ᠲᠣᠭᠲᠠᠬᠤ ᠰᠢᠶᠠᠨ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠬᠥᠷᠥᠰᠥ ᠰᠢᠷᠣᠢ ᠶᠢ ᠨᠡᠶᠢᠳᠡᠮ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠡᠢ
ᠨᠡᠶᠢᠲᠡᠯᠡᠭᠰᠡᠨ ᠴᠠᠭ᠄
2024/3/22
      ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡ ᠵᠦᠢᠯ ᠤᠨ ᠴᠢᠬᠤᠯᠠ ᠪᠠᠶᠢᠴᠠᠭᠠᠯᠲᠠ ᠮᠥᠨ᠂ ᠲᠡᠷᠡ ᠨᠢ ᠬᠥᠷᠥᠰᠥ ᠰᠢᠷᠣᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 3 ᠳ᠋ᠤᠭᠠᠷ ᠰᠠᠷ᠎ᠠ ᠶᠢᠨ 20  ᠤ ᠡᠳᠦᠷ᠂ ᠲᠣᠭᠲᠠᠬᠤ ᠰᠢᠶᠠᠨ 2023 ᠣᠨ ᠤ ᠭᠤᠷᠪᠠᠳᠤᠭᠠᠷ ᠤᠳᠠᠭ᠎ᠠ ᠶᠢᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠡᠬᠢᠯᠡᠯᠲᠡ ᠶᠢᠨ ᠶᠣᠰᠣᠯᠠᠯ ᠢ ᠡᠷᠬᠢᠯᠡᠭᠰᠡᠨ ᠪᠥᠭᠡᠳ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠪᠣᠯᠪᠠᠰᠤᠷᠠᠯ ᠬᠢᠵᠡᠢ᠃      ᠱᠤᠸᠠᠩ ᠾᠧ ᠪᠠᠯᠭᠠᠰᠤᠨ ᠤ ᠭᠤᠤ ᠲᠧᠦ ᠶᠣᠣ ᠲᠣᠰᠬᠤᠨ ᠤ ᠦᠯᠢᠭᠡᠷ ᠠᠪᠬᠤ ᠭᠠᠵᠠᠷ ᠲᠤ᠂ ᠬᠥᠬᠡᠬᠤᠲᠠ ᠶᠢᠨ ᠭᠤᠷᠪᠠᠳᠤᠭᠠᠷ ᠤᠳᠠᠭ᠎ᠠ ᠶᠢᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠪᠣᠯᠪᠠᠰᠤᠷᠠᠯ ᠤᠨ ᠮᠡᠷᠭᠡᠵᠢᠯ ᠤᠨ ᠠᠵᠢᠯᠲᠠᠳ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠬᠢᠬᠦ ᠶᠢᠨ ᠬᠠᠮᠲᠤ ᠦᠯᠢᠭᠡᠷ ᠠᠪᠬᠤ ᠪᠣᠳᠠᠲᠤ ᠠᠵᠢᠯ ᠢ ᠵᠢᠯᠤᠭᠤᠳᠴᠤ᠂ ᠦᠯᠢᠭᠡᠷ ᠠᠪᠬᠤ ᠴᠡᠭ ᠤᠨ ᠪᠠᠶᠢᠷᠢ ᠲᠣᠭᠲᠠᠭᠠᠯᠲᠠ᠂ ᠮᠡᠳᠡᠭᠡ ᠵᠠᠩᠭᠢ ᠲᠠᠭᠯᠠᠨ ᠮᠡᠳᠡᠭᠦᠯᠬᠦ᠂ ᠦᠯᠢᠭᠡᠷ ᠡᠳ᠋ ᠴᠤᠭᠯᠠᠭᠤᠯᠬᠤ᠂ ᠦᠯᠢᠭᠡᠷ ᠠᠪᠬᠤ ᠭᠡᠷᠡᠯ ᠵᠢᠷᠤᠭ ᠠᠪᠬᠤ ᠵᠡᠷᠭᠡ ᠲᠡᠰ ᠳᠠᠷᠠᠭᠠᠯᠠᠯ ᠵᠢᠴᠢ ᠳᠦᠷᠢᠮᠵᠢᠯ ᠤᠨ ᠱᠠᠭᠠᠷᠳᠠᠯᠭ᠎ᠠ ᠶᠢ ᠨᠠᠷᠢᠨ ᠲᠠᠶᠢᠯᠪᠤᠷᠢᠯᠠᠵᠠᠢ᠃ ᠲᠤᠬᠠᠢ ᠶᠢᠨ ᠲᠠᠯᠠᠪᠤᠷ ᠤᠨ ᠪᠣᠳᠠᠲᠠᠢ ᠪᠣᠯᠪᠠᠰᠤᠷᠠᠯ ᠢᠶᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠳ ᠲᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠶᠢᠨ ᠬᠢᠷᠢ ᠲᠦᠪᠰᠢᠨ ᠪᠠ ᠬᠡᠭᠡᠷ᠎ᠡ ᠭᠠᠳᠠᠨ᠎ᠠ ᠪᠣᠳᠠᠲᠠᠢ ᠠᠵᠢᠯᠯᠠᠬᠤ ᠲᠠᠯ᠎ᠠ ᠪᠠᠷ ᠨᠠᠩ ᠭᠦᠨᠵᠡᠭᠡᠢ ᠣᠶᠢᠯᠠᠭᠠᠯᠲᠠ ᠪᠠ ᠡᠵᠡᠮᠳᠡᠯ ᠲᠠᠢ ᠪᠣᠯᠭᠠᠵᠠᠢ᠃      ᠣᠶᠢᠯᠠᠭᠠᠭᠰᠠᠨ ᠢᠶᠠᠷ᠂ ᠣᠳᠣᠬᠠᠨ ᠳᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠳᠡᠯᠭᠡᠷᠡᠭᠦᠯᠦᠯᠲᠡ ᠶᠢᠨ ᠲᠥᠪ ᠤᠨ ᠲᠣᠰ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠳᠤ ᠣᠷᠣᠯᠴᠠᠬᠤ ᠵᠢᠷᠭᠤᠭᠠᠨ ᠠᠵᠢᠯᠯᠠᠬᠤ ᠳᠤᠭᠤᠶᠢᠯᠠᠩ ᠨᠢᠭᠡᠨᠲᠡ ᠪᠥᠬᠦ ᠲᠠᠯ᠎ᠠ ᠪᠠᠷ ᠪᠡᠯᠡᠬᠡᠨ ᠪᠣᠯᠵᠤ᠂ ᠥᠯᠢᠭᠡᠷ ᠠᠪᠬᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠠᠵᠢᠯᠯᠠᠵᠤ᠂ ᠮᠠᠨ ᠤ ᠰᠢᠶᠠᠨ ᠤ 863 ᠴᠡᠭ ᠠᠴᠠ ᠥᠯᠢᠭᠡᠷ ᠠᠪᠬᠤ ᠪᠣᠯᠣᠨ᠎ᠠ᠃      ︽ᠭᠤᠷᠪᠠᠳᠤᠭᠠᠷ ᠤᠳᠠᠭ᠎ᠠ ᠶᠢᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠳᠤ ᠮᠠᠨ ᠤ ᠰᠢᠶᠠᠨ ᠤ ᠲᠠᠷᠢᠶᠠᠨ ᠭᠠᠵᠠᠷ᠂ ᠴᠡᠴᠡᠷᠯᠢᠭ᠂ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠬᠥᠷᠥᠰᠥ ᠰᠢᠷᠣᠢ ᠳᠤ ︿ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ﹀ ᠬᠢᠵᠦ᠂ ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠢ ᠣᠶᠢᠯᠠᠭᠠᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠠᠬᠢᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠷᠢᠰᠢᠯ ᠢ ᠰᠢᠯᠢᠳᠡᠭᠵᠢᠭᠦᠯᠬᠦ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ︾᠃ ᠬᠥᠷᠥᠰᠥ ᠰᠢᠷᠣᠢ ᠶᠢᠨ ᠰᠢᠨᠵᠢ ᠪᠠᠶᠢᠳᠠᠯ᠂ ᠲᠥᠷᠥᠯ ᠬᠡᠯᠪᠡᠷᠢ᠂ ᠣᠷᠴᠢᠨ ᠲᠣᠭᠤᠷᠢᠨ ᠤ ᠨᠥᠬᠦᠴᠡᠯ ᠵᠢᠴᠢ ᠬᠥᠷᠥᠰᠥ ᠰᠢᠷᠣᠢ ᠶᠢᠨ ᠠᠰᠢᠭᠯᠠᠯᠲᠠ ᠶᠢᠨ ᠪᠠᠶᠢᠳᠠᠯ ᠵᠡᠷᠭᠡ ᠳᠤ ᠨᠡᠶᠢᠳᠡᠮ ᠪᠠᠶᠢᠴᠠᠭᠠᠯᠲᠠ ᠥᠷᠨᠢᠭᠦᠯᠦᠨ᠎ᠡ᠃ ᠪᠠᠷᠢᠮᠵᠢᠶᠠᠵᠢᠭᠰᠠᠨ᠂ ᠵᠢᠷᠤᠮᠵᠢᠭᠰᠠᠨ ᠬᠥᠷᠥᠰᠥ ᠰᠢᠷᠣᠢ ᠶᠢᠨ ᠣᠷᠣᠨ ᠵᠠᠢ ᠪᠠ ᠬᠠᠷᠢᠶᠠᠲᠤ ᠴᠢᠨᠠᠷ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠳᠡᠯᠭᠡᠷᠡᠭᠦᠯᠦᠯᠲᠡ ᠶᠢᠨ ᠲᠥᠪ ᠤᠨ  ᠬᠢᠨ ᠣᠭᠲᠣᠯᠣᠭᠠᠰᠤ ᠶᠢᠨ ᠪᠠᠶᠢᠴᠠᠭᠠᠯᠲᠠ ᠶᠢᠨ ᠥᠯᠢᠭᠡᠷ ᠠᠪᠬᠤ ᠠᠬᠢᠴᠠ ᠶᠢ ᠴᠢᠩᠭ᠎ᠠ ᠠᠩᠬᠠᠷᠴᠤ᠂ ᠲᠤᠬᠠᠢ ᠶᠢᠨ ᠭᠠᠵᠠᠷ ᠲᠤᠨᠢ ᠶᠠᠰᠤ ᠴᠢᠨᠠᠷ ᠢ ᠡᠵᠡᠮᠳᠡᠬᠦ ᠠᠵᠢᠯ ᠢ ᠭᠦᠨᠵᠡᠭᠡᠢ ᠥᠷᠨᠢᠭᠦᠯᠵᠦ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠶᠢᠨ ᠬᠠᠮᠲᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠤᠷᠪᠠᠳᠠᠭᠢ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ︾ ᠭᠡᠵᠦ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠥᠪ ᠤᠨ ᠮᠡᠷᠭᠡᠵᠢᠯᠲᠡᠨ ᠰᠦ᠋ ᠫᠧᠩ ᠬᠡᠯᠡᠵᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1