ᠮᠠᠨ ᠤ ᠣᠷᠣᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠮᠤᠵᠢ ᠣᠷᠣᠨ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/3/21
       ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 3 ᠳ᠋ᠤᠭᠠᠷ ᠰᠠᠷ᠎ᠠ ᠶᠢᠨ 18 ᠤ ᠡᠳᠦᠷ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠲᠡᠯᠡᠭᠰᠡᠨ ᠮᠡᠳᠡᠭᠡ ᠠᠴᠠ ᠦᠵᠡᠪᠡᠯ᠂ ᠥᠪᠥᠷ ᠮᠣᠩᠭᠤᠯ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠮᠤᠵᠢ ᠣᠷᠣᠨ ᠢᠶᠠᠷ ᠰᠣᠩᠭᠤᠭᠳᠠᠪᠠ᠃      ᠣᠶᠢᠯᠠᠭᠠᠭᠰᠠᠨ ᠢᠶᠠᠷ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠪᠣᠯ ᠡᠮᠨᠡᠯᠭᠡ ᠶᠢᠨ ᠰᠢᠭᠤᠳ ᠬᠠᠩᠭᠠᠬᠤ ᠡᠮᠴᠢᠯᠡᠭᠡᠨ ᠤ ᠮᠡᠷᠭᠡᠵᠢᠯ ᠤᠨ ᠵᠦᠢᠯᠡᠰ᠂ ᠲᠥᠬᠦᠭᠡᠷᠦᠮᠵᠢ ᠪᠡᠯᠡᠳᠬᠡᠮᠵᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠮᠥᠨ᠂ ᠲᠤᠬᠠᠶᠢᠯᠠᠪᠠᠯ ᠡᠯ᠎ᠡ ᠵᠦᠢᠯ ᠤᠨ ᠮᠡᠰᠡ ᠵᠠᠰᠠᠯ᠂ ᠣᠨᠣᠰᠢᠯᠠᠨ ᠪᠠᠶᠢᠴᠠᠭᠠᠯᠲᠠ᠂ ᠪᠠᠶᠢᠴᠠᠭᠠᠨ ᠰᠢᠯᠭᠠᠯᠲᠠ᠂ ᠰᠤᠪᠢᠯᠠᠯᠲᠠ ᠵᠡᠷᠭᠡ ᠡᠮᠴᠢᠯᠡᠭᠡᠨ ᠤ ᠦᠢᠯᠡᠴᠢᠯᠡᠭᠡᠨ ᠤ ᠰᠦᠢᠳᠬᠡᠯ ᠪᠣᠯᠣᠨ᠎ᠠ᠃ ᠲᠤᠰ ᠤᠳᠠᠭᠠᠨ ᠤ ᠥᠭᠡᠷᠡᠴᠢᠯᠡᠯᠲᠡ ᠨᠢ ᠭᠤᠣᠯᠳᠠᠭᠤ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠲᠣᠭᠲᠠᠴᠠ᠂ ᠦᠨ᠎ᠡ ᠶᠢ ᠲᠥᠷᠥᠯ ᠠᠩᠭᠢᠯᠠᠨ ᠪᠦᠷᠢᠯᠳᠦᠭᠦᠯᠬᠦ ᠲᠣᠭᠲᠠᠴᠠ᠂ ᠦᠨ᠎ᠡ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ᠂ ᠦᠨ᠎ᠡ ᠶᠢᠨ ᠵᠦᠢᠯᠡᠰ ᠤᠨ ᠬᠠᠮᠢᠶᠠᠷᠤᠯᠲᠠ ᠶᠢᠨ ᠲᠣᠭᠲᠠᠴᠠ ᠪᠠ ᠦᠨ᠎ᠡ ᠶᠢ ᠬᠢᠨᠠᠨ ᠬᠡᠮᠵᠢᠵᠦ ᠰᠢᠯᠭᠠᠬᠤ ᠲᠣᠭᠲᠠᠴᠠ ᠵᠡᠷᠭᠡ 5 ᠲᠠᠯ᠎ᠠ ᠶᠢᠨ ᠲᠣᠭᠤᠷᠢᠨ ᠳᠤ ᠶᠠᠪᠤᠭᠳᠠᠨ᠎ᠠ᠃ ᠡᠭᠦᠨ ᠤ ᠵᠣᠷᠢᠯᠭ᠎ᠠ ᠨᠢ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢᠨ ᠬᠠᠮᠢᠶᠠᠷᠤᠯᠲᠠ ᠶᠢᠨ ᠡᠷᠬᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢ ᠲᠣᠭᠲᠠᠭᠠᠬᠤ ᠪᠠ ᠲᠣᠬᠢᠷᠠᠭᠤᠯᠬᠤ ᠳᠦᠷᠢᠮ ᠶᠠᠪᠤᠴᠠ ᠶᠢ ᠲᠡᠭᠦᠯᠳᠡᠷᠵᠢᠭᠦᠯᠬᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢᠨ ᠬᠠᠮᠢᠶᠠᠷᠤᠯᠲᠠ ᠶᠢᠨ ᠲᠤᠰᠠᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠳᠤ ᠪᠣᠢ᠃      ︽ᠥᠭᠡᠷᠡᠴᠢᠯᠡᠯᠲᠡ ᠶᠢᠨ ᠭᠤᠣᠯᠳᠠᠯᠭ᠎ᠠ ᠪᠣᠯ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢᠨ ᠰᠢᠨ᠎ᠡ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠣᠬᠢᠷᠠᠭᠤᠯᠬᠤ ᠡᠰᠡᠬᠦ᠂ ᠬᠡᠳᠦᠢ ᠲᠣᠬᠢᠷᠠᠭᠤᠯᠬᠤ᠂ ᠶᠠᠭᠤ ᠶᠢ ᠲᠣᠬᠢᠷᠠᠭᠤᠯᠬᠤ᠂ ᠬᠡᠷᠬᠢᠨ ᠲᠣᠬᠢᠷᠠᠭᠤᠯᠬᠤ ᠮᠡᠷᠭᠡᠵᠢᠯ ᠤᠨ ᠴᠢᠨᠠᠷᠲᠠᠢ ᠠᠰᠠᠭᠤᠳᠠᠯ ᠤᠳ ᠢ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠲᠥᠯᠥᠪᠦᠷᠢ ᠥᠭᠬᠦ ᠲᠣᠭᠲᠠᠴᠠ᠂ ᠱᠠᠲᠤ ᠬᠤᠪᠢᠶᠠᠨ ᠣᠨᠣᠰᠢᠯᠠᠨ ᠡᠮᠴᠢᠯᠡᠬᠦ᠂ ᠡᠮᠴᠢᠯᠡᠭᠡᠨ ᠤ ᠵᠠᠷᠤᠳᠠᠯ ᠢ ᠬᠢᠵᠠᠭᠠᠷᠯᠠᠬᠤ᠂ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠲᠥᠯᠥᠬᠦ ᠵᠡᠷᠭᠡ ᠰᠢᠰᠲ᠋ᠧᠮ ᠤᠨ ᠠᠰᠠᠭᠤᠳᠠᠯ ᠤᠳ ᠢ ᠠᠬᠢᠭᠤᠯᠬᠤ ᠯᠤᠭ᠎ᠠ ᠨᠢᠭᠡᠳᠦᠯᠲᠡᠢ ᠲᠥᠯᠥᠪᠯᠡᠵᠦ᠂ ᠶᠡᠷᠦᠩᠬᠡᠶᠢᠯᠡᠭᠰᠡᠨ ᠦᠢᠯᠡᠳᠦᠯ ᠭᠠᠷᠭᠠᠬᠤ ᠶᠠᠪᠤᠳᠠᠯ ᠪᠣᠯᠣᠨ᠎ᠠ᠃︾ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮ ᠡᠮᠨᠡᠯᠭᠡ ᠶᠢᠨ ᠦᠨ᠎ᠡ ᠬᠢᠭᠡᠳ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠭᠠᠵᠠᠷ ᠤᠨ ᠳᠠᠷᠤᠭ᠎ᠠ ᠯᠢ ᠱᠦ ᠵᠧᠨ ᠢᠯᠡᠷᠬᠡᠶᠢᠯᠡᠭᠰᠡᠨ ᠨᠢ᠂ ᠲᠤᠷᠰᠢᠯᠲᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠤᠷᠰᠢᠯᠲᠠ ᠶᠢᠨ ᠦᠢᠯᠡᠳᠦᠯ ᠢ ᠦᠨᠡᠨ ᠬᠦ ᠪᠠᠳᠠᠷᠠᠭᠤᠯᠬᠤ ᠪᠠᠷ ᠴᠢᠷᠮᠠᠶᠢᠵᠤ᠂ ᠤᠯᠤᠰ ᠲᠤ ᠡᠮᠴᠢᠯᠡᠭᠡᠨ ᠤ ᠦᠨ᠎ᠡ ᠶᠢᠨ ᠥᠭᠡᠷᠡᠴᠢᠯᠡᠯᠲᠡ ᠶᠢᠨ ᠲᠠᠯ᠎ᠠ ᠪᠠᠷ ᠬᠢ ᠬᠠᠭᠤᠯᠤᠨ ᠳᠡᠯᠭᠡᠷᠡᠭᠦᠯᠬᠦ᠋ᠢᠴᠡ ᠥᠪᠥᠷ ᠮᠣᠩᠭᠤᠯ ᠤᠨ ᠲᠤᠷᠰᠢᠯᠭ᠎ᠠ ᠶᠢ ᠰᠦᠪᠡᠭᠴᠢᠯᠡᠵᠦ ᠥᠭᠭᠦᠨ᠎ᠡ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1