ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠲᠠᠯᠠᠪᠦᠷ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠣᠯᠠᠨ ᠡᠰᠢᠲᠦ ᠬᠡᠷᠡᠭᠴᠡᠭᠡ ᠶᠢ ᠬᠠᠩᠭᠠᠨ᠎ᠠ
ᠨᠡᠶᠢᠲᠡᠯᠡᠭᠰᠡᠨ ᠴᠠᠭ᠄
2024/3/21
      ᠣᠶᠢᠷ᠎ᠠ ᠶᠢᠨ ᠵᠢᠯ ᠤᠳ ᠲᠤ᠂ ᠬᠥᠮᠥᠨ ᠠᠮᠠ ᠶᠢᠨ ᠨᠠᠰᠤᠵᠢᠯᠲᠠ ᠶᠢᠨ ᠬᠡᠮᠵᠢᠶ᠎ᠡ ᠲᠠᠰᠤᠷᠠᠯᠲᠠ ᠦᠭᠡᠢ ᠭᠦᠨᠵᠡᠭᠡᠶᠢᠷᠡᠭᠰᠡᠨ ᠠᠴᠠ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠡᠷᠡᠭᠦᠯ ᠮᠡᠨᠳᠦ ᠶᠢᠨ ᠪᠠᠶᠢᠳᠠᠯ ᠤᠯᠠᠮ ᠠᠴᠠ ᠤᠯᠠᠮ ᠨᠡᠶᠢᠭᠡᠮ ᠤᠨ ᠠᠩᠬᠠᠷᠤᠯ ᠢ ᠲᠠᠲᠠᠵᠤ ᠪᠠᠶᠢᠨ᠎ᠠ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠮᠰᠠᠷ ᠤᠨ ᠲᠠᠰᠤᠷᠠᠯᠲᠠ ᠦᠭᠡᠢ ᠴᠢᠩᠭᠠᠷᠠᠬᠤ ᠶᠢ ᠳᠠᠭᠠᠯᠳᠤᠨ᠂ ᠪᠡᠶ᠎ᠡ ᠪᠣᠯᠪᠠᠰᠤᠷᠠᠬᠤ ᠬᠠᠯᠠᠭᠤᠨ ᠰᠡᠳᠬᠢᠯᠭᠡ ᠦᠷᠭᠦᠯᠵᠢᠯᠡᠨ ᠣᠷᠭᠢᠯᠵᠤ᠂ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠨᠠᠩ ᠣᠯᠠᠨ ᠡᠰᠢᠲᠦ ᠬᠡᠷᠡᠭᠴᠡᠭᠡ ᠶᠢ ᠬᠠᠩᠭᠠᠬᠤ  ᠨᠢ ᠨᠠᠩ ᠲᠤᠯᠭᠠᠮ᠎ᠠ ᠪᠣᠯᠵᠤ ᠪᠠᠶᠢᠨ᠎ᠠ᠃      ᠵᠣᠬᠢᠶᠠᠭᠴᠢ ᠶᠢᠨ ᠦᠵᠡᠬᠦ ᠪᠠᠷ᠂ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠭᠡᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠳᠤ ᠳᠣᠣᠷᠠᠬᠢ ᠬᠡᠳᠦᠨ ᠲᠠᠯ᠎ᠠ   ᠠᠴᠠ ᠭᠠᠷᠳᠠᠬᠤ ᠬᠡᠷᠡᠭᠳᠡᠢ᠄      ᠡᠩ ᠲᠡᠷᠢᠭᠦᠨ ᠳᠤ᠂ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠪᠠᠶᠢᠳᠠᠯ ᠪᠠ ᠪᠡᠶ᠎ᠡ ᠴᠢᠭᠢᠷᠠᠭᠵᠢᠭᠤᠯᠬᠤ ᠣᠨᠴᠠᠯᠢᠭ ᠢ ᠪᠣᠳᠣᠯᠬᠢᠯᠠᠨ᠎ᠠ᠃ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠠᠵᠢᠯᠯᠠᠭ᠎ᠠ ᠮᠠᠭᠤᠳᠠᠵᠤ᠂ ᠬᠥᠳᠡᠯᠭᠡᠭᠡᠨ ᠤ ᠴᠢᠳᠠᠪᠤᠷᠢ ᠨᠢ ᠬᠢᠵᠠᠭᠠᠷ ᠲᠠᠢ ᠪᠣᠯᠬᠤᠷ᠂ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠭᠡᠮᠵᠢ ᠶᠢᠨ ᠠᠶᠤᠯᠭᠦᠢ ᠴᠢᠨᠠᠷ᠂ ᠲᠠᠭᠠᠯᠠᠮᠵᠢᠲᠠᠢ ᠴᠢᠨᠠᠷ ᠪᠠ ᠳᠥᠭᠦᠮ ᠳᠥᠲᠡ ᠴᠢᠨᠠᠷ ᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ ᠃ ᠵᠢᠱᠢᠶᠡᠯᠡᠪᠡᠯ᠂ ᠪᠡᠶ᠎ᠡ ᠴᠢᠭᠢᠷᠠᠭᠵᠢᠭᠤᠯᠬᠤ ᠲᠠᠯᠠᠪᠤᠷ ᠢ ᠲᠡᠭᠰᠢᠬᠡᠨ ᠪᠥᠭᠡᠳ ᠠᠭᠤᠵᠢᠭᠤ ᠪᠠᠶᠢᠯᠭᠠᠵᠤ᠂ ᠨᠠᠰᠤᠲᠠᠶᠢᠴᠤᠳ ᠤᠨ ᠣᠶᠢᠴᠢᠬᠤ ᠠᠴᠠ ᠵᠠᠶᠢᠯᠠᠰᠬᠢᠬᠦ ᠬᠡᠷᠡᠭᠲᠡᠢ︔ ᠪᠡᠶ᠎ᠡ ᠴᠢᠭᠢᠷᠠᠭᠵᠢᠭᠤᠯᠬᠤ ᠪᠡᠯᠡᠳᠭᠡᠮᠵᠢ ᠨᠢ ᠲᠥᠬᠦᠮ ᠪᠥᠭᠡᠳ ᠬᠡᠷᠡᠭᠯᠡᠬᠦ ᠳᠤ ᠠᠮᠠᠷ᠂ ᠲᠦᠰᠢᠭᠦᠷ᠂ ᠪᠠᠭᠠᠵᠢ ᠬᠡᠷᠡᠭᠰᠡᠯ ᠤᠨ ᠥᠨᠳᠥᠷ ᠤᠨ ᠬᠡᠮᠵᠢᠶ᠎ᠡ ᠶᠢ ᠲᠣᠬᠢᠷᠠᠭᠤᠯᠬᠤ᠂ ᠠᠪᠢᠶᠠᠨ ᠤ ᠰᠠᠨᠠᠭᠤᠯᠤᠮᠵᠢ ᠵᠡᠷᠭᠡ ᠶᠢ ᠪᠠᠭᠲᠠᠭᠠᠭᠰᠠᠨ ᠨᠠᠰᠤᠲᠠᠶᠢᠴᠤᠳ ᠤᠨ ᠬᠦᠳᠡᠯᠭᠡᠭᠡᠨ ᠤ ᠳᠠᠳᠬᠠᠯ ᠳᠤ ᠨᠡᠶᠢᠴᠡᠭᠦᠯᠵᠦ᠂ ᠨᠠᠰᠤᠲᠠᠶᠢᠴᠤᠳ ᠤᠨ ᠠᠮᠤᠷ ᠲᠦᠪᠰᠢᠨ᠂ ᠲᠠᠭᠠᠯᠠᠮᠵᠢᠲᠠᠢ ᠪᠣᠯᠪᠠᠰᠤᠷᠠᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠰᠠᠭᠤᠳᠠᠯ ᠢ ᠲᠣᠬᠢᠷᠠᠭᠤᠯᠵᠤ᠂ ᠨᠠᠰᠤᠲᠠᠶᠢᠴᠤᠳ ᠤᠨ ᠪᠡᠶ᠎ᠡ ᠪᠠᠨ ᠴᠢᠭᠢᠷᠠᠭᠵᠢᠭᠤᠯᠵᠤ ᠪᠠᠷᠠᠭᠰᠠᠨ ᠤ ᠳᠠᠷᠠᠭ᠎ᠠ ᠠᠮᠠᠷᠠᠬᠤ ᠪᠤᠶᠤ ᠵᠣᠭᠤᠭᠳᠠᠬᠤ ᠳᠤ ᠳᠦᠭᠦᠮ ᠪᠣᠯᠭᠠᠬᠤ ᠬᠡᠷᠡᠭᠲᠡᠢ᠃      ᠳᠠᠷᠠᠭᠠᠯᠠᠪᠠᠯ᠂ ᠨᠠᠰᠤᠲᠠᠶᠢᠴᠤᠳ ᠤᠨ ᠣᠯᠠᠨ ᠡᠰᠢᠲᠦ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠎ᠠ᠃ ᠨᠠᠰᠤ ᠵᠢᠯ᠂ ᠬᠦᠢᠰᠦ᠂ ᠪᠡᠶ᠎ᠡ ᠮᠠᠬᠠᠪᠤᠳ ᠤᠨ ᠪᠠᠶᠢᠳᠠᠯ᠂ ᠳᠤᠷ᠎ᠠ ᠰᠣᠨᠢᠷᠬᠠᠯ ᠵᠡᠷᠭᠡ ᠲᠠᠯ᠎ᠠ ᠶᠢᠨ ᠵᠥᠷᠢᠶ᠎ᠡ ᠠᠴᠠ ᠪᠣᠯᠵᠤ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠨᠢ ᠪᠦᠷᠢᠮᠦᠰᠦᠨ ᠠᠳᠠᠯᠢ ᠦᠭᠡᠢ ᠪᠠᠶᠢᠳᠠᠭ᠂ ᠡᠶᠢᠮᠦ ᠠᠴᠠ ᠠᠳᠠᠯᠢ ᠪᠤᠰᠤ ᠲᠥᠷᠥᠯ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠢ ᠲᠣᠬᠢᠷᠠᠭᠤᠯᠵᠤ ᠪᠣᠯᠣᠨ᠎ᠠ᠂ ᠵᠢᠱᠢᠶᠡᠯᠡᠪᠡᠯ ᠪᠤᠺᠰ᠂ ᠲᠠᠯᠠᠪᠠᠶ ᠶᠢᠨ ᠪᠥᠵᠢᠭ᠂ ᠠᠯᠭᠤᠷ ᠭᠦᠶᠦᠯᠲᠡ ᠵᠡᠷᠭᠡ︔ ᠪᠠᠰᠠ ᠪᠡᠶ᠎ᠡ ᠴᠢᠭᠢᠷᠠᠭᠵᠢᠭᠤᠯᠬᠤ ᠲᠠᠯᠠᠪᠤᠷ ᠲᠤ ᠨᠠᠭᠠᠳᠤᠮ ᠲᠤᠭᠯᠠᠭᠠᠮ ᠤᠨ ᠪᠠᠭᠠᠵᠢ᠂ ᠤᠩᠰᠢᠯᠭ᠎ᠠ ᠶᠢᠨ ᠲᠣᠭᠤᠷᠢᠭ ᠵᠡᠷᠭᠡ ᠵᠤᠭ᠎ᠠ ᠴᠡᠩᠭᠡᠯ ᠤᠨ ᠪᠡᠯᠡᠳᠭᠡᠮᠵᠢ ᠲᠣᠬᠢᠷᠠᠭᠤᠯᠵᠤ᠂ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠰᠣᠨᠢᠷᠬᠠᠯᠲᠤ ᠴᠢᠨᠠᠷ ᠢ ᠨᠡᠮᠡᠭᠳᠡᠭᠦᠯᠦᠨ᠎ᠡ᠃      ᠬᠠᠮᠤᠭ ᠤᠨ ᠰᠡᠭᠦᠯ ᠳᠤ᠂ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠭᠡᠮᠵᠢ ᠶᠢᠨ ᠬᠢᠨᠠᠨ ᠬᠠᠮᠢᠶᠠᠷᠤᠯᠳᠠ ᠪᠠ ᠦᠨᠡᠯᠡᠯᠳᠡ ᠶᠢ ᠴᠢᠩᠭᠠᠳᠬᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠣᠭᠲᠠᠭᠠᠵᠤ᠂ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ︔ ᠲᠣᠭᠲᠠᠮᠠᠯ ᠬᠤᠭᠤᠴᠠᠭ᠎ᠠ ᠲᠠᠢ ᠪᠠᠷ ᠬᠥᠮᠥᠰ ᠢ ᠵᠣᠬᠢᠶᠠᠨ ᠪᠠᠶᠢᠭᠤᠯᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠳᠤ ᠦᠨᠡᠯᠡᠯᠳᠡ ᠪᠠ ᠪᠠᠶᠢᠴᠠᠭᠠᠯᠲᠠ ᠬᠢᠵᠦ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠪᠠ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠢ᠃      ᠶᠡᠷᠦᠩᠬᠡᠶᠢᠯᠡᠭᠡᠳ ᠬᠡᠯᠡᠪᠡᠯ᠂ ᠡᠯ᠎ᠡ ᠭᠠᠵᠠᠷ ᠤᠨ ᠬᠢᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢ ᠪᠠᠶᠢᠷᠢᠯᠠᠭᠤᠯᠤᠨ ᠪᠦᠲᠦᠭᠡᠨ ᠪᠠᠶᠢᠭᠤᠯᠬᠤ ᠳᠠᠭᠠᠨ ︽ᠨᠠᠰᠤᠵᠢᠯᠳᠠ ᠳᠤ ᠲᠣᠬᠢᠷᠠᠮᠵᠢᠲᠠᠢ︾ ᠪᠠᠶᠢᠬᠤ ᠶᠢ ᠴᠢᠬᠤᠯᠠᠴᠢᠯᠠᠵᠤ᠂ ᠨᠠᠰᠤᠲᠠᠶᠢᠴᠤᠳ ᠲᠤ ᠪᠠᠶᠠᠷ ᠬᠥᠷ ᠲᠠᠢ᠂ ᠡᠶ᠎ᠡ ᠵᠣᠬᠢᠴᠠᠯ ᠲᠠᠢ ᠪᠡᠶ᠎ᠡ ᠴᠢᠭᠢᠷᠠᠭᠵᠢᠭᠤᠯᠬᠤ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ᠂ ᠲᠡᠳᠡᠨ ᠳᠤ ᠥᠲᠡᠯᠦᠭᠡ ᠨᠠᠰᠤᠨ ᠤ ᠠᠮᠢᠳᠤᠷᠠᠯ ᠳᠤᠨᠢ ᠨᠠᠩ ᠣᠯᠠᠨ ᠵᠣᠯ ᠵᠢᠷᠭᠠᠯ ᠪᠠ ᠬᠠᠨᠤᠮᠵᠢ ᠶᠢ ᠡᠳ᠋ᠯᠡᠭᠦᠯᠬᠦ ᠬᠡᠷᠡᠭᠲᠡᠢ᠃ ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1