ᠦᠪᠦᠷ ᠪᠠᠶᠢᠭᠤᠯᠤᠯᠳᠠ ᠴᠢᠨᠠᠷ ﹇2024﹈ 55 ᠳ᠋ᠤᠭᠠᠷ ᠲᠣᠭᠠᠲᠤ | ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠳᠤ᠄ | ᠪᠥᠬᠦ ᠣᠷᠣᠨ ᠤ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠵᠢᠯ ᠡᠬᠢᠯᠡᠭᠦᠯᠬᠦ ᠪᠠ | ᠠᠵᠢᠯ ᠰᠡᠷᠭᠦᠭᠡᠬᠦ ᠠᠶᠦᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭᠠᠳᠬᠠᠵᠤ᠂ ᠨᠢᠭᠡ ᠠᠴᠠ ᠵᠦᠢᠴᠢᠯᠡᠵᠦ | ᠭᠤᠷᠪᠠ ᠢ ᠮᠡᠳᠡᠵᠦ᠂ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠵᠤ᠂ | ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ | ᠠᠳᠡᠯ ᠭᠠᠷᠬᠤ ᠶᠢ ᠪᠦᠲᠦᠮᠵᠢᠲᠡᠶ ᠬᠤᠷᠢᠭᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ | ᠳᠣᠣᠷᠠᠬᠢ ᠮᠡᠲᠦ ᠮᠡᠳᠡᠭᠳᠡᠪᠡ᠃ | ᠨᠢᠭᠡ᠂ ᠠᠵᠢᠯ ᠡᠬᠢᠯᠡᠭᠦᠯᠬᠦ ᠪᠠ ᠠᠵᠢᠯ ᠰᠡᠷᠭᠦᠭᠡᠬᠦ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢ | ᠴᠢᠩᠭᠠᠳᠬᠠᠨ᠎ᠠ | ᠠᠵᠢᠯ ᠢᠶᠠᠨ ᠡᠬᠢᠯᠡᠭᠦᠯᠬᠦ ᠪᠠ ᠰᠡᠷᠭᠦᠭᠡᠬᠦ ᠱᠠᠲᠤ ᠦᠶ᠎ᠡ ᠪᠣᠯ ᠶᠡᠷᠦ ᠠᠴᠠ ᠠᠶᠤᠯᠭᠦᠢ ᠦᠢᠯᠡᠳᠪᠦᠷᠢᠯᠡᠯ ᠤᠨ | ᠠᠳᠡᠯ ᠣᠯᠠᠨ ᠭᠠᠷᠬᠤ ᠴᠠᠭ ᠦᠶ᠎ᠡ ᠮᠥᠨ᠂ ᠡᠯ᠎ᠡ ᠠᠶᠢᠮᠠᠭ ᠬᠤᠲᠠ ᠶᠢᠨ ᠬᠢᠨ ᠠᠶᠤᠯᠭᠦᠢ ᠦᠢᠯᠡᠳᠪᠦᠷᠢᠯᠡᠯ ᠤᠨ | ᠠᠵᠢᠯ ᠢ ᠡᠬᠢᠯᠡᠭᠦᠯᠬᠦ ᠪᠠ ᠰᠡᠷᠭᠦᠭᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ | ᠠᠵᠢᠯ ᠢᠶᠠᠨ ᠰᠡᠷᠭᠦᠭᠡᠬᠦ ᠠᠵᠢᠯ ᠤᠨ ᠠᠶᠤᠯᠭᠦᠢ ᠦᠢᠯᠡᠳᠪᠦᠷᠢᠯᠡᠯ ᠤᠨ ᠵᠢᠮ᠎ᠡ ᠶᠣᠰᠣ ᠪᠠ ᠣᠨᠴᠠᠯᠢᠭ ᠢ ᠨᠠᠷᠢᠨ | ᠬᠢᠨᠠᠮᠠᠭᠠᠢ ᠰᠤᠳᠤᠯᠤᠨ ᠮᠠᠭᠠᠳᠯᠠᠵᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠬᠤ ᠬᠠᠷᠢᠭᠤᠴᠠᠯᠭᠠᠲᠤ | ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠰᠣᠬᠤᠷ ᠪᠠᠯᠠᠢ ᠪᠠ ᠮᠢᠨᠴᠦᠭᠦᠷᠡᠨ | ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠡᠮᠦᠨ᠎ᠡ ᠨᠢ ᠵᠣᠭᠰᠣᠵᠤ᠂ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠠᠵᠢᠯ ᠡᠬᠢᠯᠡᠭᠦᠯᠬᠦ ᠪᠠ ᠠᠵᠢᠯ ᠰᠡᠷᠭᠦᠭᠡᠬᠦ ᠠᠵᠢᠯ ᠤᠨ ᠠᠮᠤᠷ ᠲᠦᠪᠰᠢᠨ ᠤ ᠪᠠᠶᠢᠴᠠᠭᠠᠯᠲᠠ ᠪᠠ | ᠰᠢᠪᠠᠳᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠠᠵᠢᠯ ᠡᠬᠢᠯᠡᠭᠦᠯᠦᠨ ᠠᠵᠢᠯ ᠰᠡᠷᠭᠦᠭᠡᠬᠦ ᠶᠢ ᠪᠠᠶᠢᠴᠠᠭᠠᠨ ᠳᠠᠶᠢᠴᠢᠯᠠᠬᠤ ᠪᠠ | ᠠᠵᠢᠯᠲᠠᠨ ᠤ ᠦᠵᠡᠯ ᠰᠠᠨᠠᠭᠠᠨ ᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠤᠷᠢᠳᠴᠢᠯᠠᠨ ᠰᠡᠷᠭᠡᠶᠢᠯᠡᠬᠦ ᠠᠷᠭ᠎ᠠ | ᠬᠡᠮᠵᠢᠶ᠎ᠡ ᠠᠪᠴᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ | ᠬᠤᠷᠢᠭ᠎ᠠ ᠱᠤᠭᠤᠮ ᠢ ᠪᠠᠲᠤ ᠰᠠᠬᠢᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠡᠯ᠎ᠡ ᠲᠥᠷᠥᠯ ᠤᠨ ᠠᠶᠤᠯ ᠲᠦᠭᠰᠢᠭᠦᠷᠢ ᠶᠢ ᠡᠷᠡᠰ ᠠᠷᠢᠯᠭᠠᠵᠤ᠂ ᠪᠥᠬᠦ ᠵᠢᠯ ᠤᠨ ᠭᠡᠷ ᠪᠠᠶᠢᠰᠢᠩ ᠬᠤᠲᠠ ᠶᠢᠨ | ᠶᠠᠪᠤᠳᠠᠯ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠰᠠᠶᠢᠨ ᠡᠬᠢᠯᠡᠯᠲᠡ ᠲᠠᠢ ᠪᠣᠯᠭᠠᠵᠤ᠂ | ᠰᠠᠭᠤᠷᠢ ᠶᠢ ᠰᠠᠶᠢᠲᠤᠷ ᠲᠠᠯᠪᠢᠨ᠎ᠠ᠃ | ᠬᠤᠶᠠᠷ᠂ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠶᠢᠨ ᠠᠶᠤᠯᠭᠦᠢ ᠦᠢᠯᠡᠳᠪᠦᠷᠢᠯᠡᠯ ᠤᠨ | ᠨᠥᠬᠦᠴᠡᠯ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ | ᠡᠯ᠎ᠡ ᠠᠶᠢᠮᠠᠭ ᠬᠤᠲᠠ ᠨᠤᠭᠤᠳ ᠠᠵᠢᠯ ᠡᠬᠢᠯᠡᠭᠦᠯᠬᠦ ᠪᠠ ᠠᠵᠢᠯ ᠰᠡᠷᠭᠦᠭᠡᠬᠦ ᠶᠢ ᠰᠢᠯᠭᠠᠨ ᠠᠪᠬᠤ ᠲᠠᠰ | ᠳᠠᠷᠠᠭᠠᠯᠠᠯ ᠢ ᠬᠢᠨᠠᠮᠠᠭᠠᠢ ᠭᠦᠢᠴᠡᠳᠬᠡᠵᠦ᠂ ᠠᠵᠢᠯ ᠡᠬᠢᠯᠡᠭᠦᠯᠬᠦ ᠪᠠ ᠠᠵᠢᠯ ᠰᠡᠷᠭᠦᠭᠡᠬᠦ ᠶᠢᠨ ᠠᠶᠦᠯᠭᠦᠢ | ᠦᠢᠯᠡᠳᠪᠦᠷᠢᠯᠡᠯ ᠤᠨ ᠨᠥᠬᠦᠴᠡᠯ ᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠪᠠᠷᠢᠮᠲᠠᠯᠠᠨ᠂ ᠠᠵᠢᠯᠲᠠᠨ ᠤ | ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ ︽ᠠᠮᠤᠷ ᠲᠦᠪᠰᠢᠨ ᠤ ᠡᠳᠦᠷ ᠤᠨ ᠲᠡᠮᠳᠡᠭᠯᠡᠯ︾ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠪᠠᠶᠢᠴᠠᠭᠠᠵᠤ᠂ ᠨᠢᠭᠡ ᠶᠢ ᠰᠢᠯᠭᠠᠪᠠᠯ ᠨᠢᠭᠡ ᠨᠢ ᠬᠢᠷᠢ ᠲᠡᠩᠴᠡᠵᠦ | ᠨᠢᠭᠡ ᠶᠢ ᠠᠵᠢᠯ ᠡᠬᠢᠯᠡᠭᠦᠯᠦᠨ ᠠᠵᠢᠯ ᠰᠡᠷᠭᠦᠭᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠪᠦᠲᠦᠭᠡᠨ | ᠪᠠᠶᠢᠭᠤᠯᠤᠯᠲᠠ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠠᠵᠢᠯ ᠢᠶᠠᠨ ᠰᠡᠷᠭᠦᠭᠡᠬᠦ ᠠᠶᠦᠯᠭᠦᠢ ᠦᠢᠯᠡᠳᠪᠦᠷᠢᠯᠡᠯ ᠤᠨ | ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠢᠶᠠᠨ ᠰᠡᠷᠭᠦᠭᠡᠬᠦ ᠠᠵᠢᠯ ᠤᠨ | ᠲᠥᠰᠥᠯ ᠢ ᠰᠤᠳᠤᠯᠤᠨ ᠲᠣᠭᠲᠠᠭᠠᠵᠤ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠶᠢᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ ᠢᠶᠠᠨ ᠰᠡᠷᠭᠦᠭᠡᠬᠦ ᠠᠴᠠ ᠡᠮᠦᠨᠡᠬᠢ ᠠᠮᠤᠷ ᠲᠦᠪᠰᠢᠨ ᠤ ᠳᠠᠯᠳᠠ ᠬᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠢ︔ ᠪᠠᠷᠢᠯᠭ᠎ᠠ ᠶᠢᠨ ᠨᠢᠭᠡᠴᠢ | ᠨᠢ ᠠᠵᠢᠯ ᠡᠬᠢᠯᠡᠭᠦᠯᠬᠦ ᠶᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠲᠥᠷᠥᠯ ᠵᠦᠢᠯ ᠤᠨ ᠬᠠᠷᠢᠭᠤᠴᠠᠯᠭᠠᠲᠠᠨ | ᠂ ᠮᠡᠷᠭᠡᠵᠢᠯ ᠤᠨ ᠬᠠᠷᠢᠭᠤᠴᠠᠯᠭᠠᠲᠠᠨ᠂ ᠲᠤᠰᠬᠠᠢ ᠲᠤᠰᠢᠶᠠᠯᠲᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ | ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠠᠵᠢᠯ ᠤᠨ ᠪᠠᠶᠢᠷᠢ ᠳᠤ ᠬᠦᠷᠴᠦ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠪᠤᠶ ᠪᠦᠬᠦᠢ ᠠᠵᠢᠯ ᠡᠬᠢᠯᠡᠭᠦᠯᠬᠦ ᠪᠠ | ᠰᠡᠷᠭᠦᠭᠡᠬᠦ ᠲᠥᠷᠥᠯ ᠵᠦᠢᠯ ᠢ ᠡᠷᠬᠡᠪᠰᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠬᠤ | ᠪᠤᠶᠤ ᠰᠢᠯᠭᠠᠨ ᠠᠪᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠠᠵᠢᠯ ᠡᠬᠢᠯᠡᠭᠦᠯᠵᠦ ᠰᠡᠷᠭᠦᠭᠡᠵᠦ ᠪᠣᠯᠣᠨ᠎ᠠ᠂ | ᠪᠠᠷᠢᠯᠭ᠎ᠠ ᠶᠢᠨ ᠲᠥᠷᠥᠯ ᠵᠦᠢᠯ ᠳᠤ ᠦᠨᠳᠦᠰᠦᠨ ᠪᠦᠲᠦᠭᠡᠨ ᠪᠠᠶᠢᠭᠤᠯᠤᠯᠳ᠋᠊ ᠶᠢᠨ ᠲᠡᠰ ᠳᠠᠷᠠᠭᠠᠯᠠᠯ ᠢ ᠭᠦᠢᠴᠡᠳᠬᠡᠭᠰᠡᠨ | ᠦᠭᠡᠢ᠂ ᠠᠶᠦᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠦᠭᠰᠡᠨ ᠦᠭᠡᠢ᠂ ᠵᠠᠩᠭᠢᠯᠠᠭ᠎ᠠ ᠶᠢᠨ ᠠᠵᠢᠯ ᠤᠨ | ᠪᠠᠶᠢᠷᠢ ᠲᠤ ᠪᠠᠶᠢᠭ᠎ᠠ ᠬᠥᠮᠥᠰ ᠠᠵᠢᠯ ᠤᠨ ᠪᠠᠶᠢᠷᠢ ᠲᠤ ᠬᠦᠷᠬᠦ ᠦᠭᠡᠢ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ ᠦᠭᠡᠢ᠂ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯᠲᠠᠨ ᠪᠣᠯᠣᠨ ᠠᠵᠢᠯᠯᠠᠭᠰᠠᠳ ᠲᠤ | ᠠᠶᠦᠯᠭᠦᠢ ᠦᠢᠯᠡᠳᠪᠦᠷᠢᠯᠡᠯ ᠤᠨ ᠬᠥᠮᠦᠵᠢᠯ ᠪᠤᠯᠪᠠᠰᠤᠷᠠᠯ ᠬᠢᠭᠰᠡᠨ ᠦᠭᠡᠢ᠂ ᠠᠶᠦᠯᠭᠦᠢ ᠶᠢᠨ ᠬᠠᠮᠠᠭᠠᠯᠠᠯᠲᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ᠂ ︽ᠠᠶᠦᠯᠭᠦᠢ ᠶᠢᠨ ᠡᠳᠦᠷ ᠤᠨ ᠲᠡᠮᠳᠡᠭᠯᠡᠯ︾ ᠤᠨ | ᠳᠦᠷᠢᠮᠢ ᠬᠡᠷᠡᠭᠵᠢᠭᠦᠯᠦᠭᠰᠡᠨ ᠦᠭᠡᠢ ᠪᠣᠯ ᠴᠥᠮ ᠠᠵᠢᠯ ᠡᠬᠢᠯᠡᠭᠦᠯᠦᠨ ᠠᠵᠢᠯ ᠰᠡᠷᠭᠦᠭᠡᠵᠦ ᠪᠣᠯᠬᠤ ᠦᠭᠡᠢ᠃ | ᠭᠤᠷᠪᠠ᠂ ᠠᠵᠢᠯ ᠡᠬᠢᠯᠡᠭᠦᠯᠦᠨ ᠠᠵᠢᠯ ᠰᠡᠷᠭᠦᠭᠡᠬᠦ ᠠᠴᠠ ᠡᠮᠦᠨᠡᠬᠢ ᠠᠶᠦᠯᠭᠦᠢ ᠦᠢᠯᠡᠳᠪᠦᠷᠢᠯᠡᠯ ᠤᠨ | ᠬᠥᠮᠦᠵᠢᠯ ᠪᠤᠯᠪᠠᠰᠤᠷᠠᠯ ᠢ ᠦᠷᠨᠢᠭᠦᠯᠦᠨ᠎ᠡ | ᠠᠵᠢᠯ ᠢᠶᠠᠨ ᠰᠡᠷᠭᠦᠭᠡᠵᠦ ᠪᠠᠶᠢᠭ᠎ᠠ ᠬᠤᠭᠤᠴᠠᠭᠠᠨ ᠳᠤ ᠪᠡᠯᠡᠳᠬᠡᠯ ᠭᠦᠢᠴᠡᠳ ᠪᠤᠰᠤ᠂ ᠠᠵᠢᠯᠲᠠᠳ ᠤᠨ | ᠣᠶᠤᠨ ᠰᠠᠨᠠᠭᠠᠨ ᠤ ᠪᠠᠶᠢᠳᠠᠯ ᠠᠨᠠᠢ᠂ ᠲᠣᠨᠤᠭ ᠲᠥᠬᠦᠭᠡᠷᠦᠮᠵᠢ ᠶᠢᠨ ᠠᠵᠢᠯᠯᠠᠭᠠᠨᠳᠤ ᠰᠠᠭᠠᠳ ᠲᠠᠢ᠂ ᠠᠮᠤᠷ | ᠲᠦᠪᠰᠢᠨ ᠤ ᠬᠠᠮᠢᠶᠠᠷᠤᠯᠲᠠ ᠬᠦᠷᠦᠯᠴᠡᠬᠦ ᠦᠭᠡᠢ ᠵᠡᠷᠭᠡ ᠠᠰᠠᠭᠤᠳᠠᠯ ᠮᠠᠰᠢ ᠠᠮᠠᠷᠬᠠᠨ ᠭᠠᠷᠴᠤ᠂ ᠴᠢᠨᠠᠭᠰᠢᠯᠠᠭᠠᠳ | ᠬᠡᠰᠡᠭ ᠠᠵᠤ ᠠᠬᠤᠶᠢᠯᠠᠯ ᠨᠢ ᠠᠵᠢᠯ ᠤᠨ ᠬᠤᠭᠤᠴᠠᠭ᠎ᠠ ᠶᠢ ᠵᠠᠪᠳᠤᠨ᠂ ᠠᠬᠢᠴᠠ ᠶᠢ ᠲᠦᠷᠭᠡᠳᠬᠡᠬᠦ ᠶᠢᠨ ᠲᠥᠯᠥᠭᠡ᠂ | ᠠᠵᠢᠯ ᠤᠨ ᠴᠢᠳᠠᠪᠤᠷᠢ ᠠᠴᠠ ᠬᠡᠲᠦᠷᠡᠭᠦᠯᠦᠨ᠂ ᠠᠵᠢᠯ ᠢᠶᠠᠨ ᠰᠡᠷᠭᠦᠭᠡᠬᠦ ᠶᠢ ᠵᠣᠬᠢᠶᠠᠨ ᠪᠠᠶᠢᠭᠤᠯᠵᠤ᠂ ᠪᠠᠷᠢᠯᠭ᠎ᠠ ᠶᠢᠨ | ᠭᠠᠵᠠᠷ ᠤᠨ ᠠᠮᠤᠷ ᠲᠦᠪᠰᠢᠨ ᠢᠶᠠᠷ ᠠᠵᠢᠯᠯᠠᠬᠤ ᠶᠢ ᠬᠦᠨᠳᠦ ᠨᠣᠴᠢᠲᠠᠢ ᠰᠦᠷᠳᠡᠭᠦᠯᠵᠦ ᠪᠠᠶᠢᠨ᠎ᠠ᠃ ᠡᠯ᠎ᠡ ᠠᠶᠢᠮᠠᠭ | ᠬᠤᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠠᠵᠢᠯ ᠢᠶᠠᠨ | ᠰᠡᠷᠭᠦᠭᠡᠬᠦ ᠠᠴᠠ ᠡᠮᠦᠨᠡᠬᠢ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭ᠎ᠠ ᠠᠳᠬᠤᠵᠤ᠂ ᠲᠤᠰᠬᠠᠢ | ᠮᠡᠷᠭᠡᠵᠢᠯᠲᠡᠨ ᠤ ᠬᠢᠴᠢᠶᠡᠯ ᠣᠷᠣᠬᠤ᠂ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠬᠦ᠂ ᠰᠡᠷᠡᠮᠵᠢᠯᠡᠭᠦᠯᠬᠦ | ᠬᠥᠮᠦᠵᠢᠯ ᠤᠨ ᠹᠢᠯᠢᠮ ᠢ ᠦᠵᠡᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠭᠦᠢᠴᠡᠳ ᠠᠰᠢᠭᠯᠠᠵᠤ᠂ ᠬᠢᠨᠠᠨ | ᠬᠠᠮᠢᠶᠠᠷᠤᠯᠳᠠ ᠶᠢᠨ ᠠᠵᠢᠯᠲᠠᠨ ᠪᠣᠯᠣᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯᠲᠠᠨ ᠳᠤ ᠬᠠᠨᠳᠤᠯᠭᠠᠲᠤ ᠴᠢᠨᠠᠷ ᠲᠠᠢ ᠪᠠᠷ ᠨᠢᠭᠡ ᠤᠳᠠᠭᠠᠨ ᠤ ᠠᠮᠤᠷ ᠲᠦᠪᠰᠢᠨ ᠤ | ᠬᠥᠮᠦᠵᠢᠯ ᠪᠣᠯᠪᠠᠰᠤᠷᠠᠯ ᠢ ᠦᠷᠨᠢᠭᠦᠯᠬᠦ ᠶᠢᠨ ᠬᠠᠮᠲᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠥᠷᠥᠯ | ᠵᠦᠢᠯ ᠤᠨ ᠬᠡᠯᠲᠡᠰ ᠤᠨ ᠬᠠᠮᠢᠶᠠᠷᠤᠯᠲᠠ ᠶᠢᠨ ᠠᠵᠢᠯᠲᠠᠨ᠂ ᠣᠨᠴᠠ ᠲᠥᠷᠥᠯ ᠤᠨ ᠠᠵᠢᠯ ᠬᠢᠭᠰᠡᠳ᠂ ᠨᠢᠭᠡᠳᠦᠭᠡᠷ | ᠹᠷᠣᠨᠲ ᠤᠨ ᠠᠵᠢᠯ ᠬᠢᠭᠰᠡᠳ ᠲᠤ ᠠᠵᠢᠯᠲᠠᠨ ᠤ ᠠᠮᠤᠷ ᠲᠦᠪᠰᠢᠨ ᠤ ᠦᠵᠡᠯ ᠤᠬᠠᠮᠰᠠᠷ᠂ ᠠᠮᠤᠷ ᠲᠦᠪᠰᠢᠨ ᠤ | ᠰᠡᠷᠭᠡᠶᠢᠯᠡᠯᠲᠡ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠬᠡᠷᠡᠭᠯᠡᠯᠲᠡ ᠵᠢᠴᠢ ︽ᠠᠮᠤᠷ ᠲᠦᠪᠰᠢᠨ ᠤ | ᠡᠳᠦᠷ ᠤᠨ ᠲᠡᠮᠳᠡᠭᠯᠡᠯ︾᠂ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ | ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠠᠭᠤᠯᠭ᠎ᠠ ᠶᠢᠨ ᠲᠣᠭᠤᠷᠢᠨ ᠳᠤ ᠨᠢᠭᠡ ᠤᠳᠠᠭᠠᠨ ᠤ ᠪᠥᠬᠦ ᠲᠠᠯ᠎ᠠ ᠶᠢᠨ | ᠪᠤᠯᠪᠠᠰᠤᠷᠠᠯ ᠬᠢᠯᠭᠡᠵᠦ᠂ ᠠᠮᠤᠷ ᠲᠦᠪᠰᠢᠨ ᠤ ᠬᠥᠮᠦᠵᠢᠯ ᠪᠤᠯᠪᠠᠰᠤᠷᠠᠯ ᠢ ᠠᠵᠢᠯ ᠤᠨ ᠪᠠᠶᠢᠷᠢ ᠨᠢᠭᠡᠪᠦᠷᠢ᠂ ᠠᠵᠢᠯᠲᠠᠨ | ᠨᠢᠭᠡᠪᠦᠷᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠨ᠎ᠠ᠃ | ᠳᠥᠷᠪᠡ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠳᠠ ᠶᠢ | ᠴᠢᠩᠭᠠᠳᠬᠠᠨ᠎ᠠ | ᠡᠯ᠎ᠡ ᠠᠶᠢᠮᠠᠭ ᠬᠤᠲᠠ ᠨᠤᠭᠤᠳ ᠲᠣᠰ ᠭᠠᠵᠠᠷ ᠣᠷᠣᠨ ᠤ ᠪᠠᠨ ᠰᠢᠨ᠎ᠡ ᠪᠠᠷ ᠪᠠᠶᠢᠭᠤᠯᠬᠤ᠂ ᠥᠷᠭᠡᠳᠬᠡᠨ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ | ᠲᠦᠭᠦᠭᠡᠷᠦᠮᠵᠢ ᠶᠢᠨ ᠢᠨᠵᠧᠨᠧᠷᠢᠩ ᠤᠨ ᠲᠥᠷᠥᠯ ᠵᠦᠢᠯ ᠳᠤ ᠪᠠᠷᠢᠯᠭ᠎ᠠ ᠶᠢᠨ ᠠᠵᠢᠯ ᠤᠨ ᠠᠶᠦᠯᠭᠦᠢ | ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠰᠢᠯᠭᠠᠨ ᠦᠨᠡᠯᠡᠯᠲᠡ ᠶᠢ ᠥᠷᠨᠢᠭᠦᠯᠬᠦ ᠬᠡᠷᠡᠭᠲᠡᠢ᠃ ᠪᠠᠷᠢᠯᠭ᠎ᠠ ᠶᠢᠨ | ᠲᠤᠬᠠᠢ ᠶᠢᠨ ᠲᠠᠯᠠᠪᠠᠶ ᠶᠢᠨ ᠡᠷᠭᠦᠭᠦᠯ ᠮᠠᠰᠢᠨ ᠲᠥᠬᠦᠭᠡᠷᠦᠮᠵᠢ᠂ ᠭᠦᠨ ᠨᠦᠬᠡ᠂ ᠥᠨᠳᠥᠷ ᠲᠤᠯᠭᠠᠭᠤᠷᠲᠤ ᠬᠡᠪ᠂ | ᠴᠠᠬᠤᠯᠠᠭᠤᠷ ᠵᠡᠷᠭᠡ ᠠᠶᠤᠯᠲᠠᠢ ᠲᠣᠮᠣ ᠪᠠᠷᠢᠯᠭ᠎ᠠ ᠪᠠ ᠲᠦᠷ ᠴᠠᠭ ᠤᠨ ᠴᠠᠬᠢᠯᠭᠠᠨ ᠬᠡᠷᠡᠭᠯᠡᠬᠦ᠂ ᠭᠠᠯ ᠤᠨᠲᠠᠷᠠᠭᠠᠬᠤ | ᠠᠮᠤᠷ ᠲᠦᠪᠰᠢᠨ ᠪᠠ ᠲᠦᠷ ᠴᠠᠭ ᠤᠨ ᠲᠥᠬᠦᠭᠡᠷᠦᠮᠵᠢ ᠵᠡᠷᠭᠡ ᠲᠠᠯ᠎ᠠ ᠶᠢᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠶᠡᠭᠡ ᠠᠳᠡᠯ ᠤᠨ ᠬᠡᠮ ᠰᠣᠭᠤᠭ ᠢ ᠬᠠᠮᠢᠶᠠᠷᠤᠨ ᠡᠵᠡᠮᠳᠡᠬᠦ ᠶᠢ | ᠳᠣᠪᠤᠶᠢᠯᠭᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠬᠡᠮ ᠰᠣᠭᠤᠭ ᠢ ᠨᠢᠭᠡ | ᠤᠳᠠᠭ᠎ᠠ ᠪᠥᠬᠦ ᠲᠠᠯ᠎ᠠ ᠪᠠᠷ᠂ ᠶᠡᠭᠡ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠢᠯᠡᠷᠡᠭᠦᠯᠦᠭᠰᠡᠨ | ᠠᠰᠠᠭᠤᠳᠠᠯ ᠢ ︽ᠬᠥᠮᠥᠨ᠂ ᠴᠠᠭ᠂ ᠠᠷᠭ᠎ᠠ ᠬᠡᠮᠵᠢᠶ᠎ᠡ ᠲᠣᠭᠲᠠᠭᠠᠬᠤ︾ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢᠨ | ᠬᠠᠮᠲᠤ᠂ ᠲᠤᠰᠬᠠᠢ ᠬᠥᠮᠥᠨ ᠲᠣᠮᠢᠯᠠᠵᠤ ᠮᠥᠷᠳᠡᠨ ᠦᠷ᠎ᠡ ᠪᠦᠲᠦᠮᠵᠢ ᠶᠢ ᠨᠢ ᠠᠰᠠᠭᠤᠵᠤ᠂ ᠪᠢᠲᠡᠭᠦᠦ ᠴᠠᠭᠠᠷᠢᠭ ᠢᠶᠠᠷ | ᠴᠡᠭᠴᠡᠯᠡᠨ ᠰᠠᠶᠢᠵᠢᠷᠠᠭᠤᠯᠬᠤ᠂ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠠᠵᠢᠯ ᠢᠶᠠᠨ ᠰᠡᠷᠭᠦᠭᠡᠬᠦ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠴᠡᠭᠴᠡᠯᠡᠨ ᠵᠠᠰᠠᠯᠲᠠ ᠶᠢ | ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠢᠯᠡ ᠭᠠᠯ ᠬᠡᠷᠡᠭᠯᠡᠭᠰᠡᠨ ᠪᠤᠶᠤ ᠴᠠᠬᠢᠯᠭᠠᠨ ᠢᠶᠠᠷ ᠭᠠᠩᠨᠠᠬᠤ᠂ ᠬᠡᠢ ᠪᠠᠷ | ᠭᠠᠩᠨᠠᠬᠤ ᠠᠵᠢᠯ ᠬᠢᠭᠰᠡᠨ ᠡᠰᠡᠬᠦ ᠵᠢᠴᠢ ᠢᠯᠡ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠭᠠᠷᠳᠠᠮ ᠢ | ᠭᠦᠢᠴᠡᠳᠬᠡᠭᠰᠡᠨ ᠡᠰᠡᠬᠦ ᠶᠢ ᠴᠢᠩᠭ᠎ᠠ ᠪᠠᠶᠢᠴᠠᠭᠠᠬᠤ ᠬᠡᠷᠡᠭᠲᠡᠢ︔ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠲᠣᠭᠲᠠᠭᠠᠯ | ᠠᠴᠠ ᠵᠥᠷᠢᠴᠡᠨ ᠨᠣᠴᠣᠮᠠᠲᠠᠭᠠᠢ ᠮᠠᠲ᠋ᠧᠷᠢᠶᠠᠯ ᠪᠠ ᠭᠠᠯ ᠤᠨᠲᠠᠷᠠᠭᠠᠬᠤ ᠪᠡᠯᠡᠳᠬᠡᠮᠵᠢ ᠶᠢ ᠡᠪᠳᠡᠨ ᠰᠦᠢᠳᠬᠡᠵᠦ | ᠬᠡᠷᠡᠭᠯᠡᠬᠦ ᠪᠠᠨ ᠵᠣᠭᠰᠣᠭᠠᠭᠰᠠᠨ ᠡᠰᠡᠬᠦ︔ ᠠᠵᠢᠯᠯᠠᠬᠤ ᠲᠣᠭᠤᠷᠢᠭ᠂ ᠠᠮᠢᠳᠤᠷᠠᠯ ᠤᠨ ᠲᠣᠭᠤᠷᠢᠭ ᠲᠤ ᠠᠮᠤᠷ | ᠲᠦᠪᠰᠢᠨ ᠪᠥᠭᠡᠳ ᠨᠠᠶᠢᠳᠠᠪᠤᠷᠢᠲᠠᠢ ᠳᠤᠯᠠᠭᠠᠯᠠᠭ᠎ᠠ ᠶᠢᠨ ᠠᠷᠭ᠎ᠠ ᠬᠡᠮᠵᠢᠶ᠎ᠡ ᠬᠠᠩᠭᠠᠭᠰᠠᠨ ᠡᠰᠡᠬᠦ᠂ ᠪᠠᠶᠢᠷᠢ ᠭᠡᠷ ᠤᠨ | ᠰᠠᠯᠬᠢ ᠰᠠᠶᠢᠨ ᠨᠡᠪᠲᠡᠷᠡᠬᠦ ᠶᠢ ᠪᠠᠲᠤᠯᠠᠭᠰᠠᠨ ᠡᠰᠡᠬᠦ᠂ ᠴᠠᠬᠢᠯᠭᠠᠨ ᠤᠲᠠᠰᠤ ᠳᠤᠷ᠎ᠠ ᠪᠠᠷ ᠢᠶᠠᠨ ᠲᠠᠲᠠᠵᠤ | ᠳᠤᠷ᠎ᠠ ᠪᠠᠷ ᠢᠶᠠᠨ ᠵᠠᠯᠭᠠᠬᠤ ᠪᠠ ᠶᠡᠭᠡ ᠴᠢᠳᠠᠯᠲᠤ ᠴᠠᠬᠢᠯᠭᠠᠨ ᠬᠡᠷᠡᠭᠰᠡᠯ ᠢ ᠬᠡᠷᠡᠭᠯᠡᠭᠰᠡᠨ ᠵᠡᠷᠭᠡ ᠪᠠᠶᠢᠳᠠᠯ ᠣᠷᠣᠰᠢᠵᠤ | ᠪᠠᠶᠢᠬᠤ ᠡᠰᠡᠬᠦ᠃ ᠡᠭᠦᠨ ᠤ ᠵᠡᠷᠭᠡᠴᠡᠪᠡᠷ᠂ ᠪᠠᠷᠢᠯᠭ᠎ᠠ ᠶᠢᠨ ᠠᠵᠢᠯ ᠤᠨ ᠳᠡᠭᠳᠡᠮᠡᠯ ᠲᠣᠭᠤᠰᠣᠨ ᠤ ᠪᠣᠬᠢᠷᠲᠤᠯ ᠢ ᠵᠠᠰᠠᠬᠤ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠠᠵᠢᠯ ᠤᠨ ᠳᠡᠭᠳᠡᠮᠡᠯ ᠲᠣᠭᠤᠰᠣᠨ ᠤ ᠪᠣᠬᠢᠷᠲᠤᠯ ᠢ | ᠵᠠᠰᠠᠬᠤ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯ ᠢ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ | ᠭᠤᠣᠯᠳᠠᠯᠭ᠎ᠠ ᠳᠤ ᠣᠷᠣᠭᠤᠯᠵᠤ᠂ ᠪᠠᠷᠢᠯᠭ᠎ᠠ ᠳᠤ ᠣᠷᠣᠯᠴᠠᠭᠰᠠᠨ ᠡᠯ᠎ᠡ ᠨᠢᠭᠡᠴᠢ ᠶᠢ ᠰᠢᠮᠳᠠᠭᠤᠯᠵᠤ ᠪᠠᠶᠢᠭᠠᠳ | ᠲᠣᠭᠤᠰᠣ ᠶᠢ ᠪᠠᠭᠤᠷᠠᠭᠤᠯᠤᠨ ᠲᠣᠭᠤᠰᠣ ᠶᠢ ᠰᠡᠷᠭᠡᠶᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ | ᠠᠪᠤᠭᠤᠯᠵᠤ᠂ ᠪᠣᠯᠪᠠᠰᠤᠨ ᠢᠶᠠᠷ ᠪᠠᠷᠢᠯᠭ᠎ᠠ ᠪᠠᠷᠢᠬᠤ ᠪᠠ ᠪᠣᠬᠢᠷᠲᠤᠯ ᠦᠭᠡᠢ ᠪᠠᠷ ᠪᠠᠷᠢᠯᠭ᠎ᠠ ᠪᠠᠷᠢᠬᠤ ᠬᠢᠷᠢ ᠲᠦᠪᠰᠢᠨ ᠢ | ᠲᠠᠰᠤᠷᠠᠯᠳᠠ ᠦᠭᠡᠢ ᠲᠡᠭᠡᠭᠰᠢᠯᠡᠭᠦᠯᠦᠨ᠎ᠡ᠃ | ᠲᠠᠪᠤ᠂ ᠬᠡᠲᠦ ᠴᠠᠭ ᠠᠭᠤᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠨ᠎ᠡ | ᠣᠶᠢᠷ᠎ᠠ ᠶᠢᠨ ᠬᠤᠭᠤᠴᠠᠭᠠᠨ ᠳᠤ᠂ ᠮᠠᠨ ᠤ ᠣᠷᠣᠨ ᠳᠤ ᠳᠤᠯᠠᠭᠠᠨ ᠤ ᠬᠡᠮᠵᠢᠶ᠎ᠡ ᠪᠠᠭᠤᠷᠠᠬᠤ᠂ ᠪᠣᠷᠣᠭᠠᠨ | ᠴᠠᠰᠤ᠂ ᠶᠡᠭᠡ ᠰᠠᠯᠬᠢ ᠰᠢᠭᠤᠷᠭ᠎ᠠ ᠲᠠᠢ ᠴᠠᠭ ᠠᠭᠤᠷ ᠢᠯᠡᠷᠡᠵᠦ᠂ ᠬᠡᠰᠡᠭ ᠭᠠᠵᠠᠷ ᠣᠷᠣᠨ ᠳᠤ ᠪᠣᠷᠣᠭᠠᠨ ᠴᠠᠰᠤ | ᠬᠠᠷᠢᠯᠴᠠᠨ ᠰᠣᠯᠢᠭᠳᠠᠵᠤ᠂ ᠠᠭᠠᠷ ᠤᠨ ᠳᠤᠯᠠᠭᠠᠨ ᠳᠣᠷᠣᠭᠰᠢᠯᠠᠵᠤ᠂ ᠬᠡᠰᠡᠭ 7᠂ 8 ᠲᠠᠰ ᠤᠨ ᠰᠠᠯᠬᠢ ᠪᠥᠭᠡᠳ | ᠡᠯᠡᠰᠦ ᠰᠢᠭᠤᠷᠭ᠎ᠠ ᠲᠠᠢ ᠴᠠᠭ ᠠᠭᠤᠷ᠂ ᠬᠡᠰᠡᠭ ᠭᠠᠵᠠᠷ ᠲᠤ ᠡᠯᠡᠰᠦᠨ ᠰᠢᠭᠤᠷᠭ᠎ᠠ ᠲᠠᠢ ᠪᠣᠯᠣᠨ᠎ᠠ᠃ ᠡᠯ᠎ᠡ ᠠᠶᠢᠮᠠᠭ | ᠬᠤᠲᠠ ᠨᠤᠭᠤᠳ ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠵᠥᠪᠯᠡᠯ ᠤᠨ ᠠᠯᠪᠠᠨ ᠭᠡᠷ ᠤᠨ ︽ᠣᠶᠢᠷ᠎ᠠ ᠶᠢᠨ ᠬᠤᠭᠤᠴᠠᠭᠠᠨ ᠤ ᠡᠯᠡᠰᠦᠨ ᠰᠢᠭᠤᠷᠭ᠎ᠠ ᠶᠢᠨ ᠭᠠᠮᠰᠢᠭ ᠢ ᠰᠡᠷᠭᠡᠶᠢᠯᠡᠨ | ᠠᠷᠭᠠᠴᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠪᠣᠯᠣᠨ ᠥᠪᠡᠷᠲᠡᠭᠡᠨ ᠵᠠᠰᠠᠬᠤ ᠣᠷᠣᠨ ᠤ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠤᠨ ᠠᠯᠪᠠᠨ ᠭᠡᠷ ᠤᠨ ︽ | ᠳᠤᠯᠠᠭᠠᠨ ᠤ ᠬᠡᠮᠵᠢᠶ᠎ᠡ ᠪᠠᠭᠤᠷᠠᠬᠤ᠂ ᠪᠣᠷᠣᠭᠠᠨ ᠴᠠᠰᠤ᠂ ᠡᠯᠡᠰᠦᠨ ᠰᠢᠭᠤᠷᠭ᠎ᠠ ᠶᠢᠨ ᠴᠠᠭ ᠠᠭᠤᠷ ᠢ ᠠᠷᠭᠠᠴᠠᠬᠤ | ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠦᠪᠦᠷ ᠭᠠᠮᠰᠢᠭ ᠰᠡᠷᠭᠡᠶᠢᠯᠡᠬᠦ ᠵᠢᠯᠤᠭᠤᠳᠬᠤ ᠠᠯᠪᠠᠨ ﹇2024﹈ | 10 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠠᠷᠢᠯᠭ᠎ᠠ ᠶᠢᠨ ᠭᠠᠵᠠᠷ ᠤᠨ ᠪᠠᠴᠢᠮ ᠪᠠᠶᠢᠳᠠᠯ ᠢ | ᠠᠷᠭᠠᠴᠠᠬᠤ ᠠᠵᠢᠯᠲᠠᠨ᠂ ᠲᠣᠨᠤᠭ ᠲᠥᠬᠦᠭᠡᠷᠦᠮᠵᠢ᠂ ᠡᠳ᠋ ᠪᠣᠳᠠᠰ ᠵᠡᠷᠭᠡ ᠡᠯ᠎ᠡ ᠵᠦᠢᠯ ᠤᠨ ᠭᠠᠮᠰᠢᠭ ᠠᠴᠠ ᠠᠪᠤᠷᠠᠬᠤ | ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠴᠠᠭ ᠠᠭᠤᠷ ᠤᠨ ᠰᠠᠯᠠᠭ᠎ᠠ ᠮᠥᠴᠢᠷ ᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠭᠠᠮᠰᠢᠭ ᠤᠨ ᠪᠠᠶᠢᠳᠠᠯ ᠲᠣᠬᠢᠶᠠᠯᠳᠤᠪᠠᠯ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠪᠠᠷ | ᠥᠷᠨᠢᠭᠦᠯᠵᠦ᠂ ᠠᠵᠢᠯᠲᠠᠨ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠰᠢᠯᠵᠢᠭᠦᠯᠵᠦ ᠠᠶᠤᠯ ᠠᠴᠠ | ᠵᠠᠶᠢᠯᠠᠭᠤᠯᠤᠨ᠎ᠠ᠃ ᠪᠣᠷᠣᠭᠠᠨ ᠴᠠᠰᠤ ᠪᠣᠯᠣᠨ ᠶᠡᠭᠡ ᠰᠠᠯᠬᠢ᠂ ᠡᠯᠡᠰᠦᠨ ᠰᠢᠭᠤᠷᠭ᠎ᠠ ᠵᠡᠷᠭᠡ ᠣᠨᠴᠠᠭᠠᠶ ᠴᠠᠭ | ᠠᠭᠤᠷ ᠤᠨ ᠪᠠᠶᠢᠳᠠᠯ ᠳᠣᠣᠷ᠎ᠠ᠂ ᠦᠨᠳᠦᠷ ᠲᠤ ᠠᠪᠠᠷᠢᠬᠤ ᠪᠠ ᠥᠨᠳᠥᠷ ᠲᠤ ᠳᠡᠭᠦᠵᠢᠯᠡᠵᠦ ᠠᠵᠢᠯᠯᠠᠭᠤᠯᠬᠤ ᠶᠢ | ᠴᠢᠩᠭ᠎ᠠ ᠴᠠᠭᠠᠵᠠᠯᠠᠵᠤ᠂ ᠵᠠᠳᠠᠭᠠᠢ ᠬᠦᠨᠳᠦ ᠶᠢ ᠡᠷᠭᠦᠵᠦ ᠳᠡᠭᠦᠵᠢᠯᠡᠨ ᠤᠭᠰᠠᠷᠠᠬᠤ᠂ ᠪᠠᠭᠤᠯᠭᠠᠬᠤ᠂ ᠵᠠᠳᠠᠯᠠᠬᠤ ᠵᠡᠷᠭᠡ | ᠠᠵᠢᠯ ᠢ ᠵᠣᠭᠰᠣᠭᠠᠵᠤ᠂ ᠪᠠᠷᠢᠯᠭ᠎ᠠ ᠶᠢᠨ ᠡᠷᠭᠦᠭᠦᠷ ᠮᠠᠰᠢᠨ᠂ ᠪᠣᠳᠠᠰ ᠤᠨ ᠮᠠᠲ᠋ᠧᠷᠢᠶᠠᠯ ᠤᠨ ᠡᠷᠭᠦᠭᠦᠷ ᠮᠠᠰᠢᠨ | ᠵᠡᠷᠭᠡ ᠶᠢ ᠠᠵᠢᠯᠯᠠᠭᠤᠯᠬᠤ ᠶᠢ ᠡᠷᠬᠡᠪᠰᠢ ᠵᠣᠭᠰᠣᠭᠠᠵᠤ᠂ ᠱᠠᠲᠤ ᠶᠢᠨ ᠰᠢᠩᠭᠡᠯᠢᠭ ᠢ ᠲᠡᠷᠢᠭᠦᠨ ᠳᠠᠪᠬᠤᠷᠭ᠎ᠠ ᠳᠤ | ᠪᠠᠭᠤᠯᠭᠠᠬᠤ ᠶᠢᠨ ᠬᠠᠮᠲᠤ ᠴᠠᠬᠢᠯᠭᠠᠨ ᠡᠭᠦᠰᠬᠡᠭᠴᠢ ᠶᠢ ᠲᠠᠰᠤᠯᠵᠤ᠂ ᠳᠡᠭᠦᠵᠢᠯᠡᠭᠦᠷ ᠰᠠᠭᠰᠤ ᠶᠢ ᠭᠠᠵᠠᠷ ᠳᠡᠭᠡᠷ᠎ᠡ | ᠲᠡᠭᠰᠢᠬᠡᠨ ᠲᠠᠯᠪᠢᠬᠤ ᠶᠢᠨ ᠬᠠᠮᠲᠤ ᠪᠣᠯᠣᠳ ᠳᠡᠭᠡᠰᠦ᠂ ᠴᠠᠬᠢᠯᠭᠠᠨ ᠤᠳᠠᠰᠤ ᠶᠢ ᠪᠠᠲᠤ ᠴᠢᠩᠭ᠎ᠠ ᠤᠶᠠᠵᠤ᠂ | ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠳᠤᠯᠠᠨ᠎ᠠ᠃ | ᠵᠢᠷᠭᠤᠭ᠎ᠠ᠂ ᠠᠶᠦᠯᠭᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ | ᠡᠯ᠎ᠡ ᠠᠶᠢᠮᠠᠭ ᠬᠤᠲᠠ ᠨᠤᠭᠤᠳ ︽ᠮᠡᠳᠡᠭᠡᠯᠡᠬᠦ᠂ ᠰᠢᠮᠳᠠᠭᠤᠯᠬᠤ ᠵᠠᠬᠢᠳᠠᠯ ᠲᠠᠷᠬᠠᠭᠠᠬᠤ᠂ ᠳᠠᠯᠳᠠᠭᠤᠷ | ᠰᠤᠷᠪᠤᠯᠵᠢᠯᠠᠬᠤ︾ ᠶᠢ ᠪᠠᠷᠢᠮᠲᠠᠯᠠᠨ᠂ ︽ᠳᠥᠷᠪᠡᠨ ᠦᠭᠡᠢ᠂ ᠬᠤᠶᠠᠷ ᠰᠢᠯᠤᠭᠤᠨ︾᠂ ᠢᠯᠡ ᠪᠠᠷ ᠪᠠᠶᠢᠴᠠᠭᠠᠵᠤ | ᠳᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠦᠨᠡᠨ ᠪᠣᠳᠠᠲᠠᠢ ᠶᠢ ᠬᠦᠨᠳᠡᠵᠦ ᠨᠠᠷᠢᠯᠢᠭ | ᠣᠨᠣᠴᠠᠲᠠᠢ ᠪᠠᠷ ᠬᠠᠤᠯᠢ ᠬᠡᠷᠡᠭᠵᠢᠭᠦᠯᠵᠦ᠂ ᠬᠠᠰᠢ ᠶᠠᠰᠢ ᠪᠠᠷ ᠠᠷᠭᠠᠴᠠᠬᠤ᠂ ᠬᠤᠳᠠᠯ ᠬᠡᠯᠡᠵᠦ ᠬᠠᠭᠤᠷᠮᠠᠭ ᠢᠶᠠᠷ | ᠵᠣᠬᠢᠶᠠᠬᠤ ᠴᠢᠨᠠᠭᠰᠢᠯᠠᠪᠠᠯ ᠥᠰᠢᠯᠳᠦᠨ ᠬᠡᠷᠡᠭ ᠦᠢᠯᠡᠳᠬᠦ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠠᠵᠤ | ᠠᠬᠤᠶᠢᠯᠠᠯ ᠪᠠ ᠠᠵᠢᠯᠲᠠᠨ ᠳᠤ ᠴᠠᠭ ᠲᠤᠬᠠᠢ ᠳᠤᠨᠢ ᠵᠠᠬᠢᠳᠠᠯ ᠢᠶᠠᠷ ᠮᠡᠳᠡᠭᠳᠡᠬᠦ᠂ ᠵᠠᠷᠯᠠᠨ ᠮᠡᠳᠡᠭᠳᠡᠬᠦ᠂ ᠪᠣᠯᠵᠣᠨ | ᠶᠠᠷᠢᠯᠴᠠᠬᠤ᠂ ᠢᠯᠡᠴᠢᠯᠡᠬᠦ᠂ ᠲᠣᠷᠭᠠᠬᠤ ᠵᠢᠴᠢ ᠢᠲᠡᠭᠡᠮᠵᠢ ᠶᠢ ᠦᠨᠡᠯᠡᠬᠦ ᠵᠡᠷᠭᠡ ᠠᠷᠭ᠎ᠠ ᠬᠡᠮᠵᠢᠶ᠎ᠡ ᠠᠪᠴᠤ ᠴᠢᠩᠭ᠎ᠠ | ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠠᠤᠯᠢ ᠶᠢ ᠵᠥᠷᠢᠴᠡᠭᠰᠡᠨ ᠬᠦᠨᠳᠦ ᠨᠣᠴᠢᠲᠠᠢ ᠦᠢᠯᠡ ᠠᠵᠢᠯᠯᠠᠭ᠎ᠠ ᠳᠤ | ᠬᠠᠤᠯᠢ ᠶᠣᠰᠣᠭᠠᠷ ᠠᠵᠢᠯ ᠢ ᠨᠢ ᠵᠣᠭᠰᠣᠭᠠᠨ ᠴᠡᠭᠴᠡᠯᠡᠬᠦ᠂ ᠳᠡᠭᠡᠳᠦ ᠬᠢᠵᠠᠭᠠᠷ ᠪᠠᠷ ᠰᠢᠢᠳᠭᠡᠬᠦ᠂ ᠬᠤᠯᠪᠤᠭᠠᠯᠠᠨ | ᠵᠠᠯᠬᠠᠭᠠᠨ ᠴᠡᠭᠡᠷᠯᠡᠭᠦᠯᠬᠦ ᠵᠡᠷᠭᠡ ᠠᠷᠭ᠎ᠠ ᠪᠠᠷᠢᠯ ᠢ ᠠᠪᠴᠤ᠂ ᠠᠶᠤᠯᠭᠠᠨ ᠰᠦᠷᠳᠡᠭᠦᠯᠬᠦ ᠪᠠ ᠰᠡᠷᠡᠮᠵᠢᠯᠡᠭᠦᠯᠬᠦ | ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠬᠦᠨᠳᠦ ᠨᠣᠴᠢᠲᠠᠢ ᠦᠷ᠎ᠡ ᠤᠷᠰᠢᠭ ᠪᠠ ᠨᠥᠯᠥᠭᠡ ᠭᠠᠷᠭᠠᠭᠰᠠᠨ | ᠪᠠᠶᠢᠪᠠᠯ᠂ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠳᠠᠭᠠᠭᠠᠴᠢᠯᠠᠯᠲᠠ ᠶᠢ ᠬᠦᠷᠢᠶᠡᠯᠡᠨ ᠳᠠᠭᠠᠭᠠᠴᠢᠯᠠᠯᠲᠠ ᠰᠥᠯᠪᠡᠭᠡᠯᠳᠦᠬᠦ᠂ ᠬᠢᠷᠢ ᠴᠢᠳᠠᠮᠵᠢ ᠦᠭᠡᠢ ᠪᠤᠶᠤ ᠬᠢᠷᠢ | ᠴᠢᠳᠠᠮᠵᠢ ᠶᠢᠨ ᠬᠡᠪᠴᠢᠶ᠎ᠡ ᠠᠴᠠ ᠳᠠᠪᠠᠭᠤᠯᠤᠨ ᠲᠤᠬᠠᠶᠢᠯᠠᠭᠰᠠᠨ ᠠᠵᠢᠯ ᠳᠠᠭᠠᠭᠠᠴᠢᠯᠠᠬᠤ᠂ ᠰᠢᠯᠵᠢᠭᠦᠯᠦᠨ | ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ᠂ ᠡᠷᠬᠡ ᠳᠤ ᠲᠦᠰᠢᠭᠯᠡᠬᠦ᠂ ᠬᠢᠷᠢ | ᠴᠢᠳᠠᠮᠵᠢ ᠪᠠᠨ ᠵᠢᠭᠡᠯᠡᠭᠦᠯᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠡ᠊ᠨᠳᠡᠯ ᠢ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠂ ᠬᠤᠶᠢᠰᠢᠯᠠᠭᠤᠯᠤᠨ | ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ ᠵᠡᠷᠭᠡ ᠥᠢᠯᠡ ᠠᠵᠢᠯᠯᠠᠭ᠎ᠠ ᠶᠢ ᠴᠢᠩᠭ᠎ᠠ ᠴᠠᠭᠠᠵᠢᠯᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ | ᠪᠦᠳᠦᠭᠡᠨ ᠪᠠᠶᠢᠭᠤᠯᠤᠯᠳᠠ ᠶᠢᠨ ᠲᠢᠩᠬᠢᠮ | 2024 ᠣᠨ ᠤ 3 ᠳ᠋ᠤᠭᠠᠷ ᠰᠠᠷ᠎ᠠ ᠶᠢᠨ 15 ᠤ ᠡᠳᠦᠷ | ᠢᠷᠡᠯᠳᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠳᠦᠭᠡᠨ | ᠪᠠᠶᠢᠭᠤᠯᠤᠯᠳᠠ ᠶᠢᠨ ᠲᠢᠩᠬᠢᠮ ᠤᠨ ᠢᠨᠵᠧᠨᠧᠷᠢᠩ ᠤᠨ ᠶᠠᠰᠤ ᠴᠢᠨᠠᠷ ᠤᠨ ᠠᠮᠦᠷ ᠲᠦᠪᠰᠢᠨ ᠤ ᠬᠢᠨᠠᠯᠳᠠ | ᠬᠠᠮᠢᠶᠠᠷᠤᠯᠳᠠ ᠶᠢᠨ ᠭᠠᠵᠠᠷ | |