ᠲᠤᠭᠳᠠᠬᠤ ᠰᠢᠶᠠᠨ ᠤ ᠴᠠᠭ ᠠᠭᠤᠷ ᠤᠨ ᠲᠣᠪᠴᠢᠶ᠎ᠠ 3.23 ᠳᠡᠯᠡᠬᠡᠢ ᠶᠢᠨ ᠴᠠᠭ ᠠᠭᠤᠷ ᠤᠨ ᠡᠳᠦᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/25
      ᠡᠨᠡ ᠵᠢᠯ ᠤᠨ 3 ᠳ᠋ᠤᠭᠠᠷ ᠰᠠᠷ᠎ᠠ ᠶᠢᠨ 23 ᠤ ᠡᠳᠦᠷ ᠪᠣᠯ 64 ᠳ᠋ᠤᠭᠡᠷ ︽ᠳᠡᠯᠡᠬᠡᠢ ᠶᠢᠨ ᠴᠠᠭ ᠠᠭᠤᠷ ᠤᠨ ᠡᠳᠦᠷ︾ ᠪᠣᠯᠣᠨ᠎ᠠ᠂  ᠲᠤᠰ ᠤᠳᠠᠭᠠᠨ ᠤ ᠠᠵᠢᠯᠯᠠᠭ᠎ᠠ ᠶᠢᠨ ᠭᠤᠤᠯ ᠰᠡᠳᠦᠪ ᠪᠤᠯ ︽ᠠᠭᠤᠷ ᠠᠮᠢᠰᠬᠤᠯ ᠤᠨ ᠠᠵᠢᠯᠯᠠᠭᠠᠨ ᠤ ᠬᠠᠮᠤᠭ ᠤᠨ ᠡᠮᠦᠨ᠎ᠡ ᠹᠷᠣᠨᠲ︾ ᠪᠤᠯᠤᠨ᠎ᠠ᠃ ᠡᠨᠡᠬᠦ ᠭᠤᠣᠯ ᠰᠡᠳᠦᠪ ᠤᠨ ᠲᠣᠭᠤᠷᠢᠨ ᠳᠤ᠂ ᠲᠤᠭᠳᠠᠬᠤ ᠰᠢᠶᠠᠨ ᠤ ᠴᠠᠭ ᠠᠭᠤᠷ ᠤᠨ ᠲᠣᠪᠴᠢᠶ᠎ᠠ ᠪᠦᠬᠦ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠬᠤᠳᠠ ᠶᠢᠨ ᠠᠷᠠᠳ ᠤᠨ ᠰᠣᠶᠣᠯ ᠤᠨ  ᠲᠠᠯᠠᠪᠠᠢ᠂ ᠴᠠᠭ ᠠᠭᠤᠷ ᠤᠨ ᠲᠣᠪᠴᠢᠶ᠎ᠠ ᠶᠢᠨ ᠰᠠᠭᠤᠭ᠎ᠠ ᠭᠠᠵᠠᠷ ᠵᠢᠴᠢ ᠬᠡᠰᠡᠭ ᠨᠡᠶᠢᠭᠡᠮ ᠲᠣᠭᠤᠷᠢᠭ ᠲᠤ ᠠᠮᠢᠳᠤᠯᠢᠭ ᠤᠯᠠᠨ ᠶᠠᠩᠵᠤ ᠶᠢᠨ ᠬᠡᠯᠪᠡᠷᠢ ᠪᠣᠯᠣᠨ ᠪᠠᠶᠠᠯᠢᠭ ᠰᠠᠶᠢᠬᠠᠨ ᠠᠭᠤᠯᠭ᠎ᠠ ᠪᠠᠷ ᠤᠯᠠᠨ ᠠᠷᠭ᠎ᠠ ᠵᠠᠮ᠂ ᠪᠦᠬᠦ ᠲᠠᠯ᠎ᠠ ᠶᠢᠨ ᠳᠡᠯᠡᠬᠡᠢ ᠶᠢᠨ ᠴᠠᠭ ᠠᠭᠤᠷ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠡᠢ᠃      ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠤᠷᠢᠳᠠᠪᠠᠷ ᠲᠦᠭᠡᠮᠡᠯᠵᠢᠭᠦᠯᠵᠦ᠂ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ
     ᠲᠤᠭᠳᠠᠬᠤ ᠰᠢᠶᠠᠨ ᠤ ᠴᠠᠭ ᠠᠭᠤᠷ ᠤᠨ ᠲᠣᠪᠴᠢᠶ᠎ᠠ ᠬᠤᠲᠠ ᠶᠢᠨ ᠠᠷᠠᠳ ᠤᠨ ᠰᠣᠶᠣᠯ ᠤᠨ ᠲᠠᠯᠠᠪᠠᠢ ᠪᠠ ᠲᠣᠭᠤᠷᠢᠭ ᠲᠤ ᠴᠠᠭ ᠠᠭᠤᠷ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠤᠬᠠᠭᠤᠯᠭ᠎ᠠ ᠬᠢᠵᠡᠢ᠃      3 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠲᠤᠭᠳᠠᠬᠤ ᠰᠢᠶᠠᠨ ᠤ ᠴᠠᠭ ᠠᠭᠤᠷ ᠤᠨ ᠲᠣᠪᠴᠢᠶ᠎ᠠ ᠬᠤᠲᠠ ᠶᠢᠨ ᠠᠷᠠᠳ ᠤᠨ ᠰᠣᠶᠣᠯ ᠤᠨ ᠲᠠᠯᠠᠪᠠᠶ ᠪᠠ ᠨᠡᠶᠢᠭᠡᠮ ᠲᠣᠭᠤᠷᠢᠭ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠮᠪᠠᠷ᠎ᠠ ᠵᠢᠴᠢ ᠯᠠᠪᠯᠠᠯᠲᠠ ᠶᠢᠨ ᠲᠠᠪᠴᠠᠩ ᠭᠠᠷᠭᠠᠵᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠪᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠴᠢᠳ ᠡᠨᠡ ᠵᠢᠯ ᠤᠨ ᠳᠡᠯᠡᠬᠡᠢ ᠶᠢᠨ ᠴᠠᠭ ᠠᠭᠤᠷ ᠤᠨ ᠡᠳᠦᠷ ᠤᠨ ᠭᠤᠣᠯ ᠰᠡᠳᠦᠪ᠂ ᠥᠷᠭᠡᠨ ᠤᠯᠠᠨ ᠰᠠᠭᠤᠭᠠᠯᠢ ᠠᠷᠠᠳ ᠲᠤ ᠴᠠᠭ ᠠᠭᠤᠷ ᠤᠨ ᠮᠡᠳᠡᠯᠭᠡ᠂ ᠴᠠᠭ ᠠᠭᠤᠷ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠴᠠᠭ ᠠᠭᠤᠷ ᠤᠨ ᠬᠥᠮᠥᠨ ᠲᠥᠷᠥᠯᠬᠢᠲᠡᠨ ᠤ ᠠᠵᠢᠯᠯᠠᠭ᠎ᠠ ᠳᠤ ᠦᠵᠡᠭᠦᠯᠬᠦ ᠨᠥᠯᠥᠭᠡ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠰᠠᠭᠤᠭᠠᠯᠢ ᠠᠷᠠᠳ ᠲᠤ ︽ᠳᠤᠮᠳᠠᠳᠤ ᠤᠯᠤᠰ ᠤᠨ ᠴᠠᠭ ᠠᠭᠤᠷ ᠤᠨ ᠰᠣᠨᠢᠨ︾ ᠤ 3.23 ᠲᠤᠰᠬᠠᠢ ᠬᠡᠪᠯᠡᠯ᠂ ︽ᠴᠠᠭ ᠠᠭᠤᠷ ᠤᠨ ᠮᠡᠳᠡᠯᠭᠡ︾᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷ ᠳᠡᠪᠲᠡᠷ᠂ ᠠᠶᠤᠩᠭ᠎ᠠ ᠴᠠᠬᠢᠯᠭᠠᠨ ᠤ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ ᠬᠦᠷᠭᠡᠭᠰᠡᠨ ᠪᠥᠭᠡᠳ ᠰᠠᠭᠤᠭᠠᠯᠢ ᠠᠷᠠᠳ ᠤᠨ ᠰᠡᠳᠬᠢᠯ ᠲᠠᠯᠪᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠨᠠᠷᠢᠨ ᠲᠣᠳᠣᠷᠬᠠᠢ ᠬᠠᠷᠢᠭᠤᠯᠲᠠ ᠥᠭᠴᠡᠢ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠴᠠᠭ ᠠᠭᠤᠷ ᠪᠣᠯᠣᠨ ᠣᠯᠠᠨ ᠨᠡᠶᠢᠲᠡ ᠶᠢᠨ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠰᠠᠭᠤᠭᠠᠯᠢ ᠠᠷᠠᠳ ᠤᠨ ᠦᠷᠭᠦᠯᠵᠢ ᠲᠣᠬᠢᠶᠠᠯᠳᠤᠬᠤ ᠴᠠᠭ ᠠᠭᠤᠷ ᠤᠨ ᠭᠠᠢ ᠭᠠᠮᠰᠢᠭ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠭᠠᠳ᠂ ᠰᠠᠭᠤᠭᠠᠯᠢ ᠠᠷᠠᠳ ᠤᠨ ᠢᠳᠡᠪᠬᠢᠲᠡᠢ ᠲᠤᠰᠬᠠᠯ ᠪᠠ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ᠃      ᠴᠠᠭ ᠠᠭᠤᠷ ᠤᠨ ᠨᠡᠭᠡᠭᠡᠯᠲᠡ ᠶᠢᠨ ᠡᠳᠦᠷ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠢ ᠴᠠᠭ ᠠᠭᠤᠷ ᠤᠨ ᠲᠣᠪᠴᠢᠶᠠᠨ ᠳᠤ ᠲᠤᠭᠤᠷᠢᠨ ᠦᠵᠡᠪᠡ
     ᠴᠠᠭ ᠠᠭᠤᠷ ᠤᠨ ᠷᠢᠳᠢ ᠰᠢᠳᠢ ᠶᠢ ᠳᠡᠯᠭᠡᠨ ᠦᠵᠡᠭᠦᠯᠵᠦ᠂ ᠰᠤᠷᠤᠭᠴᠢᠳ ᠤᠨ ᠨᠡᠶᠢᠭᠡᠮ ᠤᠨ ᠦᠢᠯᠡᠳᠦᠯᠭᠡ ᠶᠢᠨ ᠣᠶᠢᠯᠠᠭᠠᠯᠲᠠ ᠶᠢ ᠨᠡᠮᠡᠭᠳᠡᠭᠦᠯᠬᠦ ᠶᠢᠨ ᠲᠥᠯᠥᠭᠡ᠂ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ   ᠶᠢᠨ ᠥᠨᠳᠥᠷ ᠳᠤᠮᠳᠠᠳᠤ   ᠶᠢᠨ ᠬᠤᠶᠠᠳᠤᠭᠠᠷ ︵5︶ ᠠᠩᠭᠢ ᠶᠢᠨ ᠪᠦᠬᠦ ᠪᠠᠭᠰᠢ ᠰᠤᠷᠤᠭᠴᠢᠳ  3 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠮᠠ ᠢᠦᠢ ᠰᠢᠦᠢ ᠶᠢᠨ ᠳᠠᠭᠠᠭᠤᠯᠭ᠎ᠠ ᠳᠣᠣᠷ᠎ᠠ᠂ ᠥᠨᠳᠥᠷ ᠳᠤᠮᠳᠠᠳᠤ ᠶᠢᠨ ᠬᠤᠶᠠᠳᠤᠭᠠᠷ ︵5︶ ᠠᠩᠭᠢ ᠶᠢᠨ ᠪᠦᠬᠦ ᠰᠤᠷᠤᠭᠴᠢᠳ ᠵᠢᠴᠢ ᠹᠢᠽᠢᠺ᠂ ᠭᠠᠵᠠᠷ ᠵᠦᠢ ᠵᠡᠷᠭᠡ ᠬᠠᠮᠢᠶ᠎ᠠ ᠪᠦᠬᠦᠢ ᠬᠢᠴᠢᠶᠡᠯ ᠤᠨ ᠪᠠᠭᠰᠢ ᠴᠠᠭ ᠠᠭᠤᠷ ᠤᠨ ᠲᠣᠪᠴᠢᠶ᠎ᠠ ᠳᠤ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠂ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠰᠤᠷᠤᠯᠴᠠᠬᠤ ᠵᠡᠷᠭᠡ ᠠᠯᠢ ᠣᠯᠠᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃     ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠭᠰᠡᠨ ᠨᠢ ᠰᠤᠷᠤᠭᠴᠢᠳ ᠲᠤ ᠳᠦᠭᠦᠷᠡᠩ ᠣᠯᠣᠯᠲᠠ ᠣᠯᠭᠤᠭᠰᠠᠨ ᠢᠶᠠᠷ ᠪᠠᠷᠠᠬᠤ ᠦᠭᠡᠢ᠂ ᠪᠠᠰᠠ ᠲᠤᠭᠳᠠᠬᠤ ᠰᠢᠶᠠᠨ ᠤ ᠴᠠᠭ ᠠᠭᠤᠷ ᠤᠨ ᠲᠣᠪᠴᠢᠶ᠎ᠠ ᠶᠢᠨ ᠠᠵᠢᠯ ᠢ ᠪᠠᠭᠰᠢ ᠰᠤᠷᠤᠭᠴᠢᠳ ᠲᠤ ᠳᠡᠭᠡᠳᠦ ᠬᠡᠮᠵᠢᠶ᠎ᠡ ᠪᠠᠷ ᠮᠡᠳᠡᠷᠡᠭᠦᠯᠦᠭᠰᠡᠨ ᠪᠠᠶᠢᠨ᠎ᠠ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠤᠯᠠᠮ ᠴᠢᠨᠠᠭᠰᠢᠳᠠ ᠠᠩᠬᠠᠷᠴᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠤᠬᠠᠮᠰᠠᠷ ᠢᠶᠠᠨ ᠴᠢᠩᠭᠠᠳᠬᠠᠵᠤ᠂ ᠠᠮᠤᠷ ᠠᠮᠤᠭᠤᠯᠠᠩ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠴᠣᠭᠴᠠᠯᠠᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠮᠠ ᠢᠦᠢ ᠰᠢᠦᠢ ᠠᠵᠢᠯᠯᠠᠭ᠎ᠠ ᠳᠤ ᠣᠷᠣᠯᠴᠠᠭᠰᠠᠨ ᠠᠩᠭᠢ ᠪᠣᠯᠣᠨ ᠪᠠᠭᠰᠢ ᠪᠠᠨ ᠲᠥᠯᠥᠭᠡᠯᠡᠨ  ᠲᠤᠭᠳᠠᠬᠤ ᠰᠢᠶᠠᠨ ᠤ ᠴᠠᠭ ᠠᠭᠤᠷ ᠤᠨ ᠲᠣᠪᠴᠢᠶ᠎ᠠ ᠳᠤ ᠬᠡᠮᠡᠷᠯᠢᠭ ᠲᠤᠭ ᠬᠦᠷᠭᠡᠵᠦ᠂ ᠲᠤᠰ ᠤᠳᠠᠭ᠎ᠠ ᠶᠢᠨ ᠠᠵᠢᠯᠯᠠᠭ᠎ᠠ ᠶᠢᠨ ᠲᠡᠭᠦᠰ ᠠᠮᠵᠢᠯᠲᠠ ᠲᠠᠢ ᠶᠠᠪᠤᠭᠳᠠᠭᠰᠠᠨ ᠳᠤ ᠪᠠᠶᠠᠷ ᠬᠦᠷᠭᠡᠵᠦ ᠪᠠᠶᠢᠬᠤ ᠪᠠ ᠲᠠᠯᠠᠷᠬᠠᠵᠤ ᠪᠠᠶᠢᠬᠤ ᠪᠠᠨ ᠢᠯᠡᠳᠬᠡᠵᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1