1-2 ᠳ᠋ᠤᠭᠠᠷ ᠰᠠᠷ᠎ᠠ ᠶᠢᠨ ᠭᠡᠷ ᠪᠠᠶᠢᠰᠢᠩ ᠤᠨ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠬᠡᠷᠬᠢᠨ ᠦᠵᠡᠬᠦ ᠪᠣᠶ︖ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠤᠯᠠᠭᠤᠯᠭ᠎ᠠ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠲᠠᠢ
ᠨᠡᠶᠢᠲᠡᠯᠡᠭᠰᠡᠨ ᠴᠠᠭ᠄
2024/3/20
      ᠣᠶᠢᠷ᠎ᠠ ᠳᠤ᠂ ᠵᠦᠩ ᡁᠢ ᠰᠤᠳᠤᠯᠭᠠᠨ ᠤ ᠬᠦᠷᠢᠶᠡᠯᠡᠩ ᠤᠨ ᠨᠡᠶᠢᠲᠡᠯᠡᠭᠰᠡᠨ ᠡᠨᠡ ᠵᠢᠯ ᠤᠨ 1-2 ᠳ᠋ᠤᠭᠠᠷ ᠰᠠᠷ᠎ᠠ ᠶᠢᠨ ᠣᠷᠣᠨ ᠰᠠᠭᠤᠴᠠ ᠶᠢᠨ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠬᠤᠯᠪᠣᠭᠳᠠᠯ ᠪᠦᠬᠦᠢ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠵᠠᠭᠤᠨ ᠬᠦᠴᠦᠷᠬᠡᠭ ᠣᠷᠣᠨ ᠰᠠᠭᠤᠴᠠ ᠶᠢᠨ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠲᠤᠭ᠎ᠠ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠶᠡᠭᠡ ᠪᠠᠷ ᠪᠠᠭᠤᠷᠠᠵᠠᠢ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ 1-2 ᠳ᠋ᠤᠭᠠᠷ ᠰᠠᠷ᠎ᠠ ᠶᠢᠨ ᠪᠥᠬᠦ ᠤᠯᠤᠰ ᠤᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠤᠭ᠎ᠠ ᠪᠠᠷᠢᠮᠲᠠ ᠴᠤ ᠦᠷᠭᠦᠯᠵᠢᠯᠡᠨ ᠪᠠᠭᠤᠷᠠᠵᠤ ᠪᠠᠶᠢᠨ᠎ᠠ᠂ ᠡᠭᠦᠨ ᠠᠴᠠ ᠪᠣᠯᠵᠤ ᠵᠠᠷᠢᠮ ᠬᠥᠮᠥᠰ ᠣᠳᠣᠬᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠨᠠᠩ ᠥᠭᠡᠳᠡ ᠦᠭᠡᠢ ᠪᠣᠯᠵᠤ ᠪᠠᠶᠢᠨ᠎ᠠ ᠭᠡᠵᠦ ᠦᠵᠡᠵᠦ᠂ ᠴᠢᠨᠠᠭᠰᠢᠯᠠᠪᠠᠯ ᠵᠠᠷᠢᠮ ᠬᠥᠮᠥᠰ ᠤᠯᠠᠮ ᠨᠢᠭᠡ ᠠᠯᠬᠤᠮ ᠪᠠᠭᠤᠷᠠᠨ᠎ᠠ ᠭᠡᠵᠤ ᠦᠵᠡᠵᠦ ᠪᠠᠶᠢᠨ᠎ᠠ᠂ ᠵᠥᠪᠬᠡᠨ ᠣᠨᠴᠠ ᠵᠠᠷᠢᠮ ᠰᠠᠷ᠎ᠠ ᠶᠢᠨ ᠲᠤᠭ᠎ᠠ ᠪᠠᠷᠢᠮᠲᠠ ᠶᠢ ᠦᠨᠳᠦᠰᠦᠯᠡᠨ ᠣᠳᠣᠬᠠᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠬᠠᠨᠳᠤᠰᠢ ᠶᠢ ᠮᠠᠭᠠᠳᠯᠠᠬᠤ ᠨᠢ ᠪᠥᠬᠦ ᠲᠠᠯ᠎ᠠ ᠶᠢᠨ ᠪᠢᠰᠢ᠂ ᠨᠡᠯᠢᠶᠡᠳ ᠶᠡᠭᠡ ᠵᠥᠷᠢᠶ᠎ᠡ ᠭᠠᠷᠬᠤ ᠪᠣᠯᠣᠨ᠎ᠠ᠃      ᠨᠢᠭᠡ ᠳᠤ᠂ ᠨᠢᠳᠤᠨᠤᠨ ᠤ ᠠᠳᠠᠯᠢ ᠬᠤᠭᠤᠴᠠᠭᠠᠨ ᠤ ᠬᠤᠯᠪᠣᠭᠳᠠᠯ ᠪᠦᠬᠦᠢ ᠪᠣᠷᠤᠯᠠᠭᠤᠯᠭ᠎ᠠ ᠶᠢᠨ ᠲᠤᠭ᠎ᠠ ᠪᠠᠷᠢᠮᠳᠠ ᠶᠢᠨ ᠰᠠᠭᠤᠷᠢ ᠲᠤᠭ᠎ᠠ ᠨᠡᠯᠢᠶᠡᠳ ᠦᠨᠳᠦᠷ᠃ ᠨᠢᠳᠤᠨᠤᠨ ᠤ ᠪᠥᠬᠦ ᠵᠢᠯ ᠤᠨ ᠲᠠᠸᠠᠷ ᠤᠨ ᠭᠡᠷ ᠪᠠᠶᠢᠰᠢᠩ ᠤᠨ ᠠᠷᠠᠯᠵᠢᠶᠠᠨ ᠤ ᠪᠠᠶᠢᠳᠠᠯ ᠶᠡᠷᠦᠩᠬᠡᠢ ᠳᠡᠭᠡᠨ ᠡᠮᠦᠨ᠎ᠡ ᠬᠤᠭᠤᠴᠠᠭᠠᠨ ᠳᠤ ᠥᠨᠳᠥᠷ᠂ ᠳᠤᠮᠳᠠ ᠬᠤᠭᠤᠴᠠᠭᠠᠨ ᠳᠤ ᠳᠣᠣᠷ᠎ᠠ᠂ ᠰᠡᠭᠦᠯᠴᠢ ᠶᠢᠨ ᠬᠤᠭᠤᠴᠠᠭᠠᠨ ᠳᠤ ᠲᠣᠭᠲᠠᠭᠤᠨ ᠪᠠᠶᠢᠪᠠ᠃ ᠨᠢᠳᠤᠨᠤᠨ ᠤ ᠨᠢᠭᠡᠳᠦᠭᠡᠷ ᠤᠯᠠᠷᠢᠯ ᠳᠤ᠂ ᠬᠥᠮᠥᠰ ᠬᠤᠷᠸ᠎ᠠ ᠠᠵᠤ ᠠᠬᠤᠢ ᠶᠢᠨ ᠰᠡᠷᠭᠦᠯᠲᠡ ᠳᠤ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠵᠤ᠂ ᠵᠢᠱᠢᠯᠲᠡ ᠪᠠᠷ ᠪᠠᠶᠠᠰᠤᠩᠭᠤᠢ ᠪᠠᠶᠢᠵᠤ᠂ 3 ᠵᠢᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠤᠷᠠᠮᠳᠤᠭᠰᠠᠨ ᠭᠡᠷ ᠪᠠᠶᠢᠰᠢᠩ ᠬᠤᠳᠠᠯᠳᠤᠨ ᠠᠪᠬᠤ ᠬᠡᠷᠡᠭᠴᠡᠭᠡ ᠶᠢ ᠲᠥᠪᠯᠡᠷᠡᠭᠦᠯᠦᠨ ᠲᠠᠯᠪᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠤᠯᠪᠣᠭᠳᠠᠯ ᠪᠦᠬᠦᠢ ᠪᠣᠷᠤᠯᠠᠭᠤᠯᠭ᠎ᠠ ᠶᠢᠨ ᠲᠤᠭ᠎ᠠ ᠪᠠᠷᠢᠮᠲᠠ ᠶᠢᠨ ᠰᠠᠭᠤᠷᠢ ᠲᠤᠭ᠎ᠠ ᠶᠢ ᠨᠡᠯᠢᠶᠡᠳ ᠥᠨᠳᠥᠷ ᠪᠣᠯᠭᠠᠵᠠᠢ      ᠬᠤᠶᠠᠷ ᠲᠤ᠂ ᠥᠩᠭᠡᠷᠡᠭᠰᠡᠨ ᠤ ᠬᠡᠰᠡᠭ ᠣᠷᠣᠨ ᠰᠠᠭᠤᠴᠠ ᠶᠢᠨ ᠠᠵᠤ ᠠᠬᠤᠶᠢᠯᠠᠯ ᠤᠨ ᠲᠦᠭᠰᠢᠭᠦᠷᠢ ᠶᠢᠨ ᠨᠥᠯᠥᠭᠡ ᠠᠴᠠ ᠪᠣᠯᠵᠤ᠂ ᠣᠳᠣᠬᠠᠨ ᠳᠤ ᠵᠠᠭᠤᠨ ᠬᠦᠴᠦᠷᠬᠡᠭ ᠣᠷᠣᠨ ᠰᠠᠭᠤᠴᠠ ᠶᠢᠨ ᠠᠵᠤ ᠠᠬᠤᠶᠢᠯᠠᠯ ᠤᠨ ᠪᠣᠷᠣᠯᠠᠭᠤᠯᠤᠯᠲᠠ ᠨᠢ ᠪᠤᠰᠤᠳ ᠣᠷᠣᠨ ᠰᠠᠭᠤᠴᠠ ᠶᠢᠨ ᠠᠵᠤ ᠠᠬᠤᠶᠢᠯᠠᠯ ᠤᠨ ᠪᠣᠷᠣᠯᠠᠭᠤᠯᠤᠯᠲᠠ ᠶᠢ ᠬᠦᠷᠬᠦ ᠦᠭᠡᠢ ᠪᠠᠶᠢᠵᠤ ᠮᠡᠳᠡᠨ᠎ᠡ᠃ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠬᠡᠪᠴᠢᠶ᠎ᠡ ᠪᠠᠷ ᠶᠡᠭᠡ ᠪᠢᠰᠢ᠂ ᠡᠵᠡᠩᠨᠡᠯᠲᠡ ᠪᠠᠷ ᠨᠡᠯᠢᠶᠡᠳ ᠲᠣᠭᠲᠠᠭᠤᠨ ᠵᠠᠷᠢᠮ ᠣᠷᠣᠨ ᠨᠤᠲᠤᠭ ᠤᠨ ᠭᠡᠷ ᠪᠠᠶᠢᠰᠢᠩ ᠤᠨ ᠠᠵᠤ ᠠᠬᠤᠶᠢᠯᠠᠯ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠬᠠᠷᠢᠴᠠᠩᠭᠤᠢ ᠪᠠᠷ ᠨᠡᠯᠢᠶᠡᠳ ᠰᠠᠶᠢᠨ ᠪᠠᠶᠢᠨ᠎ᠠ᠂ ᠡᠭᠦᠨ ᠠᠴᠠ ᠭᠠᠳᠠᠨ᠎ᠠ᠂ ᠪᠣᠷᠣᠯᠠᠭᠤᠯᠤᠯᠲᠠ ᠶᠢᠨ ᠬᠡᠮᠵᠢᠶ᠎ᠡ ᠠᠴᠠ ᠦᠵᠡᠪᠡᠯ᠂ ᠵᠠᠭᠤᠨ ᠬᠦᠴᠦᠷᠬᠡᠭ ᠣᠷᠣᠨ ᠰᠠᠭᠤᠴᠠ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠣᠶᠢᠷ᠎ᠠ ᠶᠢᠨ ᠵᠢᠯ ᠳᠤ ᠪᠠᠭᠤᠷᠠᠬᠤ ᠬᠠᠨᠳᠤᠰᠢ ᠲᠠᠢ ᠪᠣᠯᠵᠤ᠂ ᠵᠠᠭᠤᠨ ᠬᠦᠴᠦᠷᠬᠡᠭ ᠣᠷᠣᠨ ᠰᠠᠭᠤᠴᠠ ᠶᠢᠨ ᠠᠵᠤ ᠠᠬᠤᠶᠢᠯᠠᠯ ᠠᠴᠠ ᠭᠠᠳᠠᠨᠠᠬᠢ ᠪᠤᠰᠤᠳ ᠣᠷᠣᠨ ᠰᠠᠭᠤᠴᠠ ᠶᠢᠨ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠪᠠᠶᠢᠳᠠᠯ ᠢ ᠴᠤ ᠠᠩᠬᠠᠷᠤᠭᠤᠰᠢᠲᠠᠢ ᠪᠠᠶᠢᠨ᠎ᠠ᠃      ᠭᠤᠷᠪᠠ ᠳᠤ᠂ ᠭᠡᠷ ᠪᠠᠶᠢᠰᠢᠩ ᠤᠨ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠪᠠᠶᠢᠳᠠᠯ ᠳᠤ ᠵᠥᠪᠬᠡᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠪᠠᠭᠲᠠᠨ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠨᠢ ᠰᠢᠨ᠎ᠡ ᠭᠡᠷ ᠪᠠᠶᠢᠰᠢᠩ ᠤᠨ ᠵᠠᠬ᠎ᠠ ᠳᠡᠯᠭᠡᠭᠦᠷ ᠢᠶᠠᠷ ᠭᠤᠣᠯ ᠪᠣᠯᠭᠠᠵᠤ ᠪᠠᠶᠢᠭᠰᠠᠨ ᠠᠴᠠ ᠪᠠᠨ ᠭᠠᠷ ᠳᠠᠮᠵᠢᠭᠰᠠᠨ ᠭᠡᠷ ᠪᠠᠶᠢᠰᠢᠩ ᠤᠨ ᠵᠠᠬ᠎ᠠ ᠳᠡᠯᠭᠡᠭᠦᠷ ᠢᠶᠠᠷ ᠭᠤᠣᠯ ᠪᠣᠯᠭᠠᠬᠤ ᠳᠠᠰᠢ ᠬᠤᠪᠢᠷᠠᠬᠤ ᠶᠢ ᠳᠠᠭᠠᠯᠳᠤᠨ᠂ ᠭᠠᠷ ᠳᠠᠮᠵᠢᠭᠰᠠᠨ ᠭᠡᠷ ᠪᠠᠶᠢᠰᠢᠩ ᠤᠨ ᠠᠷᠠᠯᠵᠢᠶᠠᠨ ᠤ ᠡᠵᠡᠯᠡᠬᠦ ᠬᠠᠷᠢᠴᠠᠯ ᠨᠢ ᠳᠡᠭᠡᠭᠰᠢᠯᠡᠵᠦ᠂ ᠭᠠᠷ ᠳᠠᠮᠵᠢᠭᠰᠠᠨ ᠭᠡᠷ ᠪᠠᠶᠢᠰᠢᠩ ᠤᠨ ᠨᠢᠭᠡ ᠬᠡᠰᠡᠭ ᠰᠢᠨ᠎ᠡ ᠭᠡᠷ ᠪᠠᠶᠢᠰᠢᠩ ᠤᠨ ᠬᠡᠷᠡᠭᠴᠡᠭᠡ ᠶᠢ ᠰᠠᠯᠭᠠᠨ ᠲᠣᠬᠢᠷᠠᠭᠤᠯᠪᠠ᠃ ᠣᠶᠢᠷ᠎ᠠ ᠳᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ ᠳᠤ ᠢᠯᠡᠷᠡᠭᠦᠯᠦᠭᠰᠡᠨ ᠢᠶᠠᠷ᠂ 2023 ᠣᠨ ᠤ ᠪᠥᠬᠦ ᠵᠢᠯ ᠤᠨ ᠭᠠᠷ ᠳᠠᠮᠵᠢᠭᠰᠠᠨ ᠣᠷᠣᠨ ᠰᠠᠭᠤᠴᠠ ᠶᠢᠨ ᠠᠷᠠᠯᠵᠢᠶᠠᠨ ᠤ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠲᠠᠯᠠᠪᠠᠶ ᠶᠢᠨ ᠡᠵᠡᠯᠡᠬᠦ ᠬᠠᠷᠢᠴᠠᠯ ᠨᠢ 40% ᠰᠢᠬᠠᠮ ᠳᠤ ᠬᠦᠷᠴᠡᠢ᠃      ᠡᠶᠢᠮᠦ ᠠᠴᠠ᠂ ᠵᠥᠪᠬᠡᠨ ᠬᠡᠰᠡᠭ ᠲᠠᠯ᠎ᠠ ᠶᠢᠨ ᠲᠤᠭ᠎ᠠ ᠪᠠᠷᠢᠮᠲᠠ᠂ ᠣᠬᠤᠷ ᠬᠤᠭᠤᠴᠠᠭᠠᠨ ᠤ ᠲᠤᠭ᠎ᠠ ᠪᠠᠷᠢᠮᠲᠠ ᠶᠢ ᠦᠨᠳᠦᠰᠦᠯᠡᠨ ᠣᠳᠣᠬᠠᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠬᠠᠨᠳᠤᠰᠢ ᠳᠤ ᠮᠠᠭᠠᠳᠯᠠᠯᠲᠠ ᠬᠢᠪᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠬᠡᠮᠵᠢᠶ᠎ᠡ ᠶᠢ ᠬᠡᠳᠦᠷᠬᠡᠢ ᠵᠢᠱᠢᠭᠰᠡᠨ ᠶᠠᠪᠤᠳᠠᠯ ᠪᠤᠯᠤᠨ᠎ᠠ᠃ ᠭᠡᠬᠦ ᠳᠡᠭᠡᠨ ᠬᠤᠶᠢᠰᠢᠳᠠ ᠶᠢᠨ ᠪᠦᠬᠦ᠋ᠢᠯᠡ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠤᠨ ᠬᠤᠯᠪᠣᠭᠳᠠᠯ ᠪᠦᠬᠦᠢ ᠪᠦᠷᠢᠳᠬᠡᠯ ᠤᠨ ᠲᠤᠭ᠎ᠠ ᠪᠠᠷᠢᠮᠲᠠ ᠶᠢ ᠦᠨᠳᠦᠰᠦᠯᠡᠨ᠂ ᠵᠠᠭᠤᠨ ᠬᠦᠴᠦᠷᠬᠡᠭ ᠭᠡᠷ ᠪᠠᠶᠢᠰᠢᠩ ᠤᠨ ᠠᠵᠤ ᠠᠬᠤᠶᠢᠯᠠᠯ ᠪᠠ ᠪᠤᠰᠤᠳ ᠭᠡᠷ ᠪᠠᠶᠢᠰᠢᠩ ᠤᠨ ᠠᠵᠤ ᠠᠬᠤᠶᠢᠯᠠᠯ᠂ ᠰᠢᠨ᠎ᠡ ᠭᠡᠷ ᠪᠠᠶᠢᠰᠢᠩ ᠪᠠ ᠭᠠᠷ ᠳᠠᠮᠵᠢᠭᠰᠠᠨ ᠭᠡᠷ ᠪᠠᠶᠢᠰᠢᠩ ᠤᠨ ᠠᠷᠠᠯᠵᠢᠶ᠎ᠠ ᠵᠡᠷᠭᠡ ᠪᠠᠶᠢᠳᠠᠯ ᠢ ᠶᠡᠷᠦᠩᠬᠡᠶᠢᠯᠡᠨ ᠤᠯᠠᠮ ᠨᠢᠭᠡ ᠠᠯᠬᠤᠮ ᠵᠠᠳᠠᠯᠤᠨ ᠮᠠᠭᠠᠳᠯᠠᠬᠤ ᠬᠡᠷᠡᠭᠲᠡᠢ᠃      ᠡᠭᠦᠨ ᠤ ᠬᠠᠮᠲᠤ᠂ ᠬᠡᠰᠡᠭ ᠣᠷᠣᠨ ᠰᠠᠭᠤᠴᠠ ᠶᠢᠨ ᠠᠵᠤ ᠠᠬᠤᠶᠢᠯᠠᠯ ᠤᠨ ᠲᠦᠭᠰᠢᠭᠦᠷᠢ  ᠡᠭᠦᠰᠦᠭᠰᠡᠨ᠂ ᠲᠥᠷᠥᠯ ᠵᠦᠢᠯ ᠤᠨ ᠠᠵᠢᠯ ᠵᠣᠭᠰᠣᠭᠰᠠᠨ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠵᠠᠷᠢᠮ ᠬᠥᠮᠥᠰ ᠰᠢᠨ᠎ᠡ ᠭᠡᠷ ᠪᠠᠶᠢᠰᠢᠩ ᠬᠤᠳᠠᠯᠳᠤᠨ ᠠᠪᠬᠤ ᠵᠣᠷᠢᠭ ᠦᠭᠡᠢ᠂ ᠢᠯᠠᠩᠭᠤᠶ᠎ᠠ ᠬᠤᠭᠤᠴᠠᠭᠠᠲᠤ ᠭᠡᠷ ᠪᠠᠶᠢᠰᠢᠩ ᠬᠤᠳᠠᠯᠳᠤᠨ ᠠᠪᠬᠤ ᠵᠣᠷᠢᠭ ᠦᠭᠡᠢ ᠪᠣᠯᠵᠤ᠂ ᠣᠳᠣᠬᠠᠨ ᠳᠤ ᠣᠷᠣᠨ ᠰᠠᠭᠤᠴᠠ ᠶᠢᠨ ᠠᠵᠤ ᠠᠬᠤᠶᠢᠯᠠᠯ ᠤᠨ ᠪᠣᠷᠤᠯᠠᠭᠤᠯᠭ᠎ᠠ ᠶᠢ ᠡᠳᠦᠢ ᠲᠡᠳᠦᠢ ᠪᠠᠭᠤᠷᠠᠭᠤᠯᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠳᠤ ᠠᠰᠢᠭᠲᠠᠢ ᠪᠠᠶᠢᠬᠤ ᠲᠥᠷᠥ ᠶᠢᠨ ᠪᠣᠳᠣᠯᠭ᠎ᠠ ᠶᠢᠨ ᠲᠠᠰᠤᠷᠠᠯᠲᠠ ᠦᠭᠡᠢ ᠨᠡᠶᠢᠲᠡᠯᠡᠭᠳᠡᠬᠦ ᠶᠢ ᠳᠠᠭᠠᠯᠳᠤᠨ ᠂ ᠢᠯᠠᠩᠭᠤᠶ᠎ᠠ ᠡᠨᠡ ᠵᠢᠯ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠲᠦᠷᠭᠡᠪᠴᠢᠯᠡᠨ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠪᠡᠯᠡ ᠲᠣᠬᠢᠷᠠᠭᠤᠯᠭ᠎ᠠ ᠶᠢ ᠲᠦᠷᠭᠡᠬᠡᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠡᠯᠡ ᠲᠣᠬᠢᠷᠠᠭᠤᠯᠭ᠎ᠠ ᠪᠠ ᠪᠦᠲᠦᠭᠡᠨ ᠪᠠᠶᠢᠭᠤᠯᠤᠯᠲᠠ ᠶᠢᠨ ᠲᠤᠰᠢᠶᠠᠨ ᠥᠭᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ ᠴᠢᠳᠠᠬᠤ ᠪᠠᠷ ᠪᠠᠷᠠᠬᠤ ᠦᠭᠡᠢ᠂ ᠪᠡᠯᠡᠨ ᠭᠡᠷ ᠪᠠᠶᠢᠰᠢᠩ ᠤᠨ ᠪᠣᠷᠤᠯᠠᠭᠤᠯᠭ᠎ᠠ ᠶᠢ ᠪᠦᠲᠦᠮᠵᠢᠲᠡᠶ ᠳᠡᠮᠵᠢᠵᠦ᠂ ᠵᠠᠬ᠎ᠠ ᠲᠡᠯᠭᠡᠭᠦᠷ ᠤᠨ ᠵᠢᠱᠢᠯᠳᠡ ᠶᠢ ᠲᠤᠭᠳᠠᠪᠦᠷᠢᠵᠢᠭᠤᠯᠤᠨ᠎ᠠ᠃ ᠢᠯᠠᠩᠭᠤᠶ᠎ᠠ ᠪᠡᠯᠡᠨ ᠭᠡᠷ ᠪᠠᠶᠢᠰᠢᠩ ᠢ ᠠᠯᠢ ᠲᠦᠷᠭᠡᠨ ᠢᠶᠠᠷ ᠪᠠᠶᠢᠭᠤᠯᠪᠠᠯ ᠰᠠᠭᠤᠭᠠᠯᠢ ᠠᠷᠠᠳ ᠵᠣᠷᠢᠭᠲᠠᠢ ᠪᠠᠷ ᠬᠤᠳᠠᠯᠳᠤᠨ ᠠᠪᠬᠤ ᠳᠤ ᠠᠰᠢᠭᠳᠠᠢ᠂ ᠴᠢᠨᠠᠭᠰᠢᠯᠠᠪᠠᠯ ︽ᠴᠠᠭᠠᠨ ᠲᠠᠩᠰᠠ︾ ᠳᠤ ᠵᠢᠭᠰᠠᠭᠠᠭᠳᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠢ ᠬᠤᠳᠠᠯᠳᠤᠨ ᠠᠪᠬᠤ ᠪᠣᠯᠣᠨ᠎ᠠ᠂ ᠤᠴᠢᠷ ᠨᠢ ᠡᠶᠢᠮᠦᠷᠬᠦ ᠴᠢᠩᠭ᠎ᠠ ᠬᠦᠴᠦᠲᠡᠢ ︽ᠵᠠᠰᠠᠭ ᠤᠨ ᠣᠷᠳᠣᠨ ᠤ ᠲᠦᠰᠢᠯᠭᠡ︾ ᠪᠠ ᠪᠡᠯᠡ ᠲᠣᠬᠢᠷᠠᠭᠤᠯᠭ᠎ᠠ ᠶᠢᠨ ᠳᠡᠮᠵᠢᠯᠭᠡ ᠪᠠᠶᠢᠬᠤ ᠪᠣᠯᠬᠤᠷ ᠬᠤᠭᠤᠴᠠᠭᠠᠲᠤ ᠭᠡᠷ ᠪᠠᠶᠢᠰᠢᠩ ᠬᠤᠳᠠᠯᠳᠤᠨ ᠠᠪᠬᠤ ᠨᠢ ᠴᠦ ᠨᠡᠯᠢᠶᠡᠳ ᠠᠮᠤᠷ ᠲᠦᠪᠰᠢᠨ ᠪᠠᠶᠢᠳᠠᠭ᠂ ᠡᠭᠦᠨ ᠤ ᠤᠯᠠᠮ ᠠᠴᠠ ᠵᠠᠷᠢᠮ ᠭᠡᠷ ᠪᠠᠶᠢᠰᠢᠩ ᠬᠤᠳᠠᠯᠳᠤᠨ ᠠᠪᠬᠤ ᠰᠠᠨᠠᠭᠠᠳᠠᠢ ᠬᠥᠮᠥᠰ ᠴᠦ ᠬᠤᠭᠤᠴᠠᠭᠠᠲᠤ ᠭᠡᠷ ᠪᠠᠶᠢᠰᠢᠩ ᠬᠤᠳᠠᠯᠳᠤᠨ ᠠᠪᠬᠤ ᠵᠣᠷᠢᠭ ᠤᠷᠤᠳᠠᠭ᠃ ᠡᠶᠢᠮᠦ ᠠᠴᠠ᠂ ᠪᠣᠷᠤᠯᠠᠭᠤᠯᠭ᠎ᠠ ᠶᠢᠨ ᠲᠠᠯ᠎ᠠ ᠪᠠᠷ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠢᠯᠠᠩᠭᠤᠶ᠎ᠠ ᠤᠷᠢᠳᠴᠢᠯᠠᠨ ᠬᠤᠳᠠᠯᠳᠤᠬᠤ ᠨᠥᠬᠦᠴᠡᠯ ᠳᠤ ᠨᠡᠶᠢᠴᠡᠬᠦ ᠬᠤᠭᠤᠴᠠᠭᠠᠲᠤ ᠣᠷᠣᠨ ᠰᠠᠭᠤᠴᠠ ᠶᠢ ᠪᠣᠷᠣᠯᠠᠭᠤᠯᠵᠤ ᠳᠡᠶᠢᠯᠬᠦ ᠪᠣᠯᠭᠠᠵᠤ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠤᠯᠠᠭᠤᠯᠭ᠎ᠠ ᠶᠢ ᠲᠣᠭᠲᠠᠭᠤᠨ ᠢᠶᠠᠷ ᠰᠠᠶᠢᠵᠢᠷᠠᠭᠤᠯᠬᠤ ᠪᠣᠯᠣᠮᠵᠢ ᠲᠠᠢ ᠪᠠᠶᠢᠨ᠎ᠠ᠃      ᠡᠭᠦᠨ ᠠᠴᠠ ᠭᠠᠳᠠᠨ᠎ᠠ᠂ ᠨᠢᠳᠤᠨᠤᠨ ᠠᠴᠠ ᠨᠠᠰᠢ ᠭᠡᠷ ᠪᠠᠶᠢᠰᠢᠩ ᠭᠠᠵᠠᠷ ᠬᠥᠷᠥᠩᠭᠡ ᠳᠤ ᠠᠰᠢᠭᠲᠠᠢ ᠪᠠᠶᠢᠬᠤ ᠲᠥᠷᠥ ᠶᠢᠨ ᠪᠣᠳᠣᠯᠭ᠎ᠠ ᠶᠢ ᠪᠠᠶᠢᠨ ᠳᠠᠬᠢᠨ ᠨᠡᠶᠢᠲᠡᠯᠡᠵᠦ ᠪᠠᠶᠢᠭ᠎ᠠ ᠪᠣᠯᠪᠠᠴᠤ ᠦᠷ᠎ᠡ ᠪᠦᠲᠦᠮᠵᠢ ᠨᠢ ᠬᠥᠮᠥᠰ ᠤᠨ ᠵᠢᠱᠢᠯᠲᠡ ᠳᠤ ᠬᠦᠷᠬᠦ ᠦᠭᠡᠢ ᠪᠠᠶᠢᠬᠤ ᠶᠢᠨ ᠰᠢᠯᠲᠠᠭᠠᠨ ᠨᠢ ᠬᠥᠮᠥᠰ ᠤᠨ ᠠᠵᠢᠯ ᠣᠯᠭᠤᠯᠲᠠ ᠶᠢᠨ ᠳᠠᠷᠤᠯᠲᠠ ᠶᠡᠬᠡᠰᠴᠦ᠂ ᠣᠷᠣᠯᠭ᠎ᠠ ᠶᠢᠨ ᠵᠢᠱᠢᠯᠲᠡ ᠪᠠᠭᠤᠷᠠᠢ ᠪᠠᠶᠢᠬᠤ ᠵᠡᠷᠭᠡ ᠮᠠᠰᠢ ᠣᠯᠠᠨ ᠬᠦᠴᠦᠨ ᠵᠦᠢᠯ ᠤᠨ ᠨᠥᠯᠥᠭᠡ ᠠᠴᠠ ᠪᠣᠯᠵᠤ᠂ ᠵᠢᠭᠡᠯᠡᠯᠭᠡ ᠵᠢᠭᠡᠯᠡᠵᠦ ᠭᠡᠷ ᠪᠠᠶᠢᠰᠢᠩ ᠬᠤᠳᠠᠯᠳᠤᠨ ᠠᠪᠬᠤ ᠬᠦᠰᠡᠯ ᠡᠷᠡᠮᠡᠯᠵᠡᠯ ᠴᠢᠩᠭ᠎ᠠ ᠪᠢᠰᠢ ᠪᠠᠶᠢᠬᠤ ᠳᠤ ᠣᠷᠣᠰᠢᠨ᠎ᠠ᠃ ᠥᠩᠭᠡᠷᠡᠭᠰᠡᠨ ᠳᠤ ᠬᠥᠮᠥᠰ ᠭᠡᠷ ᠪᠠᠶᠢᠰᠢᠩ ᠭᠠᠵᠠᠷ ᠬᠥᠷᠥᠩᠭᠡ ᠨᠢ ᠪᠦᠬᠦ᠋ᠢᠯᠡ ᠠᠵᠤ ᠠᠬᠤᠢ ᠶᠢ ᠴᠢᠷᠦᠭᠳᠡᠭᠦᠯᠦᠨ᠎ᠡ ᠭᠡᠵᠦ  ᠦᠵᠡᠵᠦ ᠪᠠᠶᠢᠪᠠ᠂ ᠣᠲᠣ ᠦᠵᠡᠬᠦ ᠳᠤ ᠭᠡᠷ ᠪᠠᠶᠢᠰᠢᠩ ᠭᠠᠵᠠᠷ ᠬᠥᠷᠥᠩᠭᠡ ᠨᠢ ᠴᠦ ᠬᠤᠷᠸ᠎ᠠ ᠠᠵᠤ ᠠᠬᠤᠢ ᠶᠢᠨ ᠪᠠᠶᠢᠳᠠᠯ ᠤᠨ ᠨᠡᠯᠢᠶᠡᠳ ᠶᠡᠭᠡ ᠨᠥᠯᠥᠭᠡ ᠶᠢ ᠭᠥᠷᠳᠡᠵᠦ ᠪᠠᠶᠢᠨ᠎ᠠ᠂ ᠵᠥᠪᠬᠡᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠯ ᠳᠤ ᠲᠦᠰᠢᠭᠯᠡᠭᠡᠳ ᠠᠪᠤᠨ ᠳᠣᠣᠷ᠎ᠠ ᠪᠠᠨ ᠠᠮᠵᠢᠯᠲᠠ ᠣᠯᠬᠤ ᠳᠤ ᠪᠡᠷᠬᠡ ᠪᠠᠶᠢᠨ᠎ᠠ᠂ ᠡᠶᠢᠮᠦ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠪᠤᠷᠢᠵᠢᠨ ᠳᠡᠭᠡᠭᠰᠢᠯᠡᠬᠦ ᠨᠢ ᠴᠦ ᠬᠤᠷᠸ᠎ᠠ ᠠᠵᠤ ᠠᠬᠤᠢ ᠶᠢᠨ ᠳᠠᠪᠬᠤᠷᠭ᠎ᠠ ᠳᠤ ᠲᠣᠭᠲᠠᠭᠤᠨ ᠢᠶᠠᠷ ᠨᠡᠮᠡᠭᠳᠡᠵᠦ᠂ ᠠᠵᠢᠯ ᠣᠯᠭᠤᠯᠲᠠ ᠶᠢ ᠲᠤᠭᠳᠠᠪᠦᠷᠢᠵᠢᠭᠤᠯᠤᠨ᠂ ᠢᠳᠡᠭᠡᠯ ᠵᠤᠷᠢᠭ ᠢ ᠨᠡᠮᠡᠭᠳᠡᠭᠦᠯᠬᠦ ᠶᠤᠮ᠃      ᠵᠣᠬᠢᠶᠠᠭᠴᠢ ᠪᠣᠯ ᠳᠤᠮᠳᠠᠳᠤ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨᠡᠯᠡᠭᠴᠢ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠭᠴᠢ ᠶᠢᠨ ᠨᠡᠶᠢᠭᠡᠮᠯᠢᠭ ᠤᠨ ᠲᠠᠷᠤᠭ᠎ᠠ  ᠰᠣᠳᠣᠯᠠᠭᠠᠴᠢᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1