ᠲᠣᠭᠲᠠᠬᠤ ᠰᠢᠶᠠᠨ᠄ ᠠᠮᠧᠷᠢᠺᠠ ᠶᠢ ᠡᠰᠡᠷᠭᠦᠴᠡᠨ ᠰᠣᠯᠣᠩᠭᠤᠰ ᠲᠤ ᠲᠤᠰᠠᠯᠠᠬᠤ ᠠᠬᠠᠮᠠᠳ ᠴᠡᠷᠢᠭ ᠢ ᠬᠠᠯᠠᠮᠵᠢᠯᠠᠨ ᠬᠠᠶᠢᠷᠠᠯᠠᠬᠤ ᠠᠯᠪᠠᠨ ᠵᠢᠷᠤᠮ ᠤᠨ ᠡᠮᠴᠢᠯᠡᠭᠡ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/22
      ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠠᠬᠠᠮᠠᠳ ᠴᠡᠷᠢᠭ ᠢ ᠬᠠᠶᠢᠷᠠᠯᠠᠨ ᠬᠠᠯᠠᠮᠵᠢᠯᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠲᠣᠭᠲᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ ᠰᠢᠶᠠᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠡᠮᠨᠡᠯᠭᠡ ᠳᠤ ᠬᠦᠷᠭᠡᠬᠦ ᠦᠢᠯᠡᠴᠢᠯᠡᠭᠡ ᠥᠷᠨᠢᠭᠦᠯᠵᠦ᠂ ᠮᠠᠨ ᠤ ᠰᠢᠶᠠᠨ ᠤ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠠᠬᠠᠮᠠᠳ ᠴᠡᠷᠢᠭ ᠲᠤ ᠠᠯᠪᠠᠨ ᠵᠢᠷᠤᠮ ᠤᠨ ᠡᠮᠴᠢᠯᠡᠭᠡ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ ᠬᠢᠬᠦ ᠶᠢᠨ ᠬᠠᠮᠲᠤ ᠲᠣᠬᠤᠨᠢᠭᠤᠯᠬᠤ ᠮᠥᠩᠭᠦ ᠬᠦᠷᠭᠡᠵᠦ᠂ ᠨᠠᠰᠤᠲᠠᠶᠢᠴᠤᠳ ᠲᠤ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠵᠡᠢ᠃
     ︽ᠨᠠᠮ ᠪᠣᠯᠣᠨ ᠵᠠᠰᠠᠭ ᠤᠨ ᠣᠷᠳᠣᠨ ᠠᠴᠠ ᠪᠢᠳᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠦ᠂ ᠭᠡᠷ  ᠲᠤᠨᠢ ᠬᠦᠷᠴᠦ ᠪᠢᠳᠡᠨ ᠤ ᠪᠡᠶ᠎ᠡ ᠶᠢ ᠪᠠᠶᠢᠴᠠᠭᠠᠵᠤ᠂ ᠠᠬᠠᠮᠠᠳ ᠴᠡᠷᠢᠭ ᠢ ᠬᠠᠯᠠᠮᠵᠢᠯᠠᠬᠤ ᠳᠤ ᠲᠤᠶᠢᠯ ᠤᠨ ᠬᠠᠯᠠᠭᠤᠨ ᠳᠤᠯᠠᠭᠠᠨ ᠰᠠᠨᠠᠭᠳᠠᠨ᠎ᠠ︾ ᠭᠡᠵᠤ ᠠᠬᠠᠮᠠᠳ ᠪᠠᠶᠢᠯᠳᠤᠭᠴᠢ ᠭᠤᠤ ᡁᠢ ᠪᠠᠩ ᠵᠠᠯᠭᠠᠭ᠎ᠠ ᠪᠠᠷ ᠲᠠᠯᠠᠷᠬᠠᠪᠠ᠃
     ᠠᠬᠠᠮᠠᠳ ᠴᠡᠷᠢᠭ ᠤᠨ ᠭᠡᠷ ᠲᠤ ᠬᠦᠷᠬᠦ ᠪᠦᠷᠢ ᠡᠮᠨᠡᠯᠭᠡ ᠶᠢᠨ ᠠᠵᠢᠯᠲᠠᠳ ᠠᠬᠠᠮᠠᠳ ᠪᠠᠶᠢᠯᠳᠤᠭᠴᠢᠳ ᠤᠨ ᠪᠡᠶ᠎ᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠠ ᠳᠤ ᠴᠢᠰᠤᠨ ᠰᠢᠬᠢᠷ᠂ ᠴᠢᠰᠤᠨ ᠳᠠᠷᠤᠯᠲᠠ᠂ ᠵᠢᠷᠦᠬᠡᠨ ᠤ ᠯᠤᠭᠰᠢᠯᠲᠠ ᠶᠢᠨ ᠵᠢᠷᠤᠭ ᠵᠡᠷᠭᠡ ᠵᠦᠢᠯ ᠤᠨ ᠪᠠᠶᠢᠴᠠᠭᠠᠯᠲᠠ ᠬᠢᠵᠦ᠂ ᠨᠠᠰᠤᠲᠠᠶᠢᠴᠤᠳ ᠤᠨ ᠥᠩᠭᠡᠷᠡᠭᠰᠡᠨ ᠤ ᠡᠪᠡᠳᠴᠢᠨ ᠤ ᠲᠡᠦᠬᠡ ᠶᠢ ᠨᠠᠷᠢᠨ ᠣᠶᠢᠯᠠᠭᠠᠬᠤ ᠶᠢᠨ ᠬᠠᠮᠲᠤ ᠠᠬᠠᠮᠠᠳ ᠪᠠᠶᠢᠯᠳᠤᠭᠴᠢᠳ ᠤᠨ ᠪᠡᠶ᠎ᠡ ᠶᠢᠨ ᠪᠠᠶᠢᠳᠠᠯ ᠢ ᠦᠨᠳᠦᠰᠦᠯᠡᠨ ᠬᠠᠨᠳᠤᠯᠭᠠᠲᠤ ᠴᠢᠨᠠᠷ ᠲᠠᠢ ᠪᠠᠷ ᠵᠢᠭᠠᠨ ᠵᠢᠯᠤᠭᠤᠳᠬᠤ ᠶᠢᠨ ᠬᠠᠮᠲᠤ ᠠᠬᠠᠮᠠᠳ ᠪᠠᠶᠢᠯᠳᠤᠭᠴᠢᠳ ᠲᠤ ᠦᠷᠭᠦᠯᠵᠢ ᠬᠡᠷᠡᠭᠯᠡᠳᠡᠭ ᠡᠮ ᠬᠦᠷᠭᠡᠵᠦ᠂ ᠲᠡᠳᠡᠠ ᠳᠤ ᠡᠳᠦᠷ ᠲᠤᠳᠦᠮ ᠤᠨ ᠠᠮᠢᠳᠤᠷᠠᠯ ᠳᠤᠮᠳᠠ ᠪᠠᠨ ᠰᠡᠳᠬᠢᠯ ᠰᠠᠨᠠᠭ᠎ᠠ ᠪᠠᠨ ᠰᠠᠶᠢᠨ ᠪᠠᠶᠢᠯᠭᠠᠵᠤ᠂ ᠢᠳᠡᠭᠡᠨ ᠤᠮᠳᠠᠭᠠᠨ ᠢᠶᠠᠨ ᠰᠢᠨᠵᠢᠯᠡᠬᠦ ᠤᠬᠠᠭᠠᠨᠴᠢ ᠪᠠᠷ ᠠᠩᠬᠠᠷᠴᠤ᠂ ᠪᠡᠶ᠎ᠡ ᠮᠠᠬᠠᠪᠤᠳ ᠢᠶᠠᠨ ᠠᠩᠬᠠᠷᠬᠤ ᠬᠡᠷᠡᠭᠲᠡᠢ ᠭᠡᠵᠦ ᠰᠠᠨᠠᠭᠤᠯᠪᠠ᠃
     ᠳᠠᠷᠠᠭ᠎ᠠ ᠶᠢᠨ ᠠᠯᠬᠤᠮ ᠳᠤ᠂ ᠲᠣᠭᠲᠠᠬᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠴᠢᠨᠠᠭᠰᠢᠳᠠ ᠪᠠᠳᠠᠷᠠᠭᠤᠯᠵᠤ᠂ ᠨᠡᠶᠢᠭᠡᠮ ᠠᠴᠠ ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠳᠠᠮᠵᠢᠭᠤᠯᠵᠤ᠂ ᠦᠷᠭᠦᠯᠵᠢᠯᠡᠨ ᠠᠯᠪᠠᠨ ᠵᠢᠷᠤᠮ ᠤᠨ ᠡᠮᠴᠢᠯᠡᠭᠡ᠂ ᠪᠠᠶᠢᠩᠭᠤᠵᠢᠭᠤᠯᠤᠨ ᠬᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠠᠬᠠᠮᠠᠳ ᠴᠡᠷᠢᠭ ᠤᠨ ᠥᠲᠡᠯᠦᠭᠡ ᠨᠠᠰᠤᠨ ᠤ ᠠᠮᠢᠳᠤᠷᠠᠯ ᠢ ᠨᠢᠭᠲᠠ ᠠᠩᠬᠠᠷᠴᠤ᠂ ᠠᠬᠠᠮᠠᠳ ᠴᠡᠷᠢᠭ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠵᠦ᠂ ᠲᠡᠳᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ ᠢ ᠨᠡᠮᠡᠭᠳᠡᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1