ᠬᠤᠶᠠᠷ ᠰᠠᠯᠠᠭ᠎ᠠ ᠮᠥᠴᠢᠷ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/19
      ᠰᠤᠷᠪᠤᠯᠵᠢᠯᠠᠭᠴᠢ 17 ᠤ ᠡᠳᠦᠷ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠣᠶᠢᠯᠠᠭᠠᠭᠰᠠᠨ ᠨᠢ᠂ ᠤᠯᠤᠰ ᠤᠨ ᠣᠶ ᠰᠢᠭᠤᠢ ᠶᠢᠨ ᠰᠡᠷᠭᠡᠶᠢᠯᠡᠯᠲᠡ ᠶᠢᠨ ᠬᠠᠮᠢᠶᠠᠷᠤᠯᠲᠠ ᠶᠢᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠲᠤᠬᠠᠢ ᠶᠢᠨ ᠡᠳᠦᠷ ᠲᠣᠬᠢᠷᠠᠭᠤᠯᠤᠯᠲᠠ ᠵᠢᠨ‌‍ᠸᠢᠳᠢᠤ᠋ ᠬᠤᠷᠠᠯ ᠬᠤᠷᠠᠯᠳᠤᠭᠤᠯᠵᠤ᠂ ᠪᠡᠭᠡᠵᠢᠩ᠂ ᠾᠧᠪᠧᠢ᠂ ᠱᠠᠨ ᠰᠢ᠂ ᠥᠪᠥᠷ ᠮᠣᠩᠭᠤᠯ᠂ ᠯᠢᠶᠣᠤᠨᠢᠩ᠂ ᠱᠠᠨᠳᠦ᠋ᠩ᠂ ᠭᠤᠸᠠᠩᠰᠢ᠂ ᠰᠧᠴᠤᠸᠠᠨ᠂ ᠭᠦᠢᠵᠧᠦ᠂ ᠶᠦᠨᠨᠠᠨ ᠵᠡᠷᠭᠡ ᠭᠤᠣᠯᠳᠠᠯᠭ᠎ᠠ ᠲᠠᠢ ᠮᠤᠵᠢ ᠣᠷᠣᠨ ᠲᠠᠢ ᠬᠤᠯᠪᠣᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠪᠠᠶᠢᠷᠢᠯᠠᠭᠤᠯᠵᠠᠢ᠃      ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠪᠥᠬᠦ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠃ ᠰᠧᠴᠤᠸᠠᠨ᠂ ᠶᠦᠨᠨᠠᠨ ᠵᠡᠷᠭᠡ ᠭᠠᠵᠠᠷ ᠲᠤ ᠣᠶ ᠰᠢᠭᠤᠢ ᠶᠢᠨ ᠲᠦᠢᠮᠡᠷ ᠵᠠᠯᠭᠠᠭᠠᠪᠠᠷ ᠭᠠᠷᠴᠠᠢ᠂ ᠡᠭᠦᠨ ᠤ ᠳᠣᠲᠣᠷ᠎ᠠ ᠰᠧᠴᠤᠸᠠᠨ ᠮᠤᠵᠢ ᠶᠢᠨ ᠭᠠᠨᠽᠢ ᠵᠧᠦ ᠶᠢᠨ ᠶᠠᠵᠢᠶᠠᠩ ᠰᠢᠶᠠᠨ᠂ ᠺᠠᠩᠳᠢᠩ ᠬᠤᠲᠠ ᠶᠢᠨ ᠣᠶ ᠰᠢᠭᠤᠢ ᠶᠢᠨ ᠲᠦᠢᠮᠡᠷ ᠣᠳᠣ ᠶᠠᠭ ᠤᠨᠳᠠᠷᠠᠭᠠᠵᠤ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠤᠯᠤᠰ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠂ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠪᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ ᠨᠢᠭᠡᠨᠲᠡ ᠲᠤᠬᠠᠢ ᠶᠢᠨ ᠲᠠᠯᠠᠪᠤᠷ ᠲᠤ ᠬᠦᠷᠴᠦ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠵᠢᠯᠣᠭᠤᠳᠪᠠ᠃      ᠡᠨᠡᠬᠦ ᠬᠠᠷᠢᠭᠤᠴᠠᠯᠭᠠᠲᠠᠨ᠂ ᠭᠠᠯ ᠤᠨᠲᠠᠷᠠᠭᠠᠬᠤ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠴᠤ᠂ ᠲᠤᠰᠬᠠᠢ ᠮᠡᠷᠭᠡᠵᠢᠯ ᠤᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠵᠠᠷ ᠳᠡᠭᠡᠷᠡᠬᠢ ᠬᠥᠮᠥᠰ ᠪᠣᠯᠣᠨ ᠠᠭᠠᠷ ᠤᠨ ᠬᠦᠴᠦᠨ ᠤ ᠬᠠᠮᠵᠢᠯᠴᠠᠭ᠎ᠠ ᠶᠢ ᠴᠢᠩᠭᠠᠳᠬᠠᠵᠤ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠪᠦᠬᠦ ᠶᠠᠪᠤᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠢᠯᠡᠳᠬᠡᠪᠡ᠃ ᠭᠠᠯ ᠤᠨ ᠡᠬᠢ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠤᠢ ᠬᠠᠮᠠᠭᠠᠯᠠᠭᠴᠢ᠂ ᠤᠯᠠᠨ ᠲᠦᠮᠡᠨ ᠤ ᠵᠣᠬᠢᠶᠠᠨ ᠪᠠᠶᠢᠭᠤᠯᠤᠯᠲᠠ᠂ ᠲᠤᠰᠬᠠᠢ ᠮᠡᠷᠭᠡᠵᠢᠯ ᠤᠨ ᠡᠩᠨᠡᠭᠡ ᠶᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠰᠠᠬᠢᠨ ᠬᠠᠮᠠᠭᠠᠯᠠᠯᠲᠠ ᠶᠢ ᠴᠢᠩᠭᠠᠳᠬᠠᠵᠤ᠂ ᠭᠠᠯ ᠤᠨ ᠲᠦᠷᠦᠯ ᠤᠨ ᠠᠭᠤᠯᠠᠨ ᠳᠤ ᠭᠠᠷᠴᠤ ᠤᠢ ᠰᠢᠭᠤᠢ ᠳᠤ ᠣᠷᠣᠬᠤ ᠶᠢ ᠴᠢᠩᠭ᠎ᠠ ᠰᠡᠷᠭᠡᠶᠢᠯᠡᠵᠦ᠂ ᠬᠡᠭᠡᠷ᠎ᠡ ᠭᠠᠳᠠᠨ᠎ᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠪᠠ ᠣᠨᠴᠠᠭᠠᠢ ᠴᠠᠭ ᠠᠭᠤᠷ ᠲᠤ ᠶᠡᠭᠡ ᠭᠠᠯ ᠭᠠᠷᠬᠤ ᠠᠴᠠ ᠡᠷᠡᠰ ᠵᠠᠶᠢᠯᠠᠰᠬᠢᠬᠦ ᠬᠡᠷᠡᠭᠲᠡᠢ︔ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠦᠨᠳᠦ ᠶᠡᠭᠡ ᠬᠡᠮ ᠰᠣᠭᠤᠭ ᠢ ᠬᠥᠳᠡᠯᠦᠩᠭᠦᠢ ᠪᠠᠷ ᠠᠷᠢᠯᠭᠠᠬᠤ ᠪᠠ ᠲᠣᠭᠲᠠᠭᠠᠯ   ᠠᠴᠠ ᠵᠥᠷᠢᠴᠡᠨ ᠭᠠᠯ ᠬᠡᠷᠡᠭᠯᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ︔ ᠭᠠᠯ ᠰᠡᠷᠭᠡᠶᠢᠯᠡᠬᠦ ᠤᠬᠠᠭᠤᠯᠭ᠎ᠠ᠂ ᠰᠡᠷᠡᠮᠵᠢᠯᠡᠭᠦᠯᠬᠦ ᠬᠥᠮᠦᠵᠢᠯ᠂ ᠪᠠᠶᠢᠴᠠᠭᠠᠵᠤ ᠬᠢᠨᠠᠨ ᠵᠢᠯᠤᠭᠤᠳᠬᠤ ᠶᠢ ᠴᠢᠩᠭᠠᠳᠬᠠᠵᠤ᠂ ᠤᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠪᠠ ᠭᠠᠯ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ ᠠᠮᠤᠷ ᠲᠦᠪᠰᠢᠨ ᠤ ᠳᠦᠷᠢᠮ ᠢ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠲᠣᠪᠤᠶᠢᠯᠭᠠᠨ᠂ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠤᠨ ᠭᠠᠯ ᠤᠨᠲᠠᠷᠠᠭᠠᠵᠤ᠂ ᠬᠥᠮᠥᠨ ᠬᠠᠷ᠎ᠠ ᠦᠬᠦᠵᠦ ᠰᠢᠷᠬᠠᠲᠤᠬᠤ ᠶᠢ ᠡᠷᠡᠰ ᠰᠡᠷᠭᠡᠶᠢᠯᠡᠬᠦ ᠬᠡᠷᠡᠭᠲᠡᠢ︔ ᠭᠠᠯ ᠤᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠤᠯᠠᠨ ᠲᠦᠮᠡᠨ ᠢ ᠴᠠᠭ ᠲᠤᠬᠠᠢ ᠳᠤᠨᠢ ᠡᠷᠡᠰ ᠰᠢᠭᠤᠷᠬᠠᠢ ᠪᠠᠷ ᠲᠠᠷᠬᠠᠭᠠᠵᠤ᠂ ᠴᠢᠬᠤᠯᠠ ᠲᠥᠬᠦᠭᠡᠷᠦᠮᠵᠢ ᠶᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃      ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠨᠡᠶᠢᠲᠡ 2230 ᠭᠠᠷᠤᠢ ᠬᠥᠮᠥᠨ ᠢ ᠬᠥᠳᠡᠯᠭᠡᠨ ᠶᠠ ᠵᠢᠶᠠᠩ ᠰᠢᠶᠠᠨ᠂ ᠺᠠᠩ ᠳ᠋ᠢᠩ ᠬᠤᠲᠠ ᠶᠢᠨ ᠣᠶ ᠰᠢᠭᠤᠢ ᠶᠢᠨ ᠭᠠᠯ ᠤᠨ ᠭᠠᠮᠰᠢᠭ ᠢ ᠪᠥᠬᠦ ᠬᠦᠴᠦᠨ ᠢᠶᠠᠷ ᠢᠶᠠᠨ ᠤᠨᠲᠠᠷᠠᠭᠠᠵᠠᠢ᠂ ᠡᠭᠦᠨ ᠳᠤ ᠰᠧᠴᠤᠸᠠᠨ ᠤ ᠣᠶ ᠰᠢᠭᠤᠢ ᠶᠢᠨ ᠭᠠᠯ ᠤᠨᠲᠠᠷᠠᠭᠠᠬᠤ ᠶᠡᠷᠦᠩᠬᠡᠢ ᠠᠩᠭᠢ 950 ᠭᠠᠷᠤᠢ ᠬᠥᠮᠥᠨ᠂ ᠶᠦᠨᠨᠠᠨ ᠤ ᠣᠶ ᠰᠢᠭᠤᠢ ᠶᠢᠨ ᠭᠠᠯ ᠤᠨᠲᠠᠷᠠᠭᠠᠬᠤ ᠶᠡᠷᠦᠩᠬᠡᠢ ᠠᠩᠭᠢ 750 ᠭᠠᠷᠤᠢ ᠬᠥᠮᠥᠨ᠂ ᠰᠧᠴᠤᠸᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ 530 ᠭᠠᠷᠤᠢ ᠬᠥᠮᠥᠨ ᠪᠣᠶ︔ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠡᠮᠦᠨᠡᠲᠦ ᠣᠷᠣᠨ ᠤ ᠠᠭᠠᠷ ᠤᠨ ᠠᠶᠠᠯᠠᠯ ᠤᠨ ᠣᠶ ᠰᠢᠭᠤᠢ ᠶᠢ ᠬᠠᠮᠠᠭᠠᠯᠠᠬᠤ ᠶᠡᠷᠦᠩᠬᠡᠢ ᠥᠷᠲᠡᠭᠡ ᠨᠢᠭᠡᠨᠲᠡ 8 ᠡᠭᠴᠡ ᠨᠢᠰᠬᠡᠯ ᠣᠷᠣᠯᠴᠠᠵᠤ᠂ ᠡᠷᠬᠢᠨ ᠲᠣᠭᠤᠷᠢᠨ ᠤ ᠮᠤᠵᠢ ᠣᠷᠣᠨ ᠤ ᠠᠭᠠᠷ ᠤᠨ ᠠᠶᠠᠯᠠᠯ ᠤᠨ ᠠᠪᠤᠷᠠᠨ ᠲᠤᠰᠠᠯᠠᠬᠤ ᠡᠭᠴᠡ ᠨᠢᠰᠬᠡᠯ ᠨᠢᠭᠡᠨᠲᠡ ᠲᠤᠰᠠᠯᠠᠬᠤ ᠪᠡᠯᠡᠳᠬᠡᠯ ᠢᠶᠠᠨ ᠰᠠᠶᠢᠲᠤᠷ ᠬᠢᠭᠰᠡᠨ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1