ᠲᠤᠭᠳᠠᠬᠤ ᠰᠢᠶᠠᠨ ᠤ 2024 ᠣᠨ ᠤ ︽ᠲᠠᠪᠤᠳᠤᠭᠠᠷ ᠬᠤᠭᠤᠴᠠᠭᠠᠨ ᠤ ᠬᠠᠲᠤᠨ ᠭᠤᠣᠯ ᠤᠨ ᠵᠢᠭᠠᠰᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠬᠤᠨ ᠭᠠᠯᠠᠭᠤ ᠬᠡᠷᠡᠯ ᠵᠢᠷᠤᠭ ᠤᠨ ᠰᠣᠶᠣᠯ ᠤᠨ ᠨᠠᠶᠢᠷ︾ ᠤᠨ ᠠᠵᠢᠯᠯᠠᠭ᠎ᠠ ᠶᠢᠨ ᠲᠤᠬᠢᠷᠠᠭᠤᠯᠤᠯᠳᠠ
ᠨᠡᠶᠢᠲᠡᠯᠡᠭᠰᠡᠨ ᠴᠠᠭ᠄
2024/3/25
      ᠤᠮᠠᠷᠠᠲᠤ ᠶᠢᠨ ᠰᠣᠶᠣᠯ ᠢ ᠪᠠᠳᠠᠷᠠᠭᠤᠯᠵᠤ᠂ ᠬᠠᠳᠤᠨ ᠭᠤᠣᠯ ᠤᠨ ᠰᠣᠶᠣᠯ᠂  ᠶᠦᠨ ᠵᠦᠩ ᠰᠣᠶᠣᠯ ᠢ ᠳᠡᠯᠭᠡᠨ ᠦᠵᠡᠭᠦᠯᠵᠦ᠂ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠲᠣᠭᠲᠠᠬᠤ ᠰᠢᠶᠠᠨ ᠤ ᠲᠠᠪᠤᠳᠤᠭᠠᠷ ᠬᠤᠭᠤᠴᠠᠭᠠᠨ ᠤ ᠬᠠᠲᠤᠨ ᠭᠤᠣᠯ ᠤᠨ ᠵᠢᠭᠠᠰᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠬᠤᠨ ᠭᠠᠯᠠᠭᠤ ᠬᠡᠷᠡᠯ ᠵᠢᠷᠤᠭ ᠤᠨ ᠰᠣᠶᠣᠯ ᠤᠨ ᠨᠠᠶᠢᠷ 2024 ᠣᠨ ᠤ 3 ᠳ᠋ᠤᠭᠠᠷ ᠰᠠᠷ᠎ᠠ ᠶᠢᠨ 30 ᠤ ᠡᠳᠦᠷ ᠠᠴᠠ 31 ᠤ ᠡᠳᠦᠷ ᠪᠣᠯᠲᠠᠯ᠎ᠠ ᠶᠠᠪᠤᠭᠳᠠᠨ᠎ᠠ᠃ ᠡᠨᠡ ᠵᠢᠯ ᠤᠨ ᠠᠵᠢᠯᠯᠠᠭ᠎ᠠ ᠨᠢ ︽ᠰᠤᠩ ᠰᠣᠨᠢᠷᠬᠠᠬᠤ᠂ ᠵᠢᠭᠠᠰᠤ  ᠠᠮᠳᠠᠯᠠᠬᠤ᠂ ᠭᠡᠷᠡᠯ ᠵᠢᠷᠤᠭ ᠲᠠᠲᠠᠬᠤ︾ ᠪᠠᠷ ᠭᠤᠣᠯ ᠰᠡᠳᠦᠪ ᠪᠣᠯᠭᠠᠵᠤ᠂ ᠪᠠᠶᠠᠯᠢᠭ ᠰᠠᠶᠢᠬᠠᠨ ᠰᠣᠶᠣᠯ ᠤᠨ ᠵᠤᠭᠠᠴᠠᠯ᠂ ᠠᠮᠲᠠᠲᠤ ᠢᠳᠡᠭᠡᠨ᠂ ᠭᠡᠷᠡᠯ ᠵᠢᠷᠤᠭ ᠤᠨ ᠦᠵᠡᠭᠦᠯᠦᠯᠭᠡ᠂ ᠳᠦᠷᠰᠦ ᠰᠢᠩᠭᠡᠭᠡᠯᠲᠡ ᠶᠢᠨ ᠵᠣᠬᠢᠶᠠᠨ ᠪᠦᠲᠦᠭᠡᠯᠭᠡ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠰᠢᠶᠠᠨ ᠤ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠣᠶᠣᠯ ᠤᠨ ᠵᠤᠭᠠᠴᠠᠯ ᠤᠨ ᠡᠬᠢ ᠪᠠᠶᠠᠯᠢᠭ ᠢ ᠠᠭᠤᠳᠠᠯᠤᠨ᠂ ᠵᠢᠭᠠᠰᠤᠨ ᠨᠠᠶᠢᠷ᠂ ᠬᠤᠨ ᠭᠠᠯᠠᠭᠤ ᠬᠡᠷᠡᠯ ᠵᠢᠷᠤᠭ ᠤᠨ ᠰᠣᠶᠣᠯ ᠤᠨ ᠨᠠᠶᠢᠷ ᠤᠨ ᠠᠵᠢᠯᠯᠠᠭ᠎ᠠ ᠶᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠣᠷᠣᠨ ᠤ ᠦᠵᠡᠰᠬᠦᠯᠡᠩᠲᠦ ᠰᠠᠶᠢᠬᠠᠨ ᠵᠤᠭᠠᠴᠠᠯ ᠤᠨ ᠨᠠᠷᠠᠲᠤ ᠲᠡᠮᠳᠡᠭ ᠪᠣᠯᠭᠠᠵᠤ᠂ ᠬᠥᠬᠡᠬᠤᠲᠠ ᠶᠢᠨ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ · ᠾᠧ ᠺᠧᠦ ᠵᠤᠭᠠᠴᠠᠯ ᠠᠮᠠᠷᠠᠯᠲᠠ ᠶᠢᠨ ᠣᠷᠣᠨ ᠢ ᠲᠦᠷᠭᠡᠳᠬᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ  ᠃
ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1