯᠡᠰ ᠤᠨ ᠨᠢᠭᠡᠴᠢ ᠶᠢᠨ ᠢᠯᠡ ᠪᠠᠷ | ᠠᠵᠢᠯᠲᠠᠨ ᠡᠯᠰᠡᠬᠦ ᠲᠦᠷ ᠬᠡᠷᠡᠭᠵᠢᠭᠦᠯᠬᠦ ᠲᠣᠭᠲᠠᠭᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠠᠷᠭ᠎ᠠ︾ ᠶᠢᠨ ᠬᠤᠯᠪᠣᠭᠳᠠᠯ ᠪᠥᠬᠦᠶ | ᠲᠣᠭᠲᠠᠭᠠᠯ ᠢ ᠦᠨᠳᠦᠰᠦᠯᠡᠨ᠂ ᠰᠤᠳᠤᠯᠤᠨ ᠰᠢᠨᠵᠢᠯᠡᠬᠦ ᠪᠠᠷ ᠲᠠᠮᠵᠢᠭᠠᠳ 2024 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠬᠥᠳᠡᠭᠡ ᠲᠣᠰᠬᠤᠨ ᠤ ᠡᠮᠴᠢ ᠶᠢᠨ ᠲᠤᠰᠬᠠᠶ ᠲᠥᠯᠥᠪᠯᠡᠭᠡ ᠶᠢᠨ | ᠠᠵᠢᠯᠲᠠᠨ ᠡᠯᠰᠡᠬᠦ ᠠᠵᠢᠯ ᠢ ᠵᠤᠬᠢᠶᠠᠨ ᠪᠠᠶᠢᠭᠤᠯᠵᠤ ᠬᠡᠷᠡᠭᠵᠢᠭᠦᠯᠬᠦ ᠪᠠᠷ ᠲᠣᠭᠲᠠᠪᠠ᠃ | ᠢᠯᠡ ᠪᠠᠷ᠂ ᠡᠷᠬᠡ ᠲᠡᠭᠰᠢ ᠥᠷᠢᠰᠥᠯᠳᠦᠵᠦ᠂ ᠰᠢᠯᠢᠳᠡᠭ ᠢ ᠨᠢ ᠰᠣᠩᠭᠤᠬᠤ ᠵᠠᠷᠴᠢᠮ ᠤᠨ ᠶᠣᠰᠣᠭᠠᠷ᠂ ᠲᠤᠰ | ᠤᠳᠠᠭᠠᠨ ᠤ ᠨᠡᠶᠢᠭᠡᠮ ᠳᠤ ᠬᠠᠨᠳᠤᠭᠤᠯᠤᠨ ᠢᠯᠡ ᠪᠠᠷ ᠤᠷᠢᠬᠤ ᠠᠵᠢᠯ ᠤᠨ ᠪᠠᠶᠢᠷᠢ ᠳᠤ ᠬᠥᠬᠡᠬᠤᠲᠠ᠂ ᠪᠤᠭᠤᠲᠤ | ᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠲᠠ᠂ ᠣᠷᠳᠣᠰ ᠬᠤᠳᠠ᠂ ᠪᠠᠶᠠᠨᠨᠠᠭᠤᠷ ᠬᠤᠲᠠ᠂ ᠠᠯᠠᠱᠠ ᠠᠶᠢᠮᠠᠭ | ᠵᠡᠷᠭᠡ 7 ᠠᠶᠢᠮᠠᠭ ᠬᠤᠲᠠ ᠶᠢᠨ 19 ᠬᠤᠰᠢᠭᠤ ᠰᠢᠶᠠᠨ ︵ᠬᠤᠲᠠ᠂ ᠲᠣᠭᠤᠷᠢᠭ︶ ᠤ 245 ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠᠶᠢᠬᠤ ᠪᠦᠭᠡᠳ ᠨᠡᠶᠢᠲᠡ 245 ᠬᠥᠮᠦᠨ ᠡᠯᠰᠡᠬᠦ ᠪᠤᠯᠤᠨ᠎ᠠ᠃ | ᠰᠦᠯᠵᠢᠶᠡᠨ ᠳᠡᠭᠡᠷ᠎ᠡ ᠨᠡᠷ᠎ᠡ ᠮᠡᠳᠡᠬᠦᠯᠦᠨ᠎ᠡ᠂ ᠨᠡᠷ᠎ᠡ ᠮᠡᠳᠡᠭᠦᠯᠬᠦ ᠰᠦᠯᠵᠢᠶ᠎ᠡ ᠨᠢ ᠥᠪᠥᠷ ᠮᠣᠩᠭᠤᠯ ᠤᠨ | ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵ᠰᠦᠯᠵᠢᠶᠡᠨ ᠤ ᠬᠠᠶ᠋ᠢᠭ | http᠄//www.impta.com.cn︶ | ᠨᠡᠷ᠎ᠡ ᠮᠡᠳᠡᠭᠦᠯᠬᠦ ᠴᠠᠭ᠄ 2024 ᠣᠨ ᠤ 3 ᠰᠠᠷ᠎ᠠ ᠶᠢᠨ 10 ᠤ ᠡᠳᠦᠷ ᠤᠨ 9᠄ 00 ᠴᠠᠭ ᠠᠴᠠ 3 | ᠰᠠᠷ᠎ᠠ ᠶᠢᠨ 15 ᠤ ᠡᠳᠦᠷ ᠤᠨ 17᠄ 00 ᠴᠠᠭ ᠪᠣᠯᠲᠠᠯ᠎ᠠ᠃ ᠤᠷᠢᠬᠳᠠᠬᠰᠠᠨ ᠬᠥᠮᠦᠨ ᠨᠢᠭᠡᠪᠦᠷᠢ ᠵᠦᠪᠭᠡᠨ ᠨᠢᠭᠡ | ᠯᠡ ᠠᠵᠢᠯ ᠤᠨ ᠪᠠᠶᠢᠷᠢ ᠶᠢ ᠰᠣᠩᠭᠤᠵᠦ ᠪᠣᠯᠤᠨ᠎ᠠ᠂ ᠨᠡᠷ᠎ᠡ ᠮᠡᠳᠡᠭᠦᠯᠬᠦ ᠦᠶ᠎ᠡ ᠳᠤ᠂ ᠤᠷᠢᠭᠳᠠᠬᠰᠠᠨ ᠬᠥᠮᠦᠨ ᠨᠢ | ᠤᠷᠢᠳ ᠢᠶᠠᠷ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ︽ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ | ᠠᠮᠠᠯᠠᠯᠲᠠ ᠶᠢᠨ ᠪᠢᠴᠢᠭ︾ ᠳᠡᠭᠡᠷ᠎ᠡ ᠭᠠᠷ ᠤᠨ ᠥᠰᠥᠭ ᠵᠢᠷᠤᠬᠤ ᠬᠡᠷᠡᠭᠲᠡᠶ᠃ | |