ᠲᠣᠭᠲᠠᠬᠤ ᠰᠢᠶᠠᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠡᠷᠭᠡᠵᠢᠯ ᠤᠨ ᠵᠢᠭᠠᠨ ᠵᠢᠯᠤᠭᠤᠳᠬᠤ  ᠪᠤᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/3/21
      ᠣᠳᠣᠬᠠᠨ ᠳᠤ ᠶᠠᠭ ᠵᠠᠳᠠᠭᠠᠢ ᠭᠠᠵᠠᠷ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠴᠢᠬᠢ ᠪᠣᠶᠢᠵᠢᠭᠤᠯᠬᠤ ᠵᠠᠩᠭᠢᠯᠠᠭ᠎ᠠ ᠶᠢᠨ ᠴᠠᠭ ᠦᠶ᠎ᠡ ᠪᠣᠯᠵᠤ ᠪᠠᠶᠢᠨ᠎ᠠ᠃ 3 ᠳ᠋ᠤᠭᠠᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠤᠨ ᠰᠤᠳᠤᠯᠭᠠᠨ ᠤ ᠭᠠᠵᠠᠷ ᠮᠠᠨ ᠤ ᠰᠢᠶᠠᠨ ᠤ ᠬᠤᠸ ᠵᠢᠶᠠ ᠶᠣᠣ ᠲᠣᠰᠬᠤᠨ ︽2024 ᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠰᠢᠯᠵᠢᠭᠦᠯᠦᠨ ᠬᠤᠪᠢᠷᠠᠭᠤᠯᠬᠤ ᠪᠡᠯᠡ ᠮᠥᠩᠭᠦ ᠶᠢᠨ ᠲᠥᠷᠥᠯ ᠵᠦᠢᠯ ᠤᠨ ︿ᠢᠳᠡᠰᠢᠨ ᠨᠣᠭᠤᠭ᠎ᠠ ᠳᠠᠷᠢᠬᠤ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ﹀ ᠪᠤᠯᠪᠠᠰᠤᠷᠠᠯ ᠤᠨ ᠬᠤᠷᠠᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠪᠦᠯᠬᠦᠮ ᠤᠨ ᠪᠤᠯᠪᠠᠰᠤᠷᠠᠯ ᠤᠨ ᠬᠤᠷᠠᠯ︾ ᠢ ᠡᠷᠭᠢᠯᠡᠪᠡ᠃ ᠪᠤᠯᠪᠠᠰᠤᠷᠠᠯ ᠢ ᠬᠢᠴᠢᠶᠡᠯ ᠤᠨ ᠲᠠᠩᠬᠢᠮ ᠤᠨ ᠪᠤᠯᠪᠠᠰᠤᠷᠠᠯ  ᠤᠨ ᠵᠠᠭᠪᠤᠷ ᠢᠶᠠᠷ ᠳᠠᠮᠵᠢᠭᠤᠯᠤᠨ ᠶᠠᠪᠤᠭᠳᠠᠭᠤᠯᠵᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ᠂ ᠬᠤᠷᠰᠢᠶ᠎ᠠ ᠶᠢᠨ ᠬᠠᠷᠢᠭᠤᠴᠠᠯᠭᠠᠲᠠᠨ᠂ ᠲᠠᠷᠢᠮᠠᠯ ᠤᠨ ᠵᠢᠱᠢᠶ᠎ᠡ ᠦᠵᠡᠭᠦᠯᠬᠦ ᠡᠷᠦᠬᠡ ᠵᠡᠷᠭᠡ 40 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠵᠠᠢ᠃      ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠤᠨ ᠰᠤᠳᠤᠯᠭᠠᠨ ᠤ ᠭᠠᠵᠠᠷ ᠤᠨ ᠳᠡᠳ᠋ ᠰᠤᠳᠤᠯᠤᠭᠴᠢ ᠵᠠᠩ ᠵᠢᠶᠦ᠋ᠨ᠂ ᠳᠡᠳ᠋ ᠰᠤᠳᠤᠯᠤᠭᠴᠢ ᠭᠤᠣ ᠵᠢᠩ᠂ ᠸᠠᠩ ᠶᠦᠩ ᠰᠤᠳᠤᠯᠤᠭᠴᠢ ᠶᠢ ᠲᠤᠰ ᠲᠤᠰ ︽ᠤᠷᠭᠤᠮᠠᠯ ᠤᠨ ᠡᠪᠡᠳᠴᠢᠨ ᠬᠤᠷᠣᠬᠠᠢ ᠶᠢᠨ ᠭᠠᠮᠰᠢᠭ ᠵᠢᠴᠢ ᠪᠣᠬᠢᠷᠲᠤᠯ ᠦᠭᠡᠢ  ᠶᠢ ᠰᠡᠷᠭᠡᠶᠢᠯᠡᠨ ᠡᠵᠡᠮᠳᠡᠬᠦ ᠮᠡᠷᠭᠡᠵᠢᠯ︾᠂ ︽ᠲᠥᠬᠦᠭᠡᠷᠦᠮᠵᠢᠲᠦ ᠲᠥᠪᠡᠳ ᠬᠠᠰᠢ ᠶᠢᠨ ᠡᠪᠡᠳᠴᠢᠨ ᠬᠤᠷᠣᠬᠠᠢ ᠶᠢᠨ ᠭᠠᠮᠰᠢᠭ ᠢ ᠰᠡᠷᠭᠡᠶᠢᠯᠡᠨ ᠡᠵᠡᠮᠳᠡᠬᠦ ᠮᠡᠷᠭᠡᠵᠢᠯ︾᠂ ︽ᠲᠣᠭᠲᠠᠬᠤ ᠰᠢᠶᠠᠨ ᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ ᠬᠥᠭᠵᠢᠭᠦᠯᠬᠦ ᠲᠤᠬᠠᠢ ᠪᠣᠳᠣᠯᠬᠢᠯᠠᠯ︾ ᠭᠡᠬᠦ ᠰᠡᠳᠦᠪ ᠢᠶᠠᠷ ᠲᠤᠰ ᠲᠤᠰ ᠲᠠᠶᠢᠯᠤᠮᠵᠢ ᠬᠢᠵᠡᠢ᠃ ᠠᠵᠢᠯ ᠤᠨ ᠲᠤᠷᠰᠢᠯᠭ᠎ᠠ ᠪᠠ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠢᠳᠡᠰᠢᠨ ᠨᠣᠭᠤᠭ᠎ᠠ ᠶᠢᠨ ᠪᠠᠯᠴᠢᠷ ᠲᠤ ᠴᠢᠬᠢ ᠪᠣᠶᠢᠵᠢᠭᠤᠯᠬᠤ᠂ ᠳᠠᠷᠢᠵᠤ ᠪᠣᠶᠢᠵᠢᠭᠤᠯᠬᠤ ᠬᠠᠮᠢᠶᠠᠷᠤᠯᠲᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠠᠷᠢᠶᠠᠯᠠᠩ ᠤᠨ ᠬᠠᠮᠢᠶ᠎ᠠ ᠪᠦᠬᠦᠢ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠭᠰᠠᠨ ᠪᠠᠶᠢᠨ᠎ᠠ᠃ ᠪᠤᠯᠪᠠᠰᠤᠷᠠᠯ ᠤᠨ ᠬᠤᠭᠤᠴᠠᠭᠠᠨ ᠳᠤ᠂ ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ᠂ ᠲᠤᠰᠬᠠᠢ ᠮᠡᠷᠭᠡᠵᠢᠯᠲᠡᠨ ᠨᠠᠷ ᠬᠠᠷᠢᠯᠴᠠᠨ ᠨᠥᠬᠦᠴᠡᠯᠳᠦᠵᠦ᠂ ᠲᠠᠷᠢᠮᠠᠯ ᠤᠨ ᠡᠷᠦᠬᠡ ᠢᠳᠡᠪᠬᠢᠲᠡᠢ ᠪᠠᠷ ᠠᠰᠠᠭᠤᠯᠲᠠ ᠠᠰᠠᠭᠤᠵᠤ᠂ ᠵᠢᠱᠢᠭᠰᠡᠨ ᠦᠷ᠎ᠡ ᠪᠦᠲᠦᠮᠵᠢ ᠳᠡᠭᠡᠨ ᠭᠦᠷᠦᠭᠰᠡᠨ ᠪᠠᠶᠢᠨ᠎ᠠ᠃ ︽ᠡᠨᠡ ᠤᠳᠠᠭ᠎ᠠ ᠪᠢᠳᠡ ᠲᠤᠭᠳᠠᠬᠤ ᠰᠢᠶᠠᠨ ᠤ ᠬᠤᠤ ᠵᠢᠶᠠ ᠶᠣᠣ ᠲᠣᠰᠬᠤᠨ ᠳᠤ ᠮᠡᠷᠭᠡᠵᠢᠯ ᠤᠨ ᠪᠤᠯᠪᠠᠰᠤᠷᠠᠯ ᠬᠢᠵᠦ ᠪᠠᠶᠢᠭ᠎ᠠ  ᠨᠢ ᠭᠤᠣᠯᠳᠠᠭᠤ ᠲᠤᠭᠳᠠᠬᠤ ᠰᠢᠶᠠᠨ ᠤ ᠣᠨᠴᠠᠯᠢᠭᠲᠤ ᠢᠳᠡᠰᠢᠨ ᠨᠣᠭᠤᠭ᠎ᠠ ᠶᠢᠨ ᠠᠵᠤ ᠦᠢᠯᠡᠰ᠂ ᠢᠯᠠᠩᠭᠤᠶ᠎ᠠ ᠯᠠᠵᠤᠤ ᠶᠢᠨ ᠠᠵᠤ ᠦᠢᠯᠡᠰ ᠤᠨ ᠲᠠᠷᠢᠮᠠᠯ ᠤᠨ ᠳᠤᠮᠳᠠ ᠭᠠᠷᠤᠭᠰᠠᠨ ᠵᠠᠷᠢᠮ ᠠᠰᠠᠭᠤᠳᠠᠯ ᠢ ᠰᠢᠢᠳᠪᠦᠷᠢᠯᠡᠵᠦ᠂ ᠠᠵᠤ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠴᠡᠴᠡᠭ ᠡᠪᠡᠰᠦ ᠰᠤᠳᠤᠯᠭᠠᠨ ᠤ ᠭᠠᠵᠠᠷ ᠤᠨ ᠲᠠᠷᠤᠭ᠎ᠠ ᠸᠠᠩ ᠶᠦᠩ ᠬᠡᠯᠡᠵᠡᠢ᠃      ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ᠂ ᠲᠠᠷᠢᠮᠠᠯ ᠤᠨ ᠡᠷᠦᠬᠡ ᠯᠠᠵᠤᠤ ᠳᠠᠷᠢᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠮᠡᠷᠭᠡᠵᠢᠯ ᠤᠨ ᠲᠠᠯ᠎ᠠ ᠪᠠᠷ ᠨᠠᠩ ᠭᠦᠨᠵᠡᠭᠡᠢ ᠣᠶᠢᠯᠠᠭᠠᠯᠲᠠ ᠪᠠ ᠲᠠᠨᠢᠯᠲᠠ ᠲᠠᠢ ᠪᠣᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠢᠳᠡᠰᠢᠨ ᠨᠣᠭᠤᠭᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ᠂ ᠲᠤᠰ ᠤᠳᠠᠭᠠᠨ ᠤ ᠪᠣᠯᠪᠠᠰᠤᠷᠠᠯ ᠳᠤ ᠤᠨᠤᠯ ᠤᠨ ᠥᠨᠳᠥᠷᠴᠡ ᠲᠠᠢ ᠪᠥᠭᠡᠳ ᠦᠢᠯᠡᠳᠦᠯᠭᠡ ᠶᠢᠨ ᠭᠦᠨᠴᠡ ᠲᠠᠢ᠂ ᠠᠰᠠᠭᠤᠳᠠᠯ ᠤᠨ ᠵᠠᠳᠠᠯᠤᠯᠲᠠ ᠲᠠᠢ ᠪᠥᠭᠡᠳ ᠰᠢᠢᠳᠪᠦᠷᠢᠯᠡᠬᠦ ᠲᠥᠰᠥᠯ ᠲᠠᠢ ᠪᠠᠶᠢᠵᠤ᠂ ᠤᠯᠠᠨ ᠳᠤ ᠭᠦᠨ ᠰᠡᠩᠬᠡᠷᠡᠭᠦᠯᠦᠯ ᠥᠭᠴᠦ᠂ ᠶᠡᠭᠡ ᠠᠰᠢᠭ ᠬᠦᠷᠲᠡᠭᠡᠵᠦ᠂ ᠬᠤᠶᠢᠰᠢᠳᠠ ᠶᠢᠨ ᠡᠳᠦᠷ ᠳᠤᠳᠤᠮ ᠤᠨ ᠠᠵᠢᠯ ᠤᠨ ᠳᠤᠮᠳᠠ ᠲᠤᠯᠭᠠᠷᠠᠬᠤ ᠮᠡᠷᠭᠡᠵᠢᠯ ᠤᠨ ᠬᠦᠴᠢᠷ ᠠᠰᠠᠭᠤᠳᠠᠯ ᠳᠤ ᠮᠠᠰᠢ ᠰᠠᠶᠢᠨ ᠬᠠᠪᠰᠤᠷᠤᠯᠭ᠎ᠠ ᠬᠠᠩᠭᠠᠵᠤ᠂ ᠮᠠᠨ ᠤ ᠰᠢᠶᠠᠨ ᠤ ᠢᠳᠡᠰᠢᠨ ᠨᠣᠭᠤᠭᠠᠨ ᠤ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠪᠠᠲᠤ ᠪᠠᠬᠢ ᠮᠡᠷᠭᠡᠵᠢᠯ ᠤᠨ ᠲᠤᠯᠭᠠᠭᠤᠷᠢᠯᠠᠬᠤ ᠬᠦᠴᠦᠨ ᠬᠠᠩᠭᠠᠵᠠᠢ ᠭᠡᠵᠦ ᠢᠯᠡᠳᠬᠡᠵᠡᠭᠡᠪᠡ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠦᠷᠭᠦᠯᠵᠢᠯᠡᠨ ᠪᠣᠯᠪᠠᠰᠤᠷᠠᠭᠤᠯᠬᠤ᠂ ᠵᠢᠱᠢᠶ᠎ᠡ ᠦᠵᠡᠭᠦᠯᠬᠦ᠂ ᠳᠡᠯᠭᠡᠷᠡᠭᠦᠯᠬᠦ᠂ ᠦᠢᠯᠡᠴᠢᠯᠡᠬᠦ ︽ᠳᠥᠷᠪᠡ ᠶᠢ ᠨᠢᠭᠡ ᠴᠣᠭᠴᠠᠵᠢᠭᠤᠯᠬᠤ︾ ᠣᠶᠢᠯᠠᠭᠠᠭᠳᠠᠬᠤᠨ ᠶᠣᠰᠣᠭᠠᠷ᠂ ᠡᠯ᠎ᠡ ᠲᠥᠷᠥᠯ ᠤᠨ ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠢ ᠣᠯᠠᠨ ᠲᠠᠰ ᠳᠠᠪᠬᠤᠷᠭ᠎ᠠ᠂ ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ ᠥᠷᠨᠢᠭᠦᠯᠵᠦ᠂ ᠲᠠᠷᠢᠮᠠᠯ ᠤᠨ ᠰᠢᠨ᠎ᠡ ᠣᠨᠣᠯᠵᠢᠬᠤᠨ᠂ ᠰᠢᠨ᠎ᠡ ᠮᠡᠷᠭᠡᠵᠢᠯ᠂ ᠰᠢᠨ᠎ᠡ ᠮᠡᠳᠡᠯᠭᠡ ᠶᠢ ᠲᠠᠰᠤᠷᠠᠯᠲᠠ ᠦᠭᠡᠢ ᠳᠡᠯᠭᠡᠷᠡᠭᠦᠯᠦᠨ ᠂ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠲᠠᠷᠢᠮᠠᠯ ᠤᠨ ᠮᠡᠷᠭᠡᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠳᠤ ᠮᠡᠷᠭᠡᠵᠢᠯ ᠤᠨ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠪᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1