ᠲᠣᠭᠲᠠᠬᠤ ᠰᠢᠶᠠᠨ 2024 ᠣᠨ ᠤ ︽ᠳᠡᠯᠡᠬᠡᠢ ᠶᠢᠨ ᠤᠰᠤᠨ ᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ  ᠦᠷᠨᠢᠭᠦᠯᠪᠡ
ᠨᠡᠶᠢᠲᠡᠯᠡᠭᠰᠡᠨ ᠴᠠᠭ᠄
2024/3/26
      3 ᠳ᠋ᠤᠭᠠᠷ ᠰᠠᠷ᠎ᠠ ᠶᠢᠨ 22 ᠤᠨ ᠡᠳᠦᠷ ᠪᠣᠯ ᠭᠤᠴᠢᠨ ᠬᠤᠶᠠᠳᠤᠭᠠᠷ ᠬᠤᠭᠤᠴᠠᠭᠠᠨ ᠤ ︽ᠳᠡᠯᠡᠬᠡᠢ   ᠶᠢᠨ ᠤᠰᠤᠨ ᠤ ᠡᠳᠦᠷ︾᠂ 3 ᠳ᠋ᠤᠭᠠᠷ ᠰᠠᠷ᠎ᠠ   ᠶᠢᠨ 22 ᠤᠨ ᠡᠳᠦᠷ ᠠᠴᠠ 28 ᠤ ᠡᠳᠦᠷ ᠪᠣᠯᠲᠠᠯ᠎ᠠ ᠭᠤᠴᠢᠨ ᠳᠣᠯᠣᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠪᠣᠯᠣᠨ᠎ᠠ᠃ 2024 ᠣᠨ ᠤ ︽ᠳᠡᠯᠡᠬᠡᠢ ᠶᠢᠨ ᠤᠰᠤᠨ ᠤ ᠡᠳᠦᠷ︾ ᠨᠢ ︽ ᠤᠰᠤᠨ ᠤ ᠠᠮᠦᠷ ᠲᠦᠪᠰᠢᠨ ᠢ ᠠᠬᠢᠭᠤᠯᠤᠶ᠎ᠠ︾ ᠭᠡᠬᠦ ᠭᠤᠣᠯ ᠰᠡᠳᠦᠪ ᠲᠠᠢ᠃ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠠᠵᠢᠯᠯᠠᠭ᠎ᠠ ᠶᠢᠨ ᠭᠤᠣᠯ ᠰᠡᠳᠦᠪ ᠨᠢ ︽ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠪᠤᠳᠤᠵᠤ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠤᠨ᠎ᠠ︾᠃      ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠰᠤ ᠶᠢ ᠠᠷᠪᠢᠯᠠᠵᠤ ᠬᠡᠷᠡᠭᠯᠡᠬᠦ ᠦᠵᠡᠯᠲᠡ ᠶᠢ ᠤᠯᠠᠮᠵᠢᠯᠠᠵᠤ᠂ ᠪᠦᠬᠦ ᠠᠷᠠᠳ ᠤᠨ ᠤᠰᠤ ᠠᠷᠪᠢᠯᠠᠬᠤ ᠠᠭᠤᠷ ᠠᠮᠢᠰᠬᠤᠯ ᠢ ᠪᠤᠢ ᠪᠣᠯᠭᠠᠵᠤ᠂ ᠬᠥᠮᠥᠨ ᠤᠰᠤ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠠᠮᠢ ᠠᠬᠤᠢ ᠶᠢᠨ ᠨᠡᠶᠢᠭᠡᠮ ᠢ ᠪᠠᠶᠢᠭᠤᠯᠬᠤ ᠶᠢᠨ ᠲᠥᠯᠥᠭᠡ᠂ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ  ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠰᠢᠨ᠎ᠡ ᠶᠢᠩᠽᠢ ᠪᠠᠯᠭᠠᠰᠤ᠂ ᠦ᠋ ᠱᠧᠨ ᠪᠠᠯᠭᠠᠰᠤ᠂ ᠲᠠᠪᠢᠨ ᠭᠡᠷ ᠪᠠᠯᠭᠠᠰᠤ᠂ ᠱᠤᠸᠠᠩ ᠾᠧ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ ᠲᠠᠢ ᠬᠠᠮᠲᠤᠷᠠᠨ ᠰᠢᠶᠠᠨ ᠤ ᠶᠦᠨ ᠵᠦᠩ ᠰᠣᠶᠣᠯ ᠤᠨ ᠣᠷᠳᠣᠨ ᠳᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ ᠤᠷᠢᠶ᠎ᠠ ᠯᠣᠽᠦ᠋ᠩ ᠪᠠ ᠵᠠᠷᠯᠠᠯ ᠡᠯᠭᠦᠬᠦ᠂ ᠤᠰᠤ ᠠᠷᠪᠢᠯᠠᠬᠤ ᠤᠬᠠᠭᠤᠯᠭ᠎ᠠ ᠶᠢᠨ ᠭᠠᠷ ᠳᠡᠪᠲᠡᠷ ᠪᠠ ᠤᠰᠤ ᠠᠷᠪᠢᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠤᠰᠤᠨ ᠤ ᠡᠬᠢ ᠪᠠᠶᠠᠯᠢᠭ ᠢ ᠬᠠᠮᠠᠭᠠᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠤᠰᠤ ᠠᠷᠪᠢᠯᠠᠵᠤ ᠤᠰᠤ ᠬᠠᠮᠠᠭᠠᠯᠠᠬᠤ ᠣᠨᠣᠯᠵᠢᠬᠤᠨ ᠢ ᠦᠶᠯᠡ ᠠᠵᠢᠯᠯᠠᠭ᠎ᠠ ᠶᠢᠨ ᠡᠳᠦᠷ ᠲᠤᠲᠤᠮ ᠤᠨ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠡᠭᠦᠨ ᠤ ᠵᠡᠷᠭᠡᠴᠡᠭᠡᠪᠡᠷ᠂ ︽ᠬᠠᠳᠤᠨ ᠭᠤᠣᠯ ᠢ ᠬᠠᠮᠠᠭᠠᠯᠠᠬᠤ ᠬᠠᠤᠯᠢ︾᠂ ︽ᠤᠰᠤ ᠰᠢᠷᠣᠢ ᠶᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠮᠠᠨ ᠤ ᠰᠢᠶᠠᠨ ᠤ ᠤᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠵᠦ᠂ ᠡᠬᠡ ᠭᠤᠣᠯ ᠢ ᠬᠠᠤᠯᠢ ᠴᠠᠭᠠᠵᠠ ᠪᠠᠷ ᠰᠠᠶᠢᠲᠤᠷ ᠬᠠᠮᠠᠭᠠᠯᠠᠵᠤ᠂ ᠤᠰᠤᠨ ᠠᠰᠢᠭᠯᠠᠯᠲᠠ ᠶᠢᠨ ᠠᠵᠢᠯ ᠢ ᠬᠠᠯᠠᠮᠵᠢᠯᠠᠬᠤ᠂ ᠴᠢᠬᠤᠯᠠᠴᠢᠯᠠᠬᠤ ᠪᠠ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠠᠷ ᠪᠤᠢ ᠪᠣᠯᠭᠠᠵᠤ᠂ ᠨᠡᠶᠢᠭᠡᠮ ᠢ ᠬᠥᠲᠥᠯᠥᠨ ᠵᠢᠯᠤᠭᠤᠳᠴᠤ ᠪᠠᠶᠢᠭᠠᠳ ᠤᠰᠤ ᠶᠢ ᠨᠠᠨᠳᠢᠩᠨᠠᠬᠤ᠂ ᠤᠰᠤ ᠶᠢ ᠠᠷᠪᠢᠯᠠᠬᠤ ᠪᠠ ᠤᠰᠤ ᠶᠢ ᠬᠠᠶᠢᠷᠠᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠨ᠎ᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 100 ᠭᠠᠷᠤᠢ ᠬᠥᠮᠥᠨ ᠣᠷᠣᠯᠴᠠᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ 12᠂ ᠤᠬᠠᠭᠤᠯᠭ᠎ᠠ ᠶᠢᠨ ᠯᠣᠽᠦ᠋ᠩ 3 ᠵᠣᠬᠢᠶᠠᠵᠤ᠂ ᠤᠬᠠᠭᠤᠯᠭ᠎ᠠ ᠶᠢᠨ ᠲᠡᠷᠭᠡ 1 ᠶᠢ ᠬᠥᠳᠡᠯᠭᠡᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 5000 ᠭᠠᠷᠤᠢ ᠲᠠᠷᠬᠠᠭᠠᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠪᠡᠯᠡᠭ ᠢ 1000 ᠭᠠᠷᠤᠢ ᠲᠠᠷᠬᠠᠭᠠᠵᠠᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1