ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠪᠣᠯᠣᠨ ᠱᠤᠸᠠᠩ ᠾᠧ ᠪᠠᠯᠭᠠᠰᠤᠨ ᠤ ᠵᠥᠩ ᠲᠠᠨ ᠨᠡᠶᠢᠭᠡᠮ ᠲᠣᠭᠤᠷᠢᠭ ᠤᠨ ᠭᠡᠷ ᠤᠨ ᠠᠬᠠᠮᠠᠳ ᠤᠨ ᠰᠤᠷᠭᠠᠭᠤᠯᠢ ᠬᠠᠮᠲᠤᠷᠠᠨ ᠭᠡᠷ ᠪᠦᠯᠢ ᠶᠢᠨ ᠬᠥᠮᠦᠵᠢᠯ ᠤᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2024/3/20
      ᠭᠡᠷ ᠪᠦᠯᠢ ᠶᠢᠨ ᠬᠥᠮᠦᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ  ᠲᠡᠭᠡᠭᠰᠢᠯᠡᠭᠦᠯᠵᠦ᠂ ᠭᠡᠷ ᠤᠨ ᠠᠬᠠᠮᠠᠳ ᠲᠤ ᠵᠠᠯᠠᠭᠤᠴᠤᠳ ᠪᠠᠭᠠᠴᠤᠳ ᠤᠨ ᠰᠡᠳᠬᠢᠴᠡ ᠶᠢ ᠭᠦᠨᠵᠡᠭᠡᠢ ᠣᠶᠢᠯᠠᠭᠠᠭᠤᠯᠵᠤ᠂ ᠡᠴᠢᠭᠡ ᠡᠬᠡ ᠪᠠ ᠦᠷ᠎ᠡ ᠬᠡᠦᠬᠡᠳ ᠲᠠᠢ ᠪᠠᠨ ᠬᠠᠷᠢᠯᠴᠠᠬᠤ ᠤᠷ᠎ᠠ ᠮᠡᠷᠭᠡᠵᠢᠯ ᠢ ᠡᠵᠡᠮᠰᠢᠭᠦᠯᠵᠦ᠂ ᠰᠠᠶᠢᠨ ᠰᠠᠶᠢᠬᠠᠨ ᠡᠴᠢᠭᠡ ᠡᠬᠡ ᠪᠠ ᠦᠷ᠎ᠡ ᠬᠡᠦᠬᠡᠳ ᠤᠨ ᠬᠠᠷᠢᠴᠠᠭ᠎ᠠ ᠶᠢ ᠪᠣᠶ ᠪᠣᠯᠭᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠴᠢᠭᠢᠷᠠᠭ ᠪᠠᠶᠠᠷ ᠬᠥᠷ ᠲᠠᠢ ᠦᠰᠦᠨ ᠪᠣᠶᠢᠵᠢᠬᠤ ᠶᠢ ᠠᠬᠢᠭᠤᠯᠬᠤ ᠶᠢᠨ ᠲᠦᠯᠦᠭᠡ᠂ 3 ᠳ᠋ᠤᠭᠠᠷ ᠰᠠᠷ᠎ᠠ ᠶᠢᠨ 18 ᠤ ᠡᠳᠦᠷ᠂ ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ᠂ ᠱᠤᠸᠠᠩ ᠾᠧ ᠪᠠᠯᠭᠠᠰᠤᠨ ᠤ ᠵᠥᠩ ᠲᠠᠨ ᠨᠡᠶᠢᠭᠡᠮ ᠲᠣᠭᠤᠷᠢᠭ ᠤᠨ ᠭᠡᠷ ᠤᠨ ᠠᠬᠠᠮᠠᠳ ᠤᠨ ᠰᠤᠷᠭᠠᠭᠤᠯᠢ ᠶᠢᠨ ᠬᠢᠨ ᠲᠣᠭᠲᠠᠬᠤ ᠰᠢᠶᠠᠨ ᠤ ᠸᠠᠨ ᠰᠢᠩ ᠱᠧᠨ ᠮᠦᠸᠧ ᠰᠤᠷᠭᠠᠨ ᠬᠥᠮᠦᠵᠢᠯ ᠤᠨ ᠰᠢᠶᠣᠣ ᠹᠠᠩ ᠪᠠᠭᠰᠢ ᠶᠢ ᠤᠷᠢᠵᠤ ᠭᠡᠷ ᠪᠦᠯᠢ ᠶᠢᠨ ᠰᠤᠷᠭᠠᠨ ᠬᠥᠮᠦᠵᠢᠯ ᠤᠨ ᠲᠠᠶᠢᠯᠤᠮᠵᠢ ᠬᠢᠯᠭᠡᠪᠡ᠃ ᠬᠠᠷᠢᠶᠠᠲᠤ ᠣᠷᠣᠨ ᠤ 20 ᠭᠠᠷᠤᠢ ᠭᠡᠷ ᠤᠨ ᠠᠬᠠᠮᠠᠳ ᠰᠣᠷᠣᠭᠴᠢ ᠲᠣᠰ ᠤᠳᠠᠭᠠᠨ ᠤ ᠲᠠᠶᠢᠯᠤᠮᠵᠢ ᠳᠤ ᠣᠷᠣᠯᠴᠠᠵᠠᠢ᠃
     ᠬᠡᠦᠬᠡᠳ ᠲᠠᠢ ᠪᠠᠨ ᠬᠠᠷᠢᠯᠴᠠᠬᠤ ᠶᠢ ᠰᠤᠷᠬᠤ ᠨᠢ ᠪᠠᠶᠠᠰᠤᠩᠭᠤᠢ ᠵᠠᠩ ᠲᠠᠢ᠂ ᠥᠭᠡᠳᠡᠷᠬᠡᠭ ᠵᠠᠩ ᠲᠠᠢ ᠬᠡᠦᠬᠡᠳ ᠢ ᠬᠥᠮᠥᠵᠢᠭᠦᠯᠬᠦ ᠳᠤ ᠨᠡᠩ ᠴᠢᠬᠤᠯᠠ ᠶᠤᠮ᠃ ᠪᠠᠭᠰᠢ ᠬᠢᠴᠢᠶᠡᠯ ᠳᠡᠭᠡᠷ᠎ᠡ ᠬᠡᠦᠬᠡᠳ ᠲᠠᠢ ᠪᠠᠨ ᠬᠡᠷᠬᠢᠨ ᠪᠦᠲᠦᠮᠵᠢᠲᠡᠶ ᠪᠠᠷ ᠬᠠᠷᠢᠯᠴᠠᠬᠤ᠂ ᠬᠡᠷᠬᠢᠨ ᠬᠡᠦᠬᠡᠳ ᠲᠠᠢ ᠪᠠᠨ ᠡᠷᠬᠡ ᠲᠡᠭᠰᠢ ᠪᠠᠷ ᠶᠠᠷᠢᠯᠴᠠᠬᠤ ᠲᠤᠬᠠᠢ ᠳᠦᠷᠰᠦᠯᠢᠭ ᠢᠶᠠᠷ ᠶᠠᠷᠢᠵᠠᠢ᠃ ᠬᠡᠦᠬᠡᠳ ᠤᠨ ︽ᠦᠭᠡᠨ ᠳᠤ ᠣᠷᠣᠬᠤ︾ ᠨᠢ ᠬᠡᠦᠬᠡᠳ ᠤᠨ ᠨᠥᠬᠦᠴᠡᠯ ᠦᠭᠡᠢ ᠪᠠᠷ ᠳᠠᠭᠠᠬᠤ ᠶᠢ ᠲᠥᠯᠥᠭᠡᠯᠡᠵᠦ ᠪᠠᠶᠢᠬᠤ ᠪᠢᠰᠢ᠂ ᠬᠠᠷᠢᠨ ᠬᠡᠦᠬᠡᠳ ᠤᠨ ᠰᠣᠨᠣᠰᠬᠤ ᠴᠢᠳᠠᠪᠤᠷᠢ ᠶᠢ ᠬᠥᠮᠥᠵᠢᠭᠦᠯᠬᠦ ᠶᠢᠨ ᠲᠥᠯᠥᠭᠡ ᠶᠤᠮ᠂ ᠡᠨᠡ ᠨᠢ ᠬᠡᠦᠬᠡᠳ ᠤᠨ ᠰᠤᠷᠤᠯᠴᠠᠬᠤ ᠪᠠ ᠨᠡᠶᠢᠭᠡᠮ ᠤᠨ ᠬᠠᠷᠢᠯᠴᠠᠭᠠᠨ ᠤ ᠴᠢᠳᠠᠪᠤᠷᠢ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
     ᠭᠡᠷ ᠤᠨ ᠠᠬᠠᠮᠠᠳ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠪᠠᠭᠰᠢ ᠨᠢ ᠲᠣᠭᠯᠠᠭᠠᠮ ᠢᠶᠠᠷ ᠳᠠᠮᠵᠢᠨ ᠬᠡᠦᠬᠡᠳ ᠤᠨ ᠢᠶᠠᠨ ᠪᠣᠳᠠᠭᠠᠯᠢ ᠪᠡᠶ᠎ᠡ ᠶᠢᠨ ᠵᠥᠷᠢᠶ᠎ᠡ ᠶᠢ ᠬᠦᠨᠳᠦᠳᠬᠡᠵᠦ᠂ ᠬᠡᠦᠬᠡᠳ ᠲᠡᠭᠡᠨ ᠡᠩ ᠤᠨ ᠰᠡᠳᠬᠢᠯ ᠢᠶᠠᠷ ᠬᠠᠨᠢ ᠪᠣᠯᠬᠤ ᠪᠠ ᠲᠡᠳᠡᠨ ᠢ ᠣᠶᠢᠯᠠᠭᠠᠵᠤ᠂ ᠬᠡᠦᠬᠡᠳ ᠢ ᠬᠠᠪᠰᠤᠷᠤᠨ ᠰᠤᠷᠤᠯᠭ᠎ᠠ ᠪᠠ ᠠᠮᠢᠳᠤᠷᠠᠯ ᠤᠨ ᠰᠠᠶᠢᠨ ᠳᠠᠳᠬᠠᠯ ᠲᠠᠢ ᠪᠣᠯᠭᠠᠵᠤ᠂ ᠬᠡᠦᠬᠡᠳ ᠤᠨ ᠰᠥᠰᠥ ᠵᠣᠷᠢᠭ᠂ ᠢᠲᠡᠭᠡᠯ ᠵᠣᠷᠢᠭ᠂ ᠬᠥᠮᠥᠰ ᠤᠨ ᠬᠤᠭᠤᠷᠣᠨᠳᠣᠬᠢ ᠬᠠᠷᠢᠯᠴᠠᠭ᠎ᠠ ᠪᠠ ᠨᠤᠭᠤᠷᠠᠯ ᠪᠦᠳᠦᠷᠢᠯ ᠢ ᠳᠠᠭᠠᠭᠠᠬᠤ ᠴᠢᠳᠠᠪᠤᠷᠢ ᠶᠢ ᠨᠢ ᠬᠥᠮᠥᠵᠢᠭᠦᠯᠦᠨ᠎ᠡ᠃ ᠬᠡᠦᠬᠡᠳ ᠤᠨ ᠦᠰᠦᠨ ᠪᠤᠶᠢᠵᠢᠯᠲᠠ ᠶᠢᠨ ᠵᠠᠮᠴᠢᠯᠠᠭᠴᠢ ᠪᠣᠯᠤᠭᠰᠠᠨ ᠤ ᠬᠤᠪᠢ ᠳᠤ᠂ ᠭᠡᠷ ᠤᠨ ᠠᠬᠠᠮᠠᠳ ᠬᠡᠦᠬᠡᠳ ᠤᠨ ᠢᠶᠠᠨ ᠦᠰᠦᠨ ᠪᠤᠶᠢᠵᠢᠯᠲᠠ ᠶᠢ ᠣᠶᠢᠯᠠᠭᠠᠬᠤ ᠶᠢ ᠰᠤᠷᠴᠤ᠂ ᠡᠴᠢᠭᠡ ᠡᠬᠡ ᠦᠷ᠎ᠡ ᠬᠡᠦᠬᠡᠳ ᠲᠠᠢ ᠪᠠᠨ ᠬᠠᠷᠢᠯᠴᠠᠬᠤ ᠳᠤ ᠦᠷᠭᠦᠯᠵᠢ ᠲᠣᠬᠢᠶᠠᠯᠳᠤᠳᠠᠭ ᠵᠠᠩᠭᠢᠯᠠᠭ᠎ᠠ ᠶᠢ ᠭᠦᠢᠴᠡᠳ ᠣᠶᠢᠯᠠᠭᠠᠬᠤ ᠬᠡᠷᠡᠭᠲᠡᠢ᠃
     ᠵᠠᠯᠭᠠᠭᠠᠳ᠂ ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠠᠴᠠ ᠣᠯᠠᠨ ᠬᠡᠯᠪᠡᠷᠢ   ᠶᠢᠨ ᠭᠡᠷ ᠪᠦᠯᠢ   ᠶᠢᠨ ᠬᠥᠮᠦᠵᠢᠯ ᠤᠨ ᠵᠢᠯᠤᠭᠤᠳᠬᠤ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠭᠡᠷ ᠪᠦᠯᠢ ᠳᠤ ᠨᠡᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠭᠡᠷ ᠪᠦᠯᠢ ᠶᠢᠨ ᠬᠥᠮᠦᠵᠢᠯ ᠤᠨ ᠵᠢᠯᠤᠭᠤᠳᠬᠤ ᠦᠢᠯᠡᠴᠢᠯᠡᠭᠡ ᠬᠠᠩᠭᠠᠵᠤ᠂ ᠭᠡᠷ ᠤᠨ ᠠᠬᠠᠮᠠᠳ ᠪᠣᠯᠣᠨ ᠬᠡᠦᠬᠡᠳ ᠢ ᠬᠠᠮᠲᠤ ᠪᠠᠷ ᠥᠰᠬᠡᠨ ᠪᠣᠶᠢᠵᠢᠭᠤᠯᠵᠤ᠂ ᠨᠠᠰᠤᠨ ᠳᠤ ᠥᠯᠥ ᠬᠦᠷᠦᠭᠰᠡᠳ ᠤᠨ ᠡᠷᠡᠭᠦᠯ   ᠢᠶᠠᠷ ᠦᠰᠦᠨ ᠪᠣᠶᠢᠵᠢᠬᠤ ᠶᠢ ᠪᠠᠲᠤᠯᠠᠬᠤ ᠪᠣᠯᠣᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1