ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ︽ᠭᠤᠷᠪᠠᠨ ᠬᠠᠷᠢᠴᠠᠯᠠᠰᠢ ᠦᠭᠡᠢ︾ ᠶᠢ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠪᠣᠯᠣᠨ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠤᠨ ᠳᠡᠭᠡᠳᠦ ᠬᠡᠮᠵᠢᠶᠡᠨ ᠤ ᠨᠡᠶᠢᠯᠡᠯ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/3/20
      ᠲᠤᠭᠳᠠᠬᠤ ᠰᠢᠶᠠᠨ ᠤ ᠪᠠᠶᠢᠴᠠᠭᠠᠬᠤ ᠬᠤᠷᠢᠶ᠎ᠠ ︽ᠭᠤᠷᠪᠠᠨ ᠬᠠᠷᠢᠴᠠᠯᠠᠰᠢ ᠦᠭᠡᠢ︾ ᠳᠤ ᠠᠩᠬᠠᠷᠤᠯ ᠢᠶᠠᠨ ᠲᠥᠪᠯᠡᠷᠡᠭᠦᠯᠵᠦ᠂ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠂ ᠨᠠᠮ ᠤᠨ ᠪᠠᠶᠢᠭᠤᠯᠤᠯᠲᠠ ᠪᠣᠯᠣᠨ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠤᠨ ᠠᠭᠤᠰᠤᠯᠴᠠᠯ ᠤᠨ ᠵᠠᠩᠭᠢᠯᠠᠭ᠎ᠠ ᠶᠢᠨ ᠴᠡᠭ᠂ ᠬᠦᠴᠦᠯᠡᠬᠦ ᠴᠡᠭ᠂ ᠲᠤᠰᠤᠯᠲᠠ ᠶᠢᠨ ᠴᠡᠭ ᠢ ᠣᠨᠣᠪᠴᠢᠲᠠᠶ ᠡᠷᠢᠨ ᠣᠯᠵᠤ᠂ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠢ ᠲᠤᠭᠳᠠᠬᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠢᠯᠡᠴᠢᠯᠡᠬᠦ ᠶᠢ ᠪᠠᠲᠤᠯᠠᠬᠤ ᠶᠡᠭᠡ ᠲᠠᠯ᠎ᠠ ᠳᠤ ᠠᠭᠤᠰᠬᠠᠨ ᠣᠷᠣᠭᠤᠯᠪᠠ᠃      ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ᠂ ︽ᠴᠢᠳᠠᠮᠠᠭᠠᠢ ᠠᠵᠢᠯᠯᠠᠭ᠎ᠠ + ᠤᠭ ᠦᠨᠳᠦᠰᠦ   ᠶᠢ ᠨᠢ ᠡᠷᠢᠬᠦ︾ ᠵᠠᠰᠠᠯᠲᠠ  ᠶᠢ ᠪᠠᠷᠢᠮᠳᠠᠯᠠᠵᠦ᠂ ᠪᠦᠬᠦ ᠰᠢᠶᠠᠨ ᠤ ᠠᠵᠤ ᠠᠬᠤᠢ ᠶᠢᠨ ᠡᠷᠡᠭᠦᠯ ᠬᠥᠭᠵᠢᠯᠲᠡ ᠳᠤ ᠬᠦᠴᠦᠨ ᠨᠡᠮᠡᠷᠢᠯᠡᠨ᠎ᠡ      ᠨᠠᠮ ᠤᠨ ᠪᠠᠶᠢᠭᠤᠯᠤᠯᠲᠠ ᠪᠠ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠢ ᠬᠠᠮᠲᠤ ᠳᠤᠨᠢ ᠲᠥᠯᠥᠪᠵᠢᠭᠦᠯᠵᠦ ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠬᠤ ᠶᠢ ᠪᠠᠷᠢᠮᠳᠠᠯᠠᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠭᠤᠣᠯᠯᠠᠭᠴᠢ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠢᠷᠭᠡᠨ ᠤ ᠬᠡᠷᠡᠭ ᠢ ᠪᠠᠶᠢᠴᠠᠭᠠᠬᠤ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃ ᠰᠠᠯᠠᠭ᠎ᠠ ᠮᠥᠴᠢᠷ ᠤᠳ ᠤᠨ ᠣᠨ ᠤ ᠰᠤᠷᠤᠯᠴᠠᠬᠤ ᠲᠥᠯᠥᠪᠯᠡᠭᠡ ᠶᠢ ᠲᠣᠭᠲᠠᠭᠠᠬᠤ ᠳᠠᠭᠠᠨ ᠨᠠᠮ ᠤᠨ ᠤᠨᠤᠯ ᠪᠠ ᠢᠷᠭᠡᠨ ᠤ ᠬᠡᠷᠡᠭ ᠤᠨ ᠪᠠᠶᠢᠴᠠᠭᠠᠬᠤ ᠲᠤᠬᠠᠶᠢᠯᠠᠭᠰᠠᠨ ᠠᠵᠢᠯ ᠢ ᠰᠤᠷᠤᠯᠴᠠᠬᠤ ᠶᠠᠪᠤᠳᠠᠯ ᠢ ᠬᠠᠮᠲᠤ ᠪᠠᠷ ᠲᠦᠯᠬᠢᠨ ᠠᠬᠢᠭᠤᠯᠵᠤ᠂ ᠤᠨᠤᠯ ᠤᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠢ ᠵᠢᠯᠣᠭᠤᠳᠤᠨ᠎ᠠ᠃ ︽ᠪᠠᠶᠢᠴᠠᠭᠠᠬᠤ ᠠᠵᠢᠯ ᠤᠨ ᠨᠡᠭᠡᠭᠡᠯᠲᠡᠲᠤ ᠡᠳᠦᠷ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠯᠢᠳᠡᠭ ᠨᠠᠮ ᠤᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠤᠷᠢᠵᠤ ᠪᠠᠶᠢᠴᠠᠭᠠᠬᠤ ᠪᠠᠶᠢᠭᠤᠯᠭ᠎ᠠ ᠳᠤ ᠣᠴᠢᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠬᠡᠷᠬᠢᠨ ᠨᠡᠩ ᠰᠠᠶᠢᠨ ᠬᠤᠪᠢ ᠨᠡᠮᠡᠷᠢ ᠦᠵᠡᠭᠦᠯᠬᠦ᠂ ᠢᠳᠬᠠᠨ ᠰᠠᠨᠠᠭᠤᠯᠬᠤ ᠠᠷᠭ᠎ᠠ ᠤᠬᠠᠭᠠᠨ ᠭᠠᠷᠭᠠᠬᠤ᠂ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠳᠤ ᠤᠶᠤᠨ ᠤ ᠳᠡᠮᠵᠢᠯᠭᠡ ᠬᠠᠩᠭᠠᠬᠤ ᠪᠠᠷ ᠪᠣᠯᠪᠠ᠃      ᠪᠦᠬᠦ ᠲᠠᠯ᠎ᠠ ᠳᠤ ᠦᠢᠯᠡᠴᠢᠯᠡᠬᠦ ᠶᠢ ᠡᠷᠡᠰ ᠪᠠᠳᠤᠯᠠᠵᠦ᠂ ᠬᠠᠤᠯᠢ ᠪᠠᠷ ᠵᠠᠰᠠᠬᠤ ᠬᠠᠷᠢᠭᠤᠴᠠᠯᠭ᠎ᠠ ᠶᠢ  ᠡᠭᠦᠷᠭᠡᠯᠡᠨ᠎ᠡ      ᠣᠨᠴᠠᠭᠠᠶ ᠬᠠᠮᠲᠤᠯᠢᠭ ᠲᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠴᠡᠷᠢᠭ ᠤᠨ ᠬᠥᠮᠥᠨ ᠴᠡᠷᠢᠭ ᠤᠨ ᠭᠡᠷ ᠪᠦᠯᠢ᠂ ᠬᠥᠯᠥᠰᠦᠨ ᠠᠵᠢᠯᠴᠢᠨ᠂ ᠨᠠᠰᠤᠲᠠᠶᠢᠴᠤᠳ᠂ ᠨᠠᠰᠤᠨ ᠳᠤ ᠦᠯᠦ ᠬᠦᠷᠦᠭᠰᠡᠳ᠂ ᠡᠮᠡᠭᠲᠡᠶᠢᠴᠦᠳ ᠵᠡᠷᠭᠡ ᠪᠠᠭᠤᠷᠠᠢ ᠬᠠᠮᠲᠤᠯᠢᠭ ᠲᠤ ᠲᠤᠯᠭᠠᠷᠠᠵᠤ ᠪᠠᠶᠢᠭ᠎ᠠ ᠡᠷᠬᠡ ᠪᠠᠨ ᠬᠠᠮᠠᠭᠠᠯᠠᠬᠤ ᠬᠦᠴᠢᠷᠳᠡᠯ ᠳᠤ ᠴᠢᠭᠯᠡᠭᠦᠯᠦᠨ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠢᠷᠭᠡᠨ ᠤ ᠬᠡᠷᠡᠭ ᠤᠨ ᠵᠠᠭᠠᠯᠳᠤᠯᠭ᠎ᠠ ᠶᠢ ᠳᠡᠮᠵᠢᠬᠦ ᠠᠵᠢᠯ ᠢ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠠᠭᠤᠰᠤᠯᠴᠠᠯ ᠤᠨ ᠰᠢᠪᠲᠤᠯᠤᠯᠲᠠ ᠶᠢᠨ ᠴᠡᠭ ᠪᠠ ᠰᠢᠨ᠎ᠡ ᠶᠢ ᠡᠭᠦᠳᠬᠦ ᠴᠡᠭ ᠪᠣᠯᠭᠠᠪᠠ᠃ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ︽ᠵᠠᠰᠠᠭ ᠵᠠᠬᠢᠷᠭᠠᠨ ᠤ ᠪᠠᠶᠢᠴᠠᠭᠠᠬᠤ ᠪᠠ ᠵᠠᠰᠠᠭ ᠵᠠᠬᠢᠷᠭᠠᠨ ᠤ ᠲᠠᠬᠢᠨ ᠵᠥᠪᠯᠡᠬᠦ ᠶᠢ ᠵᠣᠯᠭᠠᠭᠤᠯᠬᠤ ᠠᠵᠢᠯ ᠢ ᠴᠢᠩᠭᠠᠳᠬᠠᠬᠤ ᠲᠤᠬᠠᠢ ᠰᠠᠨᠠᠯ ︵ᠲᠤᠷᠰᠢᠨ ᠬᠡᠷᠡᠭᠵᠢᠭᠦᠯᠬᠦ︶︾ ᠳᠤ ᠭᠠᠷ ᠤᠨ ᠦᠰᠦᠭ ᠵᠢᠷᠤᠵᠤ᠂ ᠰᠢᠶᠠᠨ ᠤ ᠵᠡᠪᠰᠡᠭᠲᠦ ᠬᠦᠴᠦᠨ ᠤ ᠬᠡᠯᠲᠡᠰ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠠᠢ ᠬᠠᠮᠲᠤ ᠪᠠᠷ ︽ᠬᠠᠮᠵᠢᠯᠴᠠᠭ᠎ᠠ ᠪᠠᠨ ᠴᠢᠩᠭᠠᠳᠬᠠᠵᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠰᠢᠭ ᠲᠤᠰᠠ ᠪᠠ ᠴᠡᠷᠢᠭ ᠤᠨ ᠬᠥᠮᠥᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠤᠬᠠᠢ ᠰᠠᠨᠠᠯ ︵ᠲᠤᠷᠰᠢᠨ ᠬᠡᠷᠡᠭᠵᠢᠭᠦᠯᠬᠦ︶︾ ᠳᠤ ᠭᠠᠷ ᠤᠨ ᠦᠰᠦᠭ ᠵᠢᠷᠤᠵᠤ᠂ ᠰᠠᠶᠢᠨ ᠰᠠᠶᠢᠬᠠᠨ ᠤᠯᠤᠰ ᠲᠦᠷᠦ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠪᠠ ᠬᠠᠤᠯᠢ ᠴᠠᠭᠠᠵᠠ ᠶᠢᠨ ᠦᠷ᠎ᠡ ᠪᠦᠲᠦᠮᠵᠢ ᠣᠯᠵᠠᠢ᠃ ᠵᠥᠷᠢᠴᠡᠯ ᠢ ᠪᠠᠭ᠎ᠠ ᠳᠡᠭᠡᠷ᠎ᠡ ᠨᠢ ᠰᠢᠢᠳᠪᠦᠷᠢᠯᠡᠵᠦ᠂ ᠡᠷᠲᠡ ᠠᠴᠠ ᠰᠢᠢᠳᠪᠦᠷᠢᠯᠡᠬᠦ ᠪᠠᠷ ᠴᠢᠷᠮᠠᠶᠢᠵᠤ᠂ ᠠᠷᠠᠳ ᠤᠨ ᠵᠣᠪᠠᠨᠢᠯ ᠢ ᠦᠨᠡᠨ ᠪᠣᠳᠠᠲᠠᠢ ᠪᠠᠷ ᠰᠢᠢᠳᠪᠦᠷᠢᠯᠡᠵᠦ᠂ ᠠᠷᠠᠳ ᠤᠨ ᠬᠦᠴᠢᠷᠳᠡᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠵᠢᠭᠤᠷᠠᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠶᠢ ᠠᠬᠢᠭᠤᠯᠵᠤ᠂ ᠬᠤᠶᠠᠷ ᠲᠠᠯ᠎ᠠ ᠪᠠᠷ ᠢᠶᠠᠨ ᠠᠰᠢᠭ ᠬᠦᠷᠲᠡᠵᠦ ᠤᠯᠠᠨ ᠲᠠᠯ᠎ᠠ ᠪᠠᠷ ᠠᠰᠢᠭ ᠬᠦᠷᠲᠡᠵᠦ ᠬᠠᠮᠲᠤ ᠪᠠᠷ ᠠᠰᠢᠭ ᠬᠦᠷᠳᠡᠬᠦ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠪᠡᠶᠡᠯᠡᠭᠦᠯᠦᠨ᠎ᠡ᠃      ᠬᠠᠤᠯᠢ ᠶᠣᠰᠣᠭᠠᠷ ᠴᠢᠳᠠᠮᠠᠭᠠᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠡᠷᠡᠰ ᠭᠦᠨᠵᠡᠭᠡᠶᠢᠷᠡᠭᠦᠯᠵᠦ᠂ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠎ᠠ     ᠨᠠᠷᠢᠯᠢᠭ ᠣᠨᠣᠴᠠᠲᠠᠢ ᠪᠠᠷ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠬᠢᠨᠠᠯᠲᠠ ᠲᠠᠯᠪᠢᠭᠰᠠᠨ ᠰᠠᠭᠤᠷᠢᠨ ᠳᠡᠭᠡᠷ᠎ᠡ᠂ ᠨᠡᠶᠢᠲᠡᠯᠢᠭ ᠬᠡᠷᠡᠭ ᠤᠨ ᠬᠠᠤᠯᠢ ᠪᠠᠷᠢᠬᠤ ᠣᠶᠢᠯᠠᠭᠠᠭᠳᠠᠬᠤᠨ᠂ ᠲᠦᠷᠦ ᠶᠢᠨ ᠪᠣᠳᠣᠯᠭ᠎ᠠ ᠶᠢᠨ ᠳᠡᠭᠡᠭᠰᠢᠯᠡᠯᠲᠡ ᠪᠠ ᠤᠳᠤᠷᠢᠳᠤᠮᠵᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ  ᠬᠢ ᠬᠥᠲᠥᠯᠥᠨ ᠳᠠᠭᠠᠭᠤᠯᠬᠤ ᠦᠢᠯᠡᠳᠦᠯ ᠢ ᠲᠤᠪᠤᠶᠢᠯᠭᠠᠪᠠ᠃ ᠢᠷᠭᠡᠨ ᠤ ᠬᠡᠷᠡᠭ ᠤᠨ ᠪᠠᠶᠢᠴᠠᠭᠠᠬᠤ ᠪᠠ ᠬᠡᠷᠡᠭ ᠰᠢᠢᠳᠪᠦᠷᠢᠯᠡᠬᠦ ᠪᠠᠷ ᠳᠠᠮᠵᠢᠭᠤᠯᠤᠨ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠬᠡᠷᠡᠭ ᠰᠢᠢᠳᠪᠦᠷᠢᠯᠡᠬᠦ ᠪᠠᠷ ᠳᠠᠮᠵᠢᠭᠤᠯᠤᠨ᠂ ᠨᠡᠶᠢᠭᠡᠮ ᠤᠨ ᠵᠠᠰᠠᠯᠲᠠ ᠶᠢᠨ ᠠᠰᠠᠭᠤᠳᠠᠯ ᠢ ᠭᠦᠨᠵᠡᠭᠡᠢ ᠠᠭᠤᠳᠠᠯᠵᠤ᠂ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠵᠤ᠂ ᠨᠢᠭᠡ ᠬᠡᠷᠡᠭ ᠢ ᠰᠢᠢᠳᠪᠦᠷᠢᠯᠡᠵᠦ᠂ ᠨᠢᠭᠡ ᠬᠡᠰᠡᠭ ᠢ ᠵᠠᠰᠠᠬᠤ ᠦᠷ᠎ᠡ ᠪᠦᠲᠦᠮᠵᠢ ᠶᠢ ᠪᠡᠶᠡᠯᠡᠭᠦᠯᠪᠡ᠃ ᠡᠩᠨᠡᠭᠡᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠬ᠎ᠠ ᠳᠡᠭᠦᠦ ᠶᠢᠨ ᠬᠦᠷᠢᠶᠡᠯᠡᠩ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢᠯᠠᠵᠤ᠂ ᠢᠷᠭᠡᠨ ᠤ ᠬᠡᠷᠡᠭ ᠤᠨ ᠪᠠᠶᠢᠴᠠᠭᠠᠬᠤ ᠠᠵᠢᠯ ᠤᠨ ᠲᠣᠭᠲᠠᠴᠠ ᠪᠠ ᠠᠷᠭ᠎ᠠ ᠮᠠᠶ᠋ᠢᠭ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1