ᠥᠪᠥᠷ ᠮᠣᠩᠭᠤᠯ 2024 ᠣᠨ ᠤ 2 ᠳ᠋ᠤᠭᠠᠷ ᠲᠣᠭᠠᠲᠤ ᠶᠡᠷᠦᠩᠬᠡᠢ ᠣᠶ ᠰᠢᠭᠤᠢ ᠶᠢᠨ ᠳᠠᠷᠤᠭ᠎ᠠ ᠶᠢᠨ ᠵᠠᠷᠯᠢᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2024/3/21
      2024 ᠣᠨ ᠳᠤ᠂ ᠪᠦᠬᠦ ᠣᠷᠣᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠡᠵᠡᠮᠰᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠨ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ 1500 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠨᠠᠷ ᠰᠠᠶᠢᠲᠠᠢ ᠪᠡᠶᠡᠯᠡᠭᠦᠯᠵᠦ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 1320 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠰᠢᠨ᠎ᠡ ᠪᠠᠷ ᠨᠡᠮᠡᠭᠳᠡᠭᠦᠯᠦᠨ᠂ 230 ᠲᠦᠮᠡᠨ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠢᠵᠢ ᠪᠦᠷᠢᠳᠦᠭᠦᠯᠦᠨ ᠪᠡᠶᠡᠯᠡᠭᠦᠯᠵᠦ᠂ ᠤᠮᠠᠷᠠᠲᠤ ᠬᠢᠯᠢ ᠶᠢᠨ ᠡᠪᠳᠡᠷᠡᠰᠢ ᠦᠭᠡᠢ ᠪᠠᠲᠤ ᠪᠠᠬᠢ ᠣᠷᠳᠣ ᠴᠠᠭᠠᠨ ᠬᠡᠷᠡᠮ ᠪᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠷᠮᠠᠶᠢᠨ ᠪᠠᠶᠢᠭᠤᠯᠵᠤ᠂ ᠦᠨᠡᠨ ᠪᠣᠳᠠᠲᠠᠢ ᠵᠠᠰᠠᠯᠲᠠ ᠶᠢᠨ ᠦᠷ᠎ᠡ ᠪᠦᠲᠦᠮᠵᠢ ᠪᠠᠷ ᠥᠪᠥᠷ ᠮᠣᠩᠭᠤᠯ ᠳᠠᠬᠢ ᠶᠡᠷᠦᠩᠬᠡᠢ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶ᠎ᠠ ᠶᠢᠨ ᠬᠠᠶᠢᠷ᠎ᠠ ᠬᠠᠯᠠᠮᠵᠢ ᠶᠢ ᠬᠠᠷᠢᠭᠤᠯᠤᠨ᠎ᠠ᠃      ᠨᠢᠭᠡ᠂ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ︽ᠤᠯᠤᠰ ᠤᠨ ᠲᠣᠮᠣ ᠶᠠᠪᠤᠳᠠᠯ︾ ᠢ ᠪᠠᠲᠤ ᠴᠡᠭᠡᠵᠢᠯᠡᠵᠦ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠢᠯᠠᠯᠲᠠ ᠶᠢ ᠣᠯᠬᠤ ᠡᠭᠦᠷᠭᠡ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠬᠤ ᠬᠡᠷᠡᠭᠲᠡᠢ᠃ ᠡᠯ᠎ᠡ ᠱᠠᠲᠤᠨ ᠤ ᠣᠶ ᠰᠢᠭᠤᠢ ᠶᠢᠨ ᠳᠠᠷᠤᠭ᠎ᠠ ᠶᠢᠨ ᠠᠯᠪᠠᠨ ᠭᠡᠷ ᠨᠢ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠪᠦᠷᠢᠯᠳᠦᠭᠦᠨ ᠨᠢᠭᠡᠴᠡ ᠯᠦᠭᠡ ᠠᠳᠠᠯᠢ ᠰᠡᠳᠦᠪ ᠢ ᠬᠠᠮᠲᠤ ᠪᠠᠷ ᠬᠠᠷᠢᠭᠤᠯᠵᠤ᠂ ᠠᠳᠠᠯᠢ ᠳᠠᠪᠲᠠᠮᠵᠢ ᠪᠠᠷ ᠳᠠᠷᠪᠢᠯᠲᠠ ᠶᠢ ᠬᠠᠮᠲᠤᠳᠬᠠᠨ᠂ ᠠᠳᠠᠯᠢ ᠴᠢᠭᠯᠡᠯ ᠢᠶᠠᠷ ᠬᠦᠴᠦᠯᠡᠵᠦ᠂ ᠣᠨ ᠤ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠬᠤᠶᠠᠷ᠂ ᠪᠦᠬᠦ ᠲᠠᠯ᠎ᠠ ᠪᠠᠷ ᠠᠵᠢᠯ ᠢᠶᠠᠨ ᠡᠬᠢᠯᠡᠭᠦᠯᠵᠦ᠂ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠬᠦ ᠬᠡᠷᠡᠭᠲᠡᠢ᠃ ᠡᠯ᠎ᠡ ᠭᠠᠵᠠᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 3 ᠳ᠋ᠤᠭᠠᠷ ᠰᠠᠷ᠎ᠠ ᠶᠢᠨ 20  ᠤ ᠡᠳᠦᠷ ᠠᠴᠠ ᠡᠮᠦᠨ᠎ᠡ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠠᠬᠢᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠠᠯᠠᠪᠠᠢ ᠳᠤ ᠣᠷᠣᠭᠤᠯᠤᠨ ᠠᠵᠢᠯ ᠡᠬᠢᠯᠡᠭᠦᠯᠵᠦ᠂ ᠪᠦᠬᠦ ᠲᠠᠯ᠎ᠠ ᠪᠠᠷ ᠬᠥᠳᠡᠯᠦᠯᠴᠡᠨ ᠠᠵᠢᠯᠯᠠᠬᠤ ᠬᠡᠷᠡᠭᠲᠡᠢ᠃ ᠪᠠᠴᠢᠮ ᠶᠠᠭᠠᠷᠠᠯᠲᠠᠢ ᠠᠵᠢᠯᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠦᠷᠭᠡᠨ ᠢᠶᠠᠷ ᠤᠷᠤᠭᠰᠢᠯᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠢᠯᠡᠭᠦᠦ ᠬᠢᠵᠦ ᠳᠡᠶᠢᠯᠪᠡᠯ ᠢᠯᠡᠭᠦᠦ ᠬᠢᠵᠦ᠂ ᠡᠳᠦᠷ ᠪᠣᠯᠭᠠᠨ ᠠᠬᠢᠴᠠ ᠲᠠᠢ᠂ ᠭᠠᠷᠠᠭ ᠪᠣᠯᠭᠠᠨ ᠬᠤᠪᠢᠷᠠᠯᠲᠠ ᠲᠠᠢ ᠪᠠᠶᠢᠬᠤ ᠶᠢ ᠪᠠᠲᠤᠯᠠᠵᠤ᠂ ᠪᠦᠬᠦ ᠣᠷᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃      ᠭᠤᠷᠪᠠ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ ᠬᠡᠷᠡᠭᠲᠡᠢ᠃ ᠡᠯ᠎ᠡ ᠭᠠᠵᠠᠷ ᠤᠨ ᠬᠢᠨ ᠠᠭᠤᠯᠠ ᠤᠰᠤ ᠣᠶ ᠲᠠᠷᠢᠶ᠎ᠠ ᠨᠠᠭᠤᠷ  ᠴᠦᠬᠦᠷᠦᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠱᠠᠭᠠᠷᠳᠠᠯᠭ᠎ᠠ ᠶᠣᠰᠣᠭᠠᠷ᠂ ᠬᠥᠮᠥᠨ ᠤ ᠬᠦᠴᠦ ᠪᠠᠷ ᠰᠡᠷᠭᠦᠭᠡᠬᠦ ᠪᠠ ᠠᠶᠠᠨᠳᠠᠭᠠᠨ ᠰᠡᠷᠭᠦᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠥᠷᠢᠶ᠎ᠡ ᠲᠠᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠠᠭᠪᠤᠷ ᠢ ᠠᠪᠴᠤ᠂ ᠲᠤᠷᠤᠭ ᠮᠣᠳᠣ ᠲᠠᠷᠢᠬᠤ ᠳᠤ ᠲᠣᠬᠢᠷᠠᠮᠵᠢᠲᠠᠢ ᠪᠣᠯ ᠲᠤᠷᠤᠭ ᠮᠣᠳᠣ ᠲᠠᠷᠢᠵᠤ᠂ ᠤᠰᠤᠯᠠᠬᠤ ᠳᠤ ᠲᠣᠬᠢᠷᠠᠮᠵᠢᠲᠠᠢ ᠪᠣᠯ ᠤᠰᠤᠯᠠᠵᠤ᠂ ᠡᠪᠡᠰᠦ ᠤᠷᠭᠤᠬᠤ ᠳᠤ ᠲᠣᠬᠢᠷᠠᠮᠵᠢᠲᠠᠢ ᠪᠣᠯ ᠡᠪᠡᠰᠦ ᠮᠣᠳᠣ ᠲᠠᠷᠢᠵᠤ᠂ ᠤᠢ ᠰᠢᠭᠤᠢ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠲᠦᠷᠦᠯ ᠬᠡᠯᠪᠡᠷᠢ ᠪᠠ ᠨᠢᠭᠲᠠᠴᠠ ᠶᠢ ᠵᠣᠬᠢᠰᠲᠠᠢ ᠲᠣᠬᠢᠷᠠᠭᠤᠯᠵᠤ᠂ ᠭᠠᠩ ᠬᠠᠭᠰᠠᠷᠠᠭᠠᠨ ᠳᠤ ᠳᠠᠭᠠᠭᠠᠮᠠᠭᠠᠢ᠂ ᠲᠠᠴᠢᠷ ᠮᠠᠭᠤ ᠳᠤ ᠳᠠᠭᠠᠭᠠᠮᠠᠭᠠᠢ᠂ ᠰᠠᠯᠬᠢ ᠡᠯᠡᠰᠦᠨ ᠳᠤ ᠳᠠᠭᠠᠭᠠᠴᠠᠲᠠᠢ ᠨᠤᠲᠤᠭ ᠤᠨ ᠮᠣᠳᠣᠨ ᠤ ᠲᠦᠷᠦᠯ ᠤᠨ ᠡᠪᠡᠰᠦᠨ ᠤ ᠦᠷ᠎ᠡ ᠶᠢ ᠢᠳᠡᠪᠬᠢᠲᠡᠢ ᠪᠠᠷ ᠰᠣᠩᠭᠤᠨ ᠬᠡᠷᠡᠭᠯᠡᠵᠦ᠂ ᠭᠤᠣᠯ ᠪᠣᠯᠬᠤ ᠰᠠᠯᠬᠢ ᠡᠯᠡᠰᠦᠨ ᠤ ᠠᠮᠠ᠂ ᠡᠯᠡᠰᠦᠨ ᠤ ᠡᠬᠢ ᠶᠢᠨ ᠣᠷᠣᠨ ᠪᠠ ᠵᠠᠮ ᠱᠤᠭᠤᠮ ᠤᠨ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ ᠱᠠᠲᠤ ᠱᠠᠲᠤ ᠪᠠᠷ ᠰᠡᠷᠭᠡᠶᠢᠯᠡᠯᠲᠡ ᠪᠠᠶᠢᠷᠢᠯᠠᠭᠤᠯᠵᠤ᠂ ᠠᠯᠬᠤᠮ ᠠᠯᠬᠤᠮ ᠢᠶᠠᠷ ᠤᠷᠤᠭᠰᠢᠯᠠᠵᠤ᠂ ᠤᠯᠠᠨ ᠳᠡᠰ ᠳᠠᠪᠬᠤᠷᠭ᠎ᠠ᠂ ᠪᠦᠬᠦ ᠲᠠᠯ᠎ᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠣᠣᠷ ᠢ ᠴᠢᠷᠮᠠᠶᠢᠨ ᠪᠠᠶᠢᠭᠤᠯᠵᠤ᠂ ᠰᠠᠯᠬᠢ ᠡᠯᠡᠰᠦᠨ ᠤ ᠬᠥᠨᠥᠭᠡᠯ ᠢ ᠦᠨᠡᠨ ᠬᠦ ᠪᠠᠭᠠᠰᠬᠠᠨ᠎ᠠ᠃      ᠳᠥᠷᠪᠡ᠂ ᠶᠠᠰᠤ ᠴᠢᠨᠠᠷ ᠢ ᠪᠠᠲᠤᠯᠠᠵᠤ᠂ ᠬᠢᠯᠠᠰ ᠴᠡᠭ ᠢ ᠪᠣᠶ ᠪᠣᠯᠭᠠᠨ᠎ᠠ᠃ ᠡᠯ᠎ᠡ ᠭᠠᠵᠠᠷ ᠤᠨ ᠬᠢᠨ ᠶᠠᠰᠤ ᠴᠢᠨᠠᠷ ᠤᠨ ᠤᠬᠠᠮᠰᠠᠷ ᠢᠶᠠᠨ ᠴᠢᠩᠭᠠᠳᠬᠠᠵᠤ᠂ ᠵᠢᠷᠤᠭ ᠲᠥᠯᠥᠪᠯᠡᠭᠡ ᠶᠢᠨ ᠪᠣᠭᠤᠮᠲᠠ᠂ ᠪᠠᠷᠢᠯᠭ᠎ᠠ ᠶᠢᠨ ᠪᠣᠭᠤᠮᠲᠠ᠂ ᠰᠢᠯᠭᠠᠨ ᠠᠪᠬᠤ ᠪᠣᠭᠤᠮᠲᠠ ᠶᠢ ᠴᠢᠩᠭ᠎ᠠ ᠠᠳᠬᠤᠵᠤ᠂ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠨᠢᠭᠡ ᠬᠡᠰᠡᠭ ᠪᠣᠯᠭᠠᠨ ᠨᠣᠭᠤᠭᠠᠷᠠᠭᠤᠯᠬᠤ ᠶᠢ ᠦᠨᠡᠨ ᠬᠦ ᠪᠠᠲᠤᠯᠠᠵᠤ᠂ ︽ᠬᠠᠭᠠᠰ ᠳᠤᠲᠠᠭᠤ︾ ᠢᠨᠵᠧᠨᠧᠷᠢᠩ ᠢ ᠡᠷᠡᠰ ᠬᠤᠷᠢᠭᠯᠠᠬᠤ ᠬᠡᠷᠡᠭᠲᠡᠢ᠃ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠡᠰᠡᠭ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠨᠢᠭᠡ ᠪᠦᠯᠦᠭ ᠬᠢᠯᠠᠰ ᠴᠡᠭ ᠤᠨ ᠢᠨᠵᠧᠨᠧᠷᠢᠩ ᠢ ᠬᠦᠴᠦᠯᠡᠨ ᠪᠠᠶᠢᠭᠤᠯᠬᠤ ᠬᠡᠷᠡᠭᠲᠡᠢ᠃      ᠲᠠᠪᠤ᠂ ᠤᠯᠠᠨ ᠲᠠᠯ᠎ᠠ ᠪᠠᠷ ᠪᠡᠯᠡ ᠣᠷᠣᠭᠤᠯᠵᠤ᠂ ᠪᠦᠭᠦᠳᠡᠭᠡᠷ ᠢᠶᠠᠨ ᠣᠷᠣᠯᠴᠠᠨ᠎ᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠪ ᠤᠨ ᠪᠡᠯᠡ ᠣᠷᠣᠭᠤᠯᠤᠯᠲᠠ ᠶᠢ ᠢᠳᠡᠪᠬᠢᠲᠡᠢ ᠲᠡᠮᠡᠴᠡᠨ ᠣᠯᠵᠤ᠂ ᠡᠯ᠎ᠡ ᠭᠠᠵᠠᠷ ᠤᠨ ᠬᠢᠨ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠭᠤᠯᠤᠯᠲᠠ ᠪᠠᠨ ᠵᠣᠬᠢᠰᠲᠠᠢ ᠲᠣᠬᠢᠷᠠᠭᠤᠯᠵᠤ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠳᠡᠯᠭᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠪ ᠤᠨ ᠠᠵᠤ ᠠᠬᠤᠶᠢᠯᠠᠯ ᠤᠯᠤᠰ ᠤᠨ ᠦᠮᠴᠢᠯᠡᠯᠳᠦ ᠠᠵᠤ ᠠᠬᠤᠶᠢᠯᠠᠯ ᠪᠣᠯᠣᠨ ᠨᠡᠶᠢᠭᠡᠮ ᠤᠨ ᠬᠥᠷᠥᠩᠭᠡ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠬᠤ ᠶᠢ ᠬᠥᠲᠥᠯᠥᠨ ᠵᠢᠯᠤᠭᠤᠳᠴᠤ᠂ ᠨᠡᠶᠢᠲᠡ ᠶᠢᠨ ᠠᠰᠠᠷᠠᠮᠵᠢ ᠪᠠᠷ ᠡᠯᠡᠰᠦ ᠶᠢ ᠵᠠᠰᠠᠬᠤ ᠪᠠ ᠨᠢᠭᠦᠯᠡᠰᠦᠩᠭᠦᠢ ᠶᠢᠨ ᠲᠤᠰᠠᠯᠠᠮᠵᠢ ᠦᠵᠡᠭᠦᠯᠬᠦ ᠶᠢ ᠵᠣᠷᠢᠭᠵᠢᠭᠤᠯᠵᠤ᠂ ᠲᠣᠭᠲᠠᠭᠤᠨ ᠪᠥᠭᠡᠳ ᠦᠷᠭᠦᠯᠵᠢᠯᠡᠭᠰᠡᠨ ᠤᠯᠠᠨ ᠡᠰᠢᠴᠢᠯᠡᠭᠰᠡᠨ ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠵᠠᠰᠠᠬᠤ ᠡᠭᠦᠷᠭᠡ ᠡᠭᠦᠷᠭᠡᠯᠡᠬᠦ ᠶᠢ ᠲᠡᠮᠵᠢᠵᠤ᠂ ᠢᠯᠠᠩᠭᠤᠶ᠎ᠠ ᠬᠤᠯᠪᠣᠭᠳᠠᠯ ᠪᠦᠬᠦᠢ ᠱᠠᠩᠨᠠᠵᠤ ᠲᠤᠰᠠᠯᠠᠬᠤ ᠪᠡᠯᠡ ᠮᠥᠩᠭᠦ ᠶᠢ ᠣᠯᠭᠤᠵᠤ ᠬᠡᠷᠡᠭᠯᠡᠬᠦ ᠠᠷᠭ᠎ᠠ ᠮᠠᠶ᠋ᠢᠭ ᠢ ᠨᠢᠭᠡᠳᠦᠯᠲᠡᠢ ᠲᠥᠯᠥᠪᠯᠡᠨ ᠰᠠᠶᠢᠵᠢᠷᠠᠭᠤᠯᠵᠤ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠶᠢ ᠢᠳᠡᠪᠬᠢᠲᠡᠢ ᠪᠠᠷ ᠶᠠᠪᠤᠭᠤᠯᠵᠤ᠂ ᠥᠷᠭᠡᠨ ᠤᠯᠠᠨ ᠲᠠᠷᠢᠶᠠᠴᠢᠨ ᠮᠠᠯᠴᠢᠳ ᠢ ᠲᠠᠶᠢᠴᠢᠯᠠᠨ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠳᠤ ᠢᠳᠡᠪᠬᠢᠲᠡᠢ ᠣᠷᠣᠯᠴᠠᠭᠤᠯᠵᠤ᠂ ᠲᠠᠷᠢᠶᠠᠴᠢᠨ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃      ᠵᠢᠷᠭᠤᠭ᠎ᠠ᠂ ᠬᠦᠴᠦᠨ ᠵᠦᠢᠯ ᠢ ᠨᠢᠭᠡᠳᠦᠯᠲᠡᠢ ᠲᠥᠯᠥᠪᠯᠡᠵᠦ᠂ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠭᠠᠵᠠᠷ ᠤᠨ ᠬᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠴᠡᠨᠡᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠣᠩᠭᠤᠬᠤ ᠪᠠ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠭᠠᠵᠠᠷ ᠤᠨ ᠴᠢᠭᠯᠡᠯᠲᠦ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠤᠨ᠂ ᠭᠠᠵᠠᠷ ᠰᠢᠷᠣᠢ ᠶᠢᠨ ᠡᠷᠭᠢᠯᠲᠡ ᠶᠢ ᠰᠠᠶᠢᠲᠤᠷ ᠠᠳᠬᠤᠵᠤ᠂ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠰᠢᠯᠢᠳᠡᠭ ᠦᠷ᠎ᠡ ᠡᠳ᠋ ᠤᠨ ᠡᠬᠢ ᠪᠠᠶᠠᠯᠢᠭ ᠢ ᠰᠣᠩᠭᠤᠨ ᠪᠣᠶᠢᠵᠢᠭᠤᠯᠬᠤ᠂ ᠡᠯ᠎ᠡ ᠵᠦᠢᠯ ᠤᠨ ᠠᠵᠢᠯᠯᠠᠭᠠᠨ ᠤ ᠮᠧᠬᠠᠨᠢᠭ ᠵᠡᠷᠭᠡ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠬᠤ ᠬᠡᠷᠡᠭᠲᠡᠢ᠃ ᠤᠰᠤᠨ ᠳᠤ ᠠᠷᠪᠢᠲᠠᠢ ᠪᠣᠷᠣᠭᠠᠨ ᠳᠤ ᠠᠷᠪᠢᠲᠠᠢ ᠤᠢ ᠰᠢᠭᠤᠢ ᠡᠪᠡᠰᠦ ᠪᠡᠯᠴᠢᠭᠡᠷ ᠢ ᠲᠡᠵᠢᠭᠡᠬᠦ ᠶᠠᠪᠤᠳᠠᠯ ᠢ ᠬᠥᠭᠵᠢᠭᠦᠯᠬᠦ ᠬᠡᠷᠡᠭᠲᠡᠢ᠃ ᠲᠣᠰ ᠭᠠᠵᠠᠷ ᠣᠷᠣᠨ ᠤ ᠣᠶ ᠰᠢᠭᠤᠢ ᠡᠪᠡᠰᠦ ᠪᠡᠯᠴᠢᠭᠡᠷ ᠦᠷ᠎ᠡ ᠴᠢᠬᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠳᠣᠷᠬᠠᠢ ᠣᠶᠢᠯᠠᠭᠠᠵᠤ᠂ ᠬᠠᠮᠢᠶ᠎ᠠ ᠪᠦᠬᠦᠢ ᠦᠢᠯᠡᠳᠪᠦᠷᠢᠯᠡᠯ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠪᠦᠷᠢᠯᠡᠯ ᠤᠨ ᠴᠢᠳᠠᠪᠤᠷᠢ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠨᠡᠮᠡᠭᠳᠡᠭᠦᠯᠵᠦ᠂ ᠴᠢᠬᠢ ᠪᠣᠶᠢᠵᠢᠭᠤᠯᠵᠤ ᠦᠷ᠎ᠡ ᠪᠣᠶᠢᠵᠢᠭᠤᠯᠬᠤ ᠪᠦᠲᠦᠴᠡ ᠳᠤ ᠲᠣᠬᠢᠷᠠᠭᠤᠯᠤᠯᠲᠠ ᠬᠢᠵᠦ᠂ ᠬᠦᠷᠢᠶ᠎ᠡ ᠬᠠᠰᠢᠶ᠎ᠠ᠂ ᠡᠯᠡᠰᠦᠨ ᠬᠠᠯᠬᠠᠪᠴᠢ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠵᠡᠷᠭᠡ ᠡᠳ᠋ ᠪᠣᠳᠠᠰ ᠤᠨ ᠪᠡᠯᠡᠳᠬᠡᠯ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠳᠤ ᠪᠥᠬᠦ ᠲᠠᠯ᠎ᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠠᠷᠪᠢᠲᠠᠢ ᠡᠷᠴᠢᠮᠯᠢᠭ ᠪᠠᠶᠢᠬᠤ ᠵᠠᠷᠴᠢᠮ ᠶᠣᠰᠣᠭᠠᠷ᠂ ᠦᠨ᠎ᠡ ᠬᠠᠩᠰᠢ ᠶᠢ ᠲᠣᠭᠲᠠᠪᠤᠷᠢᠵᠢᠭᠤᠯᠤᠨ ᠲᠣᠬᠢᠷᠠᠭᠤᠯᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠣᠷᠣᠭᠤᠯᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ᠃      ᠳᠣᠯᠤᠭ᠎ᠠ᠂ ᠥᠷᠭᠡᠨ ᠢᠶᠠᠷ ᠤᠬᠠᠭᠤᠯᠵᠤ᠂ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠡᠯ᠎ᠡ ᠱᠠᠲᠤᠨ ᠤ ᠤᠬᠠᠭᠤᠯᠬᠤ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠤᠬᠠᠭᠤᠯᠭ᠎ᠠ ᠮᠡᠳᠡᠭᠡᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠡᠷᠢᠭᠦᠨ ᠤ ᠬᠢ ᠶᠢ ᠰᠣᠩᠭᠤᠵᠤ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠲᠤᠷᠰᠢᠯᠭ᠎ᠠ ᠶᠢ ᠠᠬᠢᠭᠤᠯᠵᠤ᠂ ᠦᠷ᠎ᠡ ᠪᠦᠲᠦᠮᠵᠢ ᠶᠢ ᠪᠠᠳᠠᠷᠠᠭᠤᠯᠵᠤ᠂ ᠥᠪᠥᠷ ᠮᠣᠩᠭᠤᠯ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠯᠢᠭᠡᠷ ᠢ ᠰᠠᠶᠢᠲᠤᠷ ᠶᠠᠷᠢᠵᠤ᠂ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠪᠣᠯᠣᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠦᠬᠦ ᠣᠷᠣᠨ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠬᠦ᠂  ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠤᠷᠳᠤ ᠬᠤᠭᠤᠴᠠᠭ᠎ᠠ ᠪᠠᠷ ᠴᠢᠷᠮᠠᠶᠢᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ᠃                       ᠡᠭᠦᠨ ᠤ ᠲᠤᠯᠠ ᠵᠠᠷᠯᠢᠭᠳᠠᠪᠠ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠣᠶ ᠰᠢᠭᠤᠢ ᠶᠢᠨ ᠳᠠᠷᠤᠭ᠎ᠠ᠄ ᠰᠦᠨ ᠱᠣᠸ ᠴᠧᠩ ᠸᠠᠩ ᠯᠢ ᠰᠢᠶᠠ                      2024 ᠣᠨ ᠤ 3 ᠳ᠋ᠤᠭᠠᠷ ᠰᠠᠷ᠎ᠠ ᠶᠢᠨ 18 ᠤ ᠡᠳᠦᠷ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1