ᠬᠥᠬᠡᠬᠤᠲᠠ ᠶᠢᠨ ᠲᠣᠭᠲᠠᠬᠤ ᠰᠢᠶᠠᠨ᠄ ︽ᠱᠦᠵᠢ ᠱᠦᠵᠢ ᠳᠡᠭᠡᠨ ᠲᠠᠶᠢᠯᠦᠮᠵᠢ ᠬᠢᠬᠦ︾ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠠᠢ
ᠨᠡᠶᠢᠲᠡᠯᠡᠭᠰᠡᠨ ᠴᠠᠭ᠄
2024/3/25
      ︽ᠨᠠᠮ ᠤᠨ ᠠᠴᠢ   ᠶᠢ ᠮᠡᠳᠡᠷᠡᠵᠦ᠂ ᠨᠠᠮ ᠤᠨ ᠦᠭᠡ   ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠲᠣᠭᠲᠠᠬᠤ ᠰᠢᠶᠠᠨ ᠤ ᠬᠢᠨ ︽ᠱᠦᠵᠢ ᠱᠦᠵᠢ ᠳᠡᠭᠡᠨ ᠲᠠᠶᠢᠯᠦᠮᠵᠢ ᠬᠢᠬᠦ︾ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠤᠷᠢᠵᠤ ᠶᠠᠷᠢᠶᠠᠨ ᠤ ᠲᠠᠪᠴᠠᠩ ᠳᠤ ᠭᠠᠷᠴᠤ ᠤᠬᠠᠭᠤᠯᠤᠨ ᠲᠠᠶᠢᠯᠪᠤᠷᠢᠯᠠᠵᠤ᠂ ᠱᠦᠵᠢ ᠪᠠᠷ ᠳᠠᠮᠵᠢᠭᠤᠯᠤᠨ ᠱᠦᠵᠢ ᠳᠤ ᠲᠠᠶᠢᠯᠪᠤᠷᠢᠯᠠᠨ ᠰᠣᠨᠣᠰᠬᠠᠵᠤ᠂ ᠱᠦᠵᠢ ᠨᠢ ᠱᠦᠵᠢ ᠪᠠᠨ ᠲᠠᠭᠠᠵᠤ ᠰᠤᠷᠤᠯᠴᠠᠨ᠂ ᠰᠤᠷᠤᠯᠴᠠᠬᠤ ᠪᠠᠷ ᠰᠤᠷᠤᠯᠴᠠᠬᠤ ᠶᠢ ᠠᠬᠢᠭᠤᠯᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠦᠨᠳᠦᠰᠦᠨ ᠱᠠᠲᠤᠨ ᠤ ᠠᠵᠢᠯ ᠢ ᠠᠬᠢᠭᠤᠯᠬᠤ᠂ ᠠᠵᠢᠯ ᠬᠢᠵᠦ ᠦᠢᠯᠡᠰ ᠪᠣᠰᠬᠠᠬᠤ ᠴᠤᠭ ᠵᠢᠪᠬᠤᠭ᠎ᠠ ᠶᠢ ᠪᠠᠳᠠᠷᠠᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ  ᠬᠤᠪᠢᠷᠠᠭᠤᠯᠵᠠᠢ᠃ ᠣᠳᠣᠬᠠᠨ ᠳᠤ ᠰᠢᠶᠠᠨ ᠤ ᠱᠠᠲᠤᠨ ᠤ ᠳᠠᠪᠬᠤᠷᠭ᠎ᠠ ᠳᠤ ᠨᠡᠶᠢᠳᠡ 5 ᠬᠤᠭᠤᠴᠠᠭᠠᠨ ᠤ ᠰᠢᠷᠢᠰ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠡᠢ᠃      ᠵᠠᠩᠭᠢᠯᠠᠭ᠎ᠠ ᠶᠢᠨ ᠵᠢᠱᠢᠭᠳᠡᠭᠴᠢ ᠶᠢ ᠴᠢᠩᠭ᠎ᠠ ᠠᠩᠬᠠᠷᠴᠤ᠂ ᠤᠬᠠᠭᠤᠯᠤᠨ ᠲᠠᠶᠢᠯᠪᠤᠷᠢᠯᠠᠭᠴᠢ ᠶᠢᠨ ᠰᠢᠯᠢᠳᠡᠭ ᠢ ᠰᠣᠩᠭᠤᠬᠤ ᠬᠡᠷᠡᠭᠲᠡᠢ᠃ ᠪᠦᠬᠦ ᠰᠢᠶᠠᠨ ᠤ ᠡᠯ᠎ᠡ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠬᠠᠷᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭᠠᠳ ᠰᠠᠶᠢᠨ ᠨᠠᠮ ᠤᠨ ᠡᠭᠦᠷ ᠤᠨ ᠱᠦᠵᠢ᠂ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠰᠢᠯᠢᠳᠡᠭ ᠬᠥᠮᠥᠰ᠂ ᠪᠠᠲᠤ ᠴᠢᠩᠭ᠎ᠠ ᠪᠠᠬᠢᠯᠡᠯᠲᠡ ︽ᠵᠢᠱᠢᠶᠡᠴᠢ ᠨᠠᠮ ᠤᠨ ᠡᠭᠦᠷ︾ ᠤᠨ ᠱᠦᠵᠢ ᠵᠡᠷᠭᠡ ᠡᠯ᠎ᠡ ᠲᠦᠷᠦᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠳᠣᠲᠣᠷ᠎ᠠ ᠠᠴᠠ ᠤᠬᠠᠭᠤᠯᠤᠨ ᠲᠠᠶᠢᠯᠪᠤᠷᠢᠯᠠᠭᠴᠢ ᠶᠢ ᠰᠣᠩᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠰᠤᠷᠭᠠᠨ ᠬᠥᠮᠥᠵᠢᠭᠦᠯᠵᠦ ᠬᠥᠲᠥᠯᠥᠨ ᠳᠠᠭᠠᠭᠤᠯᠬᠤ ᠪᠠ ᠤᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠱᠦᠵᠢ ᠨᠠᠷ ᠲᠤ ᠲᠤᠷᠰᠢᠯᠭ᠎ᠠ ᠠᠷᠭ᠎ᠠ ᠶᠢ ᠬᠤᠪᠢᠶᠠᠨ ᠡᠳ᠋ᠯᠡᠭᠦᠯᠪᠡ᠃ ᠡᠭᠦᠨ ᠤ ᠬᠠᠮᠲᠤ᠂ ᠰᠢᠶᠠᠨ ᠤ ᠰᠢᠯᠢᠳᠡᠭ ᠤᠨᠤᠯ ᠤᠨ ᠤᠬᠠᠭᠤᠯᠤᠨ ᠲᠠᠶᠢᠯᠪᠤᠷᠢᠯᠠᠭᠴᠢ᠂ ᠤᠬᠠᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ᠂ ᠠᠷᠠᠳ ᠤᠨ ᠶᠠᠪᠤᠳᠠᠯ ᠵᠡᠷᠭᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠶᠠᠷᠢᠶᠠᠨ ᠤ ᠲᠠᠪᠴᠠᠩ ᠳᠤ ᠭᠠᠷᠭᠠᠵᠤ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾᠂ ︽ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ︾᠂ ︽ᠬᠥᠭᠵᠢᠯᠲᠡ ᠶᠢᠨ ᠳᠠᠩᠰᠠ︾ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠪᠤᠷᠢᠯᠠᠵᠤ᠂ ᠲᠦᠷᠦ ᠶᠢᠨ ᠪᠣᠳᠣᠯᠭ᠎ᠠ ᠶᠢ ᠣᠶᠢᠯᠠᠭᠠᠳᠠᠭ ᠨᠢ ᠲᠦᠷᠦ ᠶᠢᠨ ᠪᠣᠳᠣᠯᠭ᠎ᠠ ᠶᠢ ᠶᠠᠷᠢᠵᠤ᠂ ᠲᠤᠷᠰᠢᠯᠭ᠎ᠠ ᠲᠠᠢ ᠨᠢ ᠲᠤᠷᠰᠢᠯᠭ᠎ᠠ ᠶᠢ ᠶᠠᠷᠢᠵᠤ᠂ ᠠᠷᠭ᠎ᠠ ᠶᠢ ᠮᠡᠳᠡᠳᠡᠭ ᠨᠢ‌ᠠᠷᠭ᠎ᠠ ᠮᠡᠳᠡᠯᠭᠡ ᠶᠢ ᠲᠠᠶᠢᠯᠪᠦᠷᠢᠯᠠᠵᠠᠢ᠃        ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡᠪᠡᠷ ᠶᠠᠪᠤᠭᠳᠠᠭᠤᠯᠵᠤ᠂ ᠤᠬᠠᠭᠤᠯᠤᠨ ᠲᠠᠶᠢᠯᠪᠤᠷᠢᠯᠠᠬᠤ ᠶᠢ ᠬᠦᠯᠢᠶᠡᠨ ᠠᠪᠤᠭᠴᠢᠳ ᠤᠨ ᠬᠠᠮᠲᠤᠯᠢᠭ ᠢ ᠦᠷᠭᠡᠳᠭᠡᠪᠡ᠃ ᠰᠢᠶᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ︽ᠱᠦᠵᠢ ᠱᠦᠵᠢ ᠳᠡᠭᠡᠨ ᠲᠠᠶᠢᠯᠦᠮᠵᠢ ᠬᠢᠬᠦ︾ ᠲᠤᠰᠬᠠᠢ ᠰᠡᠳᠦᠪᠲᠦ ᠲᠠᠶᠢᠯᠤᠮᠵᠢ ᠶᠢᠨ ᠭᠤᠣᠯ ᠬᠢᠴᠢᠶᠡᠯ ᠤᠨ ᠲᠠᠩᠬᠢᠮ ᠭᠠᠷᠭᠠᠵᠤ᠂ ᠬᠥᠳᠡᠭᠡ ᠲᠣᠰᠬᠤᠨ᠂ ᠨᠡᠶᠢᠭᠡᠮ ᠲᠣᠭᠤᠷᠢᠭ ᠤᠨ ᠬᠤᠶᠠᠷ ᠭᠤᠣᠯᠳᠠᠯᠭ᠎ᠠ ᠲᠠᠢ ᠬᠦᠷᠢᠶᠡᠨ ᠳᠠᠬᠢ ᠨᠠᠮ ᠤᠨ ᠡᠭᠦᠷ ᠤᠨ ᠱᠦᠵᠢ᠂ ᠬᠤᠲᠠ ᠶᠢᠨ ᠰᠣᠷᠣᠭᠴᠢ ᠡᠯᠰᠡᠬᠦ ᠪᠠ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠵᠡᠷᠭᠡ ᠶᠢ ᠪᠣᠯᠪᠠᠰᠤᠷᠠᠯ ᠳᠤ ᠣᠷᠣᠯᠴᠠᠬᠤ ᠭᠤᠣᠯ ᠡᠲᠡᠭᠡᠳ ᠢᠶᠠᠨ ᠪᠣᠯᠭᠠᠪᠠ᠃ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠪᠠ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠨᠡᠶᠢᠲᠡ 379 ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ 5679 ᠨᠠᠮ ᠤᠨ ᠭᠡᠰᠢᠭᠦᠨ ᠺᠠᠳ᠋ᠷ ᠢ ᠰᠦᠯᠵᠢᠶᠡᠨ ᠳᠡᠭᠡᠷ᠎ᠡ ᠭᠥᠯᠢᠶᠡᠨ ᠠᠪᠴᠤ ᠦᠵᠡᠵᠦ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠬᠢᠨ ︽ᠱᠦᠵᠢ ᠱᠦᠵᠢ ᠳᠡᠭᠡᠨ ᠲᠠᠶᠢᠯᠦᠮᠵᠢ ᠬᠢᠬᠦ︾ ᠠᠵᠢᠯᠯᠠᠭᠠᠨ ᠤ ᠬᠦᠴᠦᠨ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠥᠷᠭᠡᠳᠬᠡᠵᠦ᠂ ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠳᠤ ᠠᠰᠢᠭ ᠬᠦᠷᠲᠡᠭᠡᠬᠦ ᠪᠠᠷ ᠡᠭᠦᠰᠬᠡᠯ ᠪᠠ ᠲᠡᠭᠦᠰᠬᠡᠯ ᠪᠣᠯᠭᠠᠵᠤ᠂ ᠠᠷᠠᠳ ᠤᠨ ᠪᠠᠶᠢᠳᠠᠯ ᠢ ᠪᠠᠶᠢᠴᠠᠭᠠᠨ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠣᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠣᠯᠠᠨ ᠲᠠᠯ᠎ᠠ ᠪᠠᠷ ᠬᠦᠴᠦᠯᠡᠨ ᠠᠬᠢᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1