ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ 40 ᠡᠮᠨᠡᠯᠭᠡ ᠶᠢᠨ ᠠᠵᠢᠯᠲᠠᠨ ᠢ ᠢᠯᠡ ᠪᠠᠷ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2024/3/19
                ᠠᠵᠢᠯ ᠤᠨ ᠪᠠᠶᠢᠷᠢ      ᠨᠢᠭᠡ᠂ ᠤᠷᠢᠬᠤ ᠲᠥᠯᠥᠪᠯᠡᠭᠡ ᠵᠢᠴᠢ ᠲᠤᠰᠬᠠᠢ ᠮᠡᠷᠭᠡᠵᠢᠯ      2024 ᠣᠨ ᠤ ᠡᠯ᠎ᠡ ᠲᠤᠰᠬᠠᠢ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ᠄ ︵ᠲᠤᠰᠬᠠᠢ ᠡᠮᠴᠢ ᠶᠢᠨ ᠬᠢᠷᠢ ᠬᠡᠮ ᠤᠨ ᠦᠨᠡᠮᠯᠡᠯ ᠲᠠᠢ ᠪᠠᠶᠢᠬᠤ ᠶᠢ ᠤᠷᠢᠳ ᠢᠶᠠᠷ ᠪᠣᠳᠣᠯᠬᠢᠯᠠᠨ᠎ᠠ︶      ᠲᠠᠶᠢᠯᠪᠤᠷᠢ᠄       1᠂ ᠡᠷᠦᠬᠡ ᠠᠮᠠ   ᠶᠢᠨ ᠳᠠᠩᠰᠠ   ᠶᠢ ᠲᠣᠭᠲᠠᠬᠤ ᠰᠢᠶᠠᠨ ᠵᠢᠴᠢ ᠲᠣᠭᠲᠠᠬᠤ ᠰᠢᠶᠠᠨ ᠤ ᠡᠷᠭᠢᠨ ᠲᠣᠭᠤᠷᠢᠨ ᠤ ᠬᠢ ᠶᠢ ᠤᠷᠢᠳ ᠢᠶᠠᠷ ᠪᠣᠳᠣᠯᠬᠢᠯᠠᠵᠤ᠂ ᠲᠤᠰᠬᠠᠢ ᠠᠵᠢᠯ ᠡᠷᠭᠢᠯᠡᠬᠦ ᠡᠮᠴᠢ ᠶᠢᠨ ᠬᠢᠷᠢ ᠬᠡᠮ ᠤᠨ ᠦᠨᠡᠮᠯᠡᠯ ᠲᠠᠢ ᠪᠠᠶᠢᠬᠤ ᠶᠢ ᠤᠷᠢᠳ ᠢᠶᠠᠷ ᠪᠣᠳᠣᠯᠬᠢᠯᠠᠨ᠎ᠠ ᡽       2᠂ ᠬᠠᠷᠢᠯᠴᠠᠬᠤ ᠬᠡᠯᠪᠡᠷᠢ᠄ 15326061853 ︵ᠯᠢᠦ ᠷᠦᠢ ᠵᠢᠶᠦ᠋ᠨ ᠬᠤᠷᠢᠶᠠᠨ ᠳᠠᠷᠤᠭ᠎ᠠ︶      0471-8551189 ︵ᠬᠥᠮᠥᠨ ᠤ ᠬᠦᠴᠦᠨ ᠤ ᠡᠬᠢ ᠪᠠᠶᠠᠯᠢᠭ ᠤᠨ ᠡᠷᠬᠢᠯᠡᠭᠴᠢ ᠭᠦᠸᠧ ᠬᠤᠸᠠ ᠯᠢ︶      ᠲᠣᠪᠴᠢ ᠨᠠᠮᠲᠠᠷ ᠬᠦᠷᠭᠡᠬᠦ ᠰᠢᠤᠳᠠᠨ ᠬᠠᠶᠢᠷᠴᠠᠭ᠄ tktxyy@163.com      3᠂ ᠡᠭᠦᠨ ᠳᠤ ᠡᠮᠨᠡᠯᠭᠡ ᠳᠤ ᠬᠡᠷᠡᠭᠯᠡᠬᠦ / ᠠᠨᠠᠭᠠᠬᠤ ᠤᠬᠠᠭᠠᠨ ᠤ ᠹᠢᠽᠢᠺ ᠤᠨ ᠤᠬᠠᠭᠠᠨ᠂ ᠠᠮᠢᠳᠤ ᠪᠣᠳᠠᠰ ᠤᠨ ᠹᠢᠽᠢᠺ ︵ᠰᠠᠴᠤᠷᠠᠭ ᠬᠠᠪᠤᠳᠠᠷ ᠤᠨ ᠹᠢᠽᠢᠺ᠂ ᠠᠨᠠᠭᠠᠬᠤ ᠤᠬᠠᠭᠠᠨ ᠤ ᠳᠦᠷᠰᠦ ᠰᠡᠭᠦᠳᠡᠷ ᠤᠨ ᠹᠢᠽᠢᠺ᠂ ᠴᠥᠮ᠎ᠡ ᠶᠢᠨ ᠠᠨᠠᠭᠠᠬᠤ ᠤᠬᠠᠭᠠᠨ ᠤ ᠹᠢᠽᠢᠺ ᠵᠡᠷᠭᠡ ᠴᠢᠭᠯᠡᠯ︶᠂ ᠹᠢᠽᠢᠺ ᠤᠨ ᠤᠬᠠᠭᠠᠨ ᠤ ᠲᠤᠰᠬᠠᠢ ᠮᠡᠷᠭᠡᠵᠢᠯ ᠤᠨ ᠬᠠᠮᠢᠶ᠎ᠠ ᠪᠦᠬᠦᠢ ᠰᠠᠴᠤᠷᠠᠭ ᠵᠠᠰᠠᠯ ᠤᠨ ᠹᠢᠽᠢᠺ ᠤᠨ ᠮᠡᠷᠭᠡᠵᠢᠯᠲᠡᠨ ᠪᠠᠴᠢᠮ ᠬᠡᠷᠡᠭᠴᠡᠭᠡ ᠲᠠᠢ᠃                ᠴᠠᠯᠢᠩ ᠬᠠᠷᠠᠭᠠᠯᠵᠠᠯ 1᠂ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠤ ᠰᠠᠭᠠᠳ ᠦᠭᠡᠢ ᠨᠡᠪᠲᠡᠷᠡᠬᠦ ᠵᠠᠮ ᠤᠨ ᠣᠯᠭᠤᠮᠵᠢ ᠶᠢ ᠬᠡᠷᠡᠭᠵᠢᠭᠦᠯᠵᠦ᠂ ᠲᠤᠰᠬᠠᠢ ᠠᠵᠢᠯ ᠡᠷᠭᠢᠯᠡᠬᠦ ᠡᠮᠴᠢ ᠶᠢᠨ ᠦᠨᠡᠮᠯᠡᠯ ᠣᠯᠣᠭᠠᠳᠤᠢ ᠬᠥᠮᠥᠰ ᠲᠤ ᠨᠢᠭᠡᠴᠢ ᠶᠢᠨ ᠬᠡᠯᠡᠯᠴᠡᠭᠡᠷ ᠤᠨ ᠴᠠᠯᠢᠩ ︵ᠰᠠᠷ᠎ᠠ ᠪᠦᠷᠢ 3000 ᠲᠥᠭᠦᠷᠢᠭ︶ ᠶᠣᠰᠣᠭᠠᠷ ᠬᠡᠷᠡᠭᠵᠢᠭᠦᠯᠵᠦ᠂ ᠠᠵᠢᠯ ᠳᠤ ᠣᠷᠣᠭᠠᠳ ᠪᠦᠬᠦᠯᠢ ᠨᠢᠭᠡ ᠵᠢᠯ ᠪᠣᠯᠤᠭᠰᠠᠨ ᠤ ᠳᠠᠷᠠᠭ᠎ᠠ ᠲᠠᠪᠤᠨ ᠳᠠᠭᠠᠳᠬᠠᠯ ᠲᠤᠰᠢᠶᠠᠨ᠎ᠠ︔ ᠲᠤᠰᠬᠠᠢ ᠠᠵᠢᠯ ᠡᠷᠬᠢᠯᠡᠬᠦ ᠡᠮᠴᠢ ᠶᠢᠨ ᠦᠨᠡᠮᠯᠡᠯ ᠢ ᠰᠢᠯᠭᠠᠭᠤᠯᠵᠤ ᠠᠪᠤᠭᠰᠠᠨ ᠤ ᠳᠠᠷᠠᠭ᠎ᠠ ᠲᠤᠰᠠᠭᠠᠷ ᠠᠵᠢᠯ ᠤᠨ ᠪᠠᠶᠢᠷᠢ ᠳᠤ ᠭᠠᠷᠤᠭᠰᠠᠳ ᠤᠨ ᠴᠠᠯᠢᠩ ᠤᠨ ᠬᠠᠷᠠᠭᠠᠯᠵᠠᠯ ᠢ ᠠᠵᠢᠯ ᠦᠢᠯᠡᠰ ᠤᠨ ᠨᠢᠭᠡᠴᠢ ᠶᠢᠨ ᠠᠳᠠᠯᠢ ᠠᠵᠢᠯ ᠤᠨ ᠪᠠᠶᠢᠷᠢ ᠠᠳᠠᠯᠢ ᠮᠡᠷᠭᠡᠵᠢᠯ ᠤᠨ ᠴᠣᠯᠠ ᠲᠠᠢ ᠲᠤᠰᠬᠠᠢ ᠮᠡᠷᠭᠡᠵᠢᠯ ᠤᠨ ᠠᠵᠢᠯᠲᠠᠨ ᠤ ᠪᠦᠬᠦ ᠲᠣᠭᠠᠨ ᠤ ᠴᠠᠯᠢᠩ ᠢᠶᠠᠷ ᠯᠠᠪᠯᠠᠯᠲᠠ ᠪᠣᠯᠭᠠᠨ᠎ᠠ ︵ᠰᠠᠷ᠎ᠠ ᠪᠦᠷᠢ ᠪᠠᠷᠤᠭ 5100 ᠲᠥᠭᠦᠷᠢᠭ ᠣᠯᠭᠤᠨ᠎ᠠ᠂ ᠡᠭᠦᠨ ᠳᠤ ᠬᠠᠭᠠᠰ ᠵᠢᠯ ᠳᠤ ᠨᠢᠭᠡ ᠤᠳᠠᠭ᠎ᠠ ᠣᠯᠭᠤᠬᠤ ᠱᠠᠩᠨᠠᠯ ᠤᠨ ᠴᠢᠨᠠᠷᠲᠠᠢ ᠠᠵᠢᠯ ᠤᠨ ᠪᠦᠲᠦᠮᠵᠢ ᠶᠢ ᠪᠠᠭᠲᠠᠭᠠᠨ᠎ᠠ︶ ᠪᠥᠭᠡᠳ ᠰᠠᠯᠠᠭ᠎ᠠ ᠲᠠᠰᠤᠭ ᠤᠨ ᠠᠵᠢᠯ ᠤᠨ ᠪᠦᠲᠦᠮᠵᠢ ᠶᠢᠨ ᠬᠤᠪᠢᠶᠠᠷᠢᠯᠠᠯᠲᠠ ᠳᠤ ᠣᠷᠣᠯᠴᠠᠨ᠎ᠠ ︵ᠰᠠᠷ᠎ᠠ ᠪᠦᠷᠢ ᠪᠠᠷᠤᠭ 2000~3500 ᠲᠥᠭᠦᠷᠢᠭ ᠣᠷᠴᠢᠮ︶︔      2᠂ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠲᠤᠰᠠᠯᠠᠬᠤ ᠡᠮᠴᠢ ᠶᠢᠨ ᠬᠢᠷᠢ ᠬᠡᠮ ᠤᠨ ᠦᠨᠡᠮᠯᠡᠯ ᠲᠠᠢ ᠪᠣᠯ᠂ ᠡᠮᠨᠡᠯᠭᠡ ᠶᠢᠨ ᠬᠤᠷᠢᠶ᠎ᠠ ᠶᠢᠨ ᠡᠩ ᠤᠨ ᠤᠷᠢᠨ ᠬᠡᠷᠡᠭᠯᠡᠬᠦ ᠣᠯᠭᠤᠮᠵᠢ ︵ᠪᠠᠷᠤᠭ 1450 ᠲᠥᠭᠦᠷᠢᠭ / ᠰᠠᠷ᠎ᠠ + 800 ᠲᠥᠭᠦᠷᠢᠭ /ᠰᠠᠷ᠎ᠠ ᠶᠢᠨ ᠨᠥᠬᠦᠪᠦᠷᠢ︶ ᠶᠣᠰᠣᠭᠠᠷ᠂ ᠠᠵᠢᠯ ᠳᠤ ᠣᠷᠣᠭᠠᠳ ᠪᠦᠬᠦᠯᠢ ᠨᠢᠭᠡ ᠵᠢᠯ ᠪᠣᠯᠤᠭᠰᠠᠨ ᠤ ᠳᠠᠷᠠᠭ᠎ᠠ ᠲᠠᠪᠤᠨ ᠳᠠᠭᠠᠳᠬᠠᠯ ᠲᠤᠰᠢᠶᠠᠨ᠎ᠠ︔ ᠲᠤᠰᠬᠠᠢ ᠠᠵᠢᠯ ᠡᠷᠭᠢᠯᠡᠬᠦ ᠡᠮᠴᠢ ᠶᠢᠨ ᠦᠨᠡᠮᠯᠡᠯ ᠢ ᠰᠢᠯᠭᠠᠨ ᠠᠪᠤᠭᠰᠠᠨ ᠤ ᠳᠠᠷᠠᠭ᠎ᠠ ᠲᠤᠰᠠᠭᠠᠷ ᠠᠵᠢᠯ ᠤᠨ ᠪᠠᠶᠢᠷᠢ ᠳᠤ ᠭᠠᠷᠤᠭᠰᠠᠳ ᠢ ᠰᠠᠭᠠᠳ ᠦᠭᠡᠢ ᠨᠡᠪᠲᠡᠷᠡᠬᠦ ᠵᠠᠮ ᠢᠶᠠᠷ ᠤᠷᠢᠨ ᠬᠡᠷᠡᠭᠯᠡᠵᠦ᠂ ᠬᠠᠷᠠᠭᠠᠯᠵᠠᠯ ᠨᠢ ᠰᠠᠭᠠᠳ ᠦᠭᠡᠢ ᠨᠡᠪᠲᠡᠷᠡᠬᠦ ᠵᠠᠮ ᠢᠶᠠᠷ ᠤᠷᠢᠨ ᠬᠡᠷᠡᠭᠯᠡᠭᠰᠡᠳ ᠲᠠᠢ ᠠᠳᠠᠯᠢ ᠪᠠᠶᠢᠵᠤ᠂ ᠰᠠᠯᠠᠭ᠎ᠠ ᠲᠠᠰᠤᠭ ᠤᠨ ᠠᠵᠢᠯ ᠤᠨ ᠪᠦᠲᠦᠮᠵᠢ ᠶᠢᠨ ᠬᠤᠪᠢᠶᠠᠷᠢᠯᠠᠯᠲᠠ ᠳᠤ ᠣᠷᠣᠯᠴᠠᠨ᠎ᠠ ︵ᠪᠠᠷᠤᠭ 2000 ~ 3500 ᠲᠥᠭᠦᠷᠢᠭ ᠣᠷᠴᠢᠮ /ᠰᠠᠷ᠎ᠠ︶︔ 3  ᠂ ᠬᠡᠷᠪᠡ ᠲᠤᠰᠬᠠᠢ ᠠᠵᠢᠯ ᠡᠷᠬᠢᠯᠡᠬᠦ ᠡᠮᠴᠢ ᠶᠢᠨ ᠬᠢᠷᠢ ᠬᠡᠮ ᠤᠨ ᠦᠨᠡᠮᠯᠡᠯ ᠲᠠᠢ ᠬᠥᠮᠥᠨ ᠤᠷᠢᠭᠳᠠᠪᠠᠯ ︵ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢᠨ ᠨᠠᠰᠤ ᠵᠢᠯ ᠨᠢ ᠪᠦᠬᠦᠯᠢ 30 ᠨᠠᠰᠤ ᠠᠴᠠ ᠬᠡᠲᠦᠷᠡᠬᠦ ᠦᠭᠡᠢ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠨᠠᠰᠤ ᠵᠢᠯ ᠨᠢ ᠪᠦᠬᠦᠯᠢ 35 ᠨᠠᠰᠤ ᠠᠴᠠ ᠬᠡᠲᠦᠷᠡᠬᠦ ᠦᠭᠡᠢ︶᠃ ᠲᠤᠷᠰᠢᠨ ᠬᠡᠷᠡᠭᠯᠡᠬᠦ ᠬᠤᠭᠤᠴᠠᠭ᠎ᠠ ᠨᠢ ᠭᠤᠷᠪᠠᠨ ᠰᠠᠷ᠎ᠠ᠂ ᠲᠤᠷᠰᠢᠨ ᠬᠡᠷᠡᠭᠯᠡᠬᠦ ᠬᠤᠭᠤᠴᠠᠭᠠᠨ ᠤ ᠴᠠᠯᠢᠩ ᠢ ᠰᠠᠷ᠎ᠠ ᠪᠦᠷᠢ 3000 ᠲᠥᠭᠦᠷᠢᠭ / ᠰᠠᠷ᠎ᠠ ᠥᠭᠴᠦ᠂ ᠲᠠᠪᠤᠨ ᠳᠠᠭᠠᠳᠬᠠᠯ ᠨᠢᠭᠡ ᠮᠥᠩᠭᠦ ᠲᠤᠰᠢᠶᠠᠯᠭᠠᠨ᠎ᠠ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠴᠦ᠂ ᠬᠢᠨᠠᠨ ᠰᠢᠯᠭᠠᠭᠠᠳ ᠬᠢᠷᠢ ᠲᠡᠩᠴᠡᠪᠡᠯ ᠲᠤᠰᠠᠭᠠᠷ ᠠᠵᠢᠯ ᠤᠨ ᠪᠠᠶᠢᠷᠢ ᠳᠤ ᠭᠠᠷᠴᠤ ᠳᠡᠶᠢᠯᠬᠦ ᠳᠤ ᠭᠦᠷᠪᠡᠯ᠂ ᠴᠠᠯᠢᠩ ᠤᠨ ᠣᠯᠭᠤᠮᠵᠢ ᠶᠢ ᠠᠵᠢᠯ ᠦᠢᠯᠡᠰ ᠤᠨ ᠨᠢᠭᠡᠴᠡ ᠶᠢᠨ ᠠᠳᠠᠯᠢ ᠠᠵᠢᠯ ᠤᠨ ᠪᠠᠶᠢᠷᠢ ᠠᠳᠠᠯᠢ ᠮᠡᠷᠭᠡᠵᠢᠯ ᠤᠨ ᠴᠣᠯᠠ ᠲᠠᠢ ᠲᠤᠰᠬᠠᠢ ᠮᠡᠷᠭᠡᠵᠢᠯ ᠤᠨ ᠠᠵᠢᠯᠲᠠᠨ ᠤ ᠪᠥᠬᠦ ᠲᠣᠭᠠᠨ ᠤ ᠴᠠᠯᠢᠩ ︵ᠪᠠᠷᠤᠭ 5100 ᠲᠥᠭᠦᠷᠢᠭ / ᠰᠠᠷ᠎ᠠ᠂ ᠡᠭᠦᠨ ᠳᠤ ᠬᠠᠭᠠᠰ ᠵᠢᠯ ᠳᠤ ᠨᠢᠭᠡ ᠤᠳᠠᠭ᠎ᠠ ᠣᠯᠭᠤᠬᠤ ᠱᠠᠩᠨᠠᠯ ᠤᠨ ᠴᠢᠨᠠᠷᠲᠠᠢ ᠠᠵᠢᠯ ᠤᠨ ᠪᠦᠲᠦᠮᠵᠢ ᠪᠠᠭᠲᠠᠨ᠎ᠠ︶ ᠢᠶᠠᠷ ᠯᠠᠪᠯᠠᠯᠲᠠ ᠪᠣᠯᠭᠠᠬᠤ ᠶᠢᠨ ᠬᠠᠮᠲᠤ ᠰᠠᠯᠠᠭ᠎ᠠ ᠲᠠᠰᠤᠭ ᠤᠨ ᠠᠵᠢᠯ ᠤᠨ ᠪᠦᠲᠦᠮᠵᠢ ᠶᠢᠨ ᠬᠤᠪᠢᠶᠠᠷᠢᠯᠠᠯᠲᠠ ᠳᠤ ᠣᠷᠣᠯᠴᠠᠨ᠎ᠠ ︵ᠪᠠᠷᠤᠭ 2000 ~ 3500 ᠲᠥᠭᠦᠷᠢᠭ ᠣᠷᠴᠢᠮ /ᠰᠠᠷ᠎ᠠ︶4  ᠂ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠬᠤ ᠰᠣᠷᠣᠭᠴᠢ ᠶᠢ ᠣᠷᠣᠭᠤᠯᠤᠨ ᠠᠪᠴᠢᠷᠠᠬᠤ ᠬᠠᠷᠠᠭᠠᠯᠵᠠᠯ᠄ ᠬᠢᠨᠠᠨ ᠰᠢᠯᠭᠠᠭᠠᠳ ᠬᠢᠷᠢ ᠲᠡᠩᠴᠡᠪᠡᠯ ᠪᠡᠶ᠎ᠡ ᠪᠠᠨ ᠳᠠᠭᠠᠭᠠᠵᠤ ᠠᠵᠢᠯ ᠤᠨ ᠪᠠᠶᠢᠷᠢ ᠳᠤ ᠭᠠᠷᠴᠤ ᠳᠡᠶᠢᠯᠬᠦ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠳᠤ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠠᠵᠢᠯᠲᠠᠨ ᠤ ᠴᠠᠯᠢᠩ ᠠᠰᠠᠷᠠᠮᠵᠢ ᠶᠢᠨ ᠬᠠᠷᠠᠭᠠᠯᠵᠠᠯ ᠬᠦᠷᠲᠡᠭᠡᠨ᠎ᠡ᠂ ᠡᠮᠨᠡᠯᠭᠡ ᠶᠢᠨ ᠬᠤᠷᠢᠶ᠎ᠠ ᠲᠠᠢ ᠬᠥᠳᠡᠯᠮᠦᠷᠢ ᠶᠢᠨ ᠭᠡᠷ᠎ᠡ ᠲᠣᠭᠲᠠᠪᠠᠯ᠂ ᠦᠢᠯᠡᠴᠢᠯᠡᠭᠡᠨ ᠤ ᠬᠤᠭᠤᠴᠠᠭ᠎ᠠ ᠨᠢ ᠪᠦᠬᠦᠯᠢ 15 ᠵᠢᠯ ᠪᠣᠯᠪᠠᠯ᠂ 30 ᠲᠦᠮᠡᠨ ᠲᠥᠭᠦᠷᠢᠭ ᠤᠨ ᠲᠥᠪᠬᠢᠨᠡᠭᠦᠯᠬᠦ ᠰᠦᠢᠳᠬᠡᠯ ᠣᠯᠭᠤᠨ᠎ᠠ ︵ᠣᠷᠣᠭᠤᠯᠤᠨ ᠠᠪᠴᠢᠷᠠᠭᠰᠠᠨ ᠰᠤᠳᠤᠯᠬᠤ ᠰᠣᠷᠣᠭᠴᠢ ᠶᠢ ᠡᠮᠨᠡᠯᠭᠡ ᠶᠢᠨ ᠬᠤᠷᠢᠶ᠎ᠠ ᠳᠤ ᠳᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠᠶᠢᠬᠤ ᠬᠡᠷᠡᠭᠲᠡᠢ︶᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1