ᠲᠣᠭᠲᠠᠬᠤ ᠰᠢᠶᠠᠨ ᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠱᠠᠩᠨᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/3/26
      ᠭᠠᠵᠢᠭᠤ ᠨᠣᠮᠯᠠᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠴᠣᠬᠢᠯᠲᠠ ᠥᠭᠬᠦ ᠴᠢᠳᠠᠪᠤᠷᠢ ᠪᠠᠨ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ ᠥᠷᠭᠡᠨ ᠣᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠨᠡᠶᠢᠭᠡᠮ ᠳᠠᠶᠠᠭᠠᠷ ᠤᠨ ᠭᠠᠵᠢᠭᠤ ᠨᠣᠮᠯᠠᠯ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠵᠢᠭᠤ ᠨᠣᠮᠯᠠᠯ ᠤᠨ ᠠᠵᠢᠯᠯᠠᠭ᠎ᠠ ᠶᠢ ᠡᠷᠲᠡ ᠠᠴᠠ ᠠᠳᠬᠤᠬᠤ᠂ ᠪᠠᠭ᠎ᠠ ᠠᠴᠠ ᠨᠢ ᠠᠳᠬᠤᠬᠤ ᠰᠡᠷᠭᠡᠶᠢᠯᠡᠨ ᠰᠢᠢᠳᠪᠦᠷᠢᠯᠡᠬᠦ ᠪᠠᠶᠢᠷᠢᠰᠢᠯ ᠢ ᠪᠤᠢ ᠪᠤᠯᠭᠠᠬᠤ ᠶᠢᠨ ᠲᠦᠯᠦᠭᠡ᠂ ᠤᠳᠤ ᠨᠡᠶᠢᠭᠡᠮ ᠨᠡᠶᠢᠲᠡ ᠠᠴᠠ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡ ᠪᠠᠷ ᠴᠤᠭᠯᠠᠭᠤᠯᠬᠤ ᠶᠢᠨ ᠬᠠᠮᠲᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠬᠥᠮᠥᠰ ᠢ ᠱᠠᠩᠨᠠᠨ ᠬᠦᠬᠢᠭᠦᠯᠦᠨ᠎ᠡ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠨ ᠨᠡᠶᠢᠲᠡᠯᠡᠶ᠎ᠡ᠄      ᠨᠢᠭᠡ᠂ ᠢᠯᠡᠴᠢᠯᠡᠨ ᠮᠡᠳᠡᠭᠦᠯᠬᠦ ᠠᠭᠤᠯᠭ᠎ᠠ      1᠂ ᠭᠠᠵᠢᠭᠤ ᠨᠣᠮᠯᠠᠯ  ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠤᠰᠤ ᠪᠠᠷ ᠴᠤᠭᠯᠠᠷᠠᠬᠤ᠂ ᠬᠤᠷᠠᠯᠳᠤᠬᠤ ᠠᠵᠢᠯᠯᠠᠭ᠎ᠠ ᠳᠤ ᠬᠤᠯᠪᠣᠭᠳᠠᠭᠰᠠᠨ ᠰᠦᠪᠡᠭᠴᠢ ᠶᠢ ᠢᠯᠡᠴᠢᠯᠡᠨ ᠮᠡᠳᠡᠭᠦᠯᠬᠦ︔      2᠂ ᠭᠠᠵᠢᠭᠤ ᠨᠣᠮᠯᠠᠯ ᠳᠤ ᠬᠤᠯᠪᠣᠭᠳᠠᠭᠰᠠᠨ ᠬᠥᠮᠥᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠭᠠᠵᠢᠭᠤ ᠨᠣᠮᠯᠠᠯ ᠤᠨ ᠭᠠᠵᠢᠭᠤ ᠶᠣᠰᠣ ᠭᠠᠵᠢᠭᠤ ᠨᠣᠮᠯᠠᠯ ᠢ ᠤᠯᠠᠮᠵᠢᠯᠠᠨ ᠲᠠᠷᠬᠠᠭᠠᠭᠰᠠᠨ᠂ ᠪᠤᠰᠤᠳ ᠢ ᠬᠠᠭᠤᠷᠤᠨ ᠮᠡᠬᠡᠯᠡᠵᠦ᠂ ᠠᠶᠤᠯᠭᠠᠨ ᠰᠦᠷᠳᠡᠭᠦᠯᠵᠦ ᠪᠠᠶᠢᠭᠠᠳ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠣᠷᠣᠭᠤᠯᠤᠭᠰᠠᠨ ᠪᠤᠶᠤ ᠪᠤᠰᠤᠳ ᠤᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠠᠴᠠ ᠭᠠᠷᠬᠤ ᠶᠢ ᠬᠤᠷᠢᠭᠯᠠᠭᠰᠠᠨ ᠰᠦᠪᠡᠭᠴᠢ ᠶᠢ ᠢᠯᠡᠴᠢᠯᠡᠨ ᠮᠡᠳᠡᠭᠦᠯᠬᠦ︔      3᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠲᠡᠷᠰᠯᠡᠭᠦᠦ ᠦᠭᠡ ᠶᠠᠷᠢᠶ᠎ᠠ ᠲᠠᠷᠬᠠᠭᠠᠵᠤ᠂ ᠭᠠᠵᠢᠭᠤ ᠨᠣᠮᠯᠠᠯ ᠤᠨ ᠤᠬᠠᠭᠤᠯᠭ᠎ᠠ ᠶᠢ ᠡᠰᠡᠷᠭᠦᠴᠡᠬᠦ ᠤᠷᠢᠶ᠎ᠠ ᠯᠣᠽᠦ᠋ᠩ᠂ ᠨᠣᠮ ᠪᠢᠴᠢᠭ᠂ ᠤᠬᠠᠭᠤᠯᠭ᠎ᠠ ᠶᠢᠨ ᠬᠠᠭᠤᠳᠠᠰᠤ᠂ ᠭᠡᠷᠡᠯᠯᠢᠭ ᠳ᠋ᠢᠰᠺ᠂ ᠮᠠᠲ᠋ᠧᠷᠢᠶᠠᠯ ᠵᠡᠷᠭᠡ ᠤᠬᠠᠭᠤᠯᠭ᠎ᠠ ᠶᠢ ᠡᠰᠡᠷᠭᠦᠴᠡᠬᠦ ᠪᠣᠳᠠᠰ ᠤᠨ ᠰᠦᠪᠡᠭᠴᠢ ᠶᠢ ᠨᠠᠭᠠᠭᠰᠠᠨ᠂ ᠲᠠᠷᠬᠠᠭᠠᠭᠰᠠᠨ᠂ ᠪᠡᠶ᠎ᠡ ᠳᠡᠭᠡᠨ ᠠᠪᠴᠤ ᠶᠠᠪᠤᠭᠰᠠᠨ᠂ ᠬᠤᠪᠢ ᠪᠠᠷ ᠢᠶᠠᠨ ᠬᠠᠳᠠᠭᠠᠯᠠᠭᠰᠠᠨ ᠢ ᠢᠯᠡᠴᠢᠯᠡᠨ ᠮᠡᠳᠡᠭᠦᠯᠬᠦ︔      4᠂ ᠭᠠᠵᠢᠭᠤ ᠨᠣᠮᠯᠠᠯ ᠤᠨ ᠠᠵᠢᠯᠯᠠᠭ᠎ᠠ ᠲᠠᠢ ᠬᠤᠯᠪᠣᠭ᠎ᠠ ᠲᠠᠢ ᠪᠤᠰᠤᠳ ᠰᠡᠵᠢᠭᠯᠡᠯᠲᠡᠢ ᠬᠥᠮᠥᠨ᠂ ᠬᠡᠷᠡᠭ᠂ ᠪᠣᠳᠠᠰ ᠵᠡᠷᠭᠡ ᠶᠢᠨ ᠰᠦᠪᠡᠭᠴᠢ ᠶᠢ ᠢᠯᠡᠴᠢᠯᠡᠨ ᠮᠡᠳᠡᠭᠦᠯᠬᠦ᠃      ᠬᠤᠶᠠᠷ᠂ ᠱᠠᠩᠨᠠᠬᠤ ᠪᠠᠷᠢᠮᠵᠢᠶ᠎ᠠ᠄      1᠂ ᠢᠯᠡᠷᠬᠡᠢ ᠭᠠᠵᠢᠭᠤ ᠨᠣᠮᠯᠠᠯ ᠤᠨ ᠣᠨᠴᠠᠯᠢᠭ ᠲᠠᠢ ᠬᠡᠷᠡᠯ ᠵᠢᠷᠤᠭ᠂ ᠤᠬᠠᠭᠤᠯᠭ᠎ᠠ ᠶᠢᠨ ᠬᠠᠭᠤᠳᠠᠰᠤ᠂ ᠰᠣᠨᠢᠨ᠂ ᠨᠣᠮ ᠪᠢᠴᠢᠭ᠂ ᠬᠤᠭᠤᠴᠠᠭᠠᠲᠤ ᠰᠡᠳᠬᠦᠯ᠂ ᠲᠠᠭᠤ ᠰᠢᠩᠭᠡᠭᠡᠯᠲᠡ ᠶᠢᠨ ᠲᠠᠶᠢᠫ᠂ ᠬᠡᠷᠡᠯ ᠤᠨ ᠲᠠᠪᠠᠭ᠂ ᠲᠤᠭ᠂ ᠰᠦᠯᠳᠡ ᠲᠡᠮᠳᠡᠭ᠂ ᠬᠤᠪᠴᠠᠰᠤ ᠵᠠᠰᠠᠯ᠂ ᠳᠤᠷᠠᠰᠬᠠᠯ ᠤᠨ ᠡᠳ᠋ ᠵᠡᠷᠭᠡ ᠡᠳ᠋ ᠪᠣᠳᠠᠰ ᠢ ᠢᠯᠡᠷᠡᠭᠦᠯᠬᠦ ᠶᠢᠨ ᠬᠠᠮᠲᠤ ᠴᠠᠭ ᠲᠤᠬᠠᠢ ᠳᠤᠨᠢ ᠢᠯᠡᠴᠢᠯᠡᠨ ᠮᠡᠳᠡᠭᠦᠯᠪᠡᠯ 100 ᠲᠥᠭᠦᠷᠢᠭ ᠠᠴᠠ 200 ᠲᠥᠭᠦᠷᠢᠭ ᠢᠶᠠᠷ ᠱᠠᠩᠨᠠᠨ᠎ᠠ︔ QQ᠂ ᠸᠢᠴᠠᠲ᠂ ᠪᠢᠴᠢᠯ ᠪᠯᠤᠭ ᠵᠡᠷᠭᠡ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠭᠠᠵᠢᠭᠤ ᠨᠣᠮᠯᠠᠯ ᠤᠨ ᠠᠭᠤᠯᠭ᠎ᠠ ᠶᠢ ᠤᠬᠠᠭᠤᠯᠤᠭᠰᠠᠨ ᠶᠠᠪᠤᠳᠠᠯ ᠢ ᠢᠯᠡᠷᠡᠭᠦᠯᠦᠭᠰᠡᠨ ᠪᠥᠭᠡᠳ ᠴᠠᠭ ᠲᠤᠬᠠᠢ ᠳᠤᠨᠢ ᠢᠯᠡᠴᠢᠯᠡᠨ ᠮᠡᠳᠡᠭᠦᠯᠦᠭᠰᠡᠨ ᠪᠠᠶᠢᠪᠠᠯ 200 ᠲᠥᠭᠦᠷᠢᠭ ᠠᠴᠠ 300 ᠲᠥᠭᠦᠷᠢᠭ ᠱᠠᠩᠨᠠᠨ᠎ᠠ︔ ᠨᠠᠭᠠᠭᠰᠠᠨ᠂ ᠡᠯᠭᠦᠭᠰᠡᠨ᠂ ᠰᠦᠷᠴᠢᠨ ᠰᠢᠷᠳᠡᠭᠰᠡᠨ᠂ ᠪᠢᠴᠢᠭᠰᠡᠨ ᠭᠠᠵᠢᠭᠤ ᠨᠣᠮᠯᠠᠯ ᠤᠨ ᠬᠥᠨᠳᠡᠯᠡᠨ ᠪᠢᠴᠢᠭᠡᠰᠦ᠂ ᠡᠯᠭᠦᠭᠡ ᠪᠢᠴᠢᠭᠡᠰᠦ᠂ ᠤᠷᠢᠶ᠎ᠠ ᠯᠣᠽᠦ᠋ᠩ ᠵᠡᠷᠭᠡ ᠪᠠᠶᠢᠳᠠᠯ   ᠢ ᠢᠯᠡᠷᠡᠭᠦᠯᠬᠦ   ᠶᠢᠨ ᠬᠠᠮᠲᠤ ᠴᠠᠭ ᠲᠤᠬᠠᠢ ᠳᠤᠨᠢ ᠢᠯᠡᠴᠢᠯᠡᠨ ᠮᠡᠳᠡᠭᠦᠯᠪᠡᠯ 300 ᠲᠥᠭᠦᠷᠢᠭ ᠠᠴᠠ 500 ᠲᠥᠭᠦᠷᠢᠭ ᠢᠶᠠᠷ ᠱᠠᠩᠨᠠᠨ᠎ᠠ︔ ᠣᠯᠠᠨ ᠨᠡᠶᠢᠲᠡ ᠶᠢᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠪᠡᠯᠡᠳᠬᠡᠮᠵᠢ ᠶᠢ ᠭᠦᠳᠬᠡᠨ ᠮᠠᠭᠤᠯᠠᠭᠰᠠᠨ ᠪᠠ ᠡᠪᠳᠡᠭᠰᠡᠨ ᠵᠡᠷᠭᠡ ᠶᠢ ᠣᠯᠵᠤ ᠮᠡᠳᠡᠭᠰᠡᠨ ᠪᠥᠭᠡᠳ ᠴᠠᠭ ᠲᠤᠬᠠᠢ ᠳᠤᠨᠢ ᠢᠯᠡᠴᠢᠯᠡᠨ ᠮᠡᠳᠡᠭᠦᠯᠦᠭᠰᠡᠨ ᠪᠠᠶᠢᠪᠠᠯ 300 ᠲᠥᠭᠦᠷᠢᠭ ᠠᠴᠠ 500 ᠲᠥᠭᠦᠷᠢᠭ ᠢᠶᠠᠷ ᠱᠠᠩᠨᠠᠨ᠎ᠠ᠃      2᠂ ᠰᠦᠪᠡᠭᠴᠢ ᠬᠠᠩᠭᠠᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠦᠢᠯᠡᠳᠦᠭᠰᠡᠨ᠂ ᠨᠠᠭᠠᠭᠰᠠᠨ᠂ ᠡᠯᠭᠦᠭᠰᠡᠨ᠂ ᠲᠠᠷᠬᠠᠭᠠᠭᠰᠠᠨ ᠪᠤᠶᠤ ᠠᠪᠴᠤ ᠶᠠᠪᠤᠭ᠎ᠠ ᠰᠡᠵᠢᠭᠯᠡᠯᠲᠡᠢ ᠬᠥᠮᠥᠰ ᠢ 200 ᠲᠥᠭᠦᠷᠢᠭ ᠠᠴᠠ 1000 ᠲᠥᠭᠦᠷᠢᠭ ᠢᠶᠠᠷ ᠱᠠᠩᠨᠠᠨ᠎ᠠ᠃      3᠂ ᠰᠦᠪᠡᠭᠴᠢ ᠬᠠᠩᠭᠠᠵᠤ᠂ ᠭᠠᠵᠢᠭᠤ ᠨᠣᠮᠯᠠᠯ ᠤᠨ ᠠᠵᠢᠯᠲᠠᠨ ᠣᠯᠠᠨ ᠨᠡᠶᠢᠲᠡ ᠶᠢᠨ ᠲᠠᠯᠠᠪᠤᠷ ᠲᠤ ᠲᠠᠭᠤ ᠳᠦᠷᠰᠦ ᠰᠢᠩᠭᠡᠭᠡᠯᠲᠡ ᠲᠠᠯᠪᠢᠬᠤ᠂ ᠤᠷᠢᠶ᠎ᠠ ᠬᠠᠰᠬᠢᠷᠬᠤ᠂ ᠬᠢᠴᠢᠶᠡᠯ ᠣᠷᠣᠬᠤ᠂ ᠶᠠᠷᠢᠶ᠎ᠠ ᠲᠠᠯᠪᠢᠬᠤ᠂ ᠪᠢᠴᠢᠬᠦ᠂ ᠰᠦᠷᠴᠢᠨ ᠰᠢᠷᠳᠡᠬᠦ᠂ ᠨᠠᠭᠠᠬᠤ ᠵᠢᠴᠢ ᠬᠥᠨᠳᠡᠯᠡᠨ ᠪᠢᠴᠢᠭᠡᠰᠦ᠂ ᠡᠯᠭᠦᠭᠡ ᠪᠢᠴᠢᠭᠡᠰᠦ᠂ ᠤᠷᠢᠶ᠎ᠠ ᠯᠣᠽᠦ᠋ᠩ ᠢ ᠡᠯᠭᠦᠬᠦ᠂ ᠡᠰᠡᠬᠦᠯ᠎ᠡ ᠡᠳ᠋ ᠪᠣᠳᠠᠰ ᠢ ᠠᠰᠬᠠᠬᠤ᠂ ᠲᠠᠷᠬᠠᠭᠠᠬᠤ᠂ ᠳᠡᠯᠭᠡᠨ ᠦᠵᠡᠭᠦᠯᠬᠦ ᠵᠡᠷᠭᠡ ᠠᠷᠭ᠎ᠠ ᠬᠡᠯᠪᠡᠷᠢ ᠪᠠᠷ ᠭᠠᠵᠢᠭᠤ ᠨᠣᠮᠯᠠᠯ ᠤᠨ ᠬᠠᠤᠯᠢ ᠪᠤᠰᠤ ᠠᠵᠢᠯᠯᠠᠭ᠎ᠠ ᠶᠢ ᠤᠬᠠᠭᠤᠯᠤᠭᠰᠠᠨ ᠪᠠᠶᠢᠪᠠᠯ 200 ᠲᠥᠭᠦᠷᠢᠭ ᠠᠴᠠ 1000 ᠲᠥᠭᠦᠷᠢᠭ ᠱᠠᠩᠨᠠᠨ᠎ᠠ᠃      4᠂ ᠰᠦᠪᠡᠭᠴᠢ ᠬᠠᠩᠭᠠᠵᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ   ᠶᠢᠨ ᠤᠬᠠᠭᠤᠯᠬᠤ ᠮᠠᠲ᠋ᠧᠷᠢᠶᠠᠯ ᠦᠢᠯᠡᠳᠬᠦ ᠭᠠᠵᠠᠷ ᠵᠡᠷᠭᠡ ᠶᠢ ᠢᠯᠡᠷᠡᠭᠦᠯᠪᠡᠯ 200 ᠲᠥᠭᠦᠷᠢᠭ ᠠᠴᠠ 1000 ᠲᠥᠭᠦᠷᠢᠭ   ᠢᠶᠠᠷ ᠱᠠᠩᠨᠠᠨ᠎ᠠ᠃      5᠂ ᠰᠦᠪᠡᠭᠴᠢ ᠬᠠᠩᠭᠠᠵᠤ ᠪᠠᠶᠢᠭᠠᠳ ᠢᠨᠲ᠋ᠧᠷ ᠰᠦᠯᠵᠢᠶ᠎ᠡ ︵ᠪᠢᠴᠢᠯ ᠪᠦᠷᠭᠡ᠂ ᠸᠢᠴᠠᠲ︶᠂ ᠮᠡᠳᠡᠭᠡ ᠬᠤᠯᠪᠣᠭᠠᠨ ᠤ ᠰᠦᠯᠵᠢᠶ᠎ᠡ ︵ᠣᠬᠤᠷ ᠮᠡᠳᠡᠭᠡ᠂ ᠳᠦᠷᠰᠦᠲᠦ ᠮᠡᠳᠡᠭᠡ︶᠂ ᠲᠧᠯᠸᠢᠰ ᠷᠠᠳᠢᠣ᠋ ᠨᠡᠪᠲᠡᠷᠡᠭᠦᠯᠭᠡ ᠵᠡᠷᠭᠡ ᠵᠠᠭᠤᠴᠢᠯᠠᠭᠤᠷ ᠤᠨ ᠲᠠᠪᠴᠠᠩ ᠳᠡᠭᠡᠷ᠎ᠡ ᠤᠬᠠᠭᠤᠯᠭ᠎ᠠ ᠶᠢ ᠡᠰᠡᠷᠭᠦᠴᠡᠬᠦ ᠠᠵᠢᠯᠯᠠᠭ᠎ᠠ ᠬᠢᠵᠦ ᠪᠠᠶᠢᠭ᠎ᠠ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠰᠡᠵᠢᠭᠯᠡᠯᠲᠡᠢ ᠬᠥᠮᠥᠰ ᠢ ᠢᠯᠡᠷᠡᠭᠦᠯᠪᠡᠯ᠂ 500 ᠲᠥᠭᠦᠷᠢᠭ ᠠᠴᠠ 1000 ᠲᠥᠭᠦᠷᠢᠭ ᠱᠠᠩᠨᠠᠨ᠎ᠠ᠃      6᠂ ᠰᠦᠪᠡᠭᠴᠢ ᠬᠠᠩᠭᠠᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠣᠯᠠᠨ ᠢ ᠴᠤᠭᠯᠠᠭᠤᠯᠤᠨ ᠲᠥᠷᠥ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠪᠦᠰᠡᠯᠡᠨ ᠳᠠᠭᠠᠷᠢᠬᠤ ᠪᠠ ᠳᠠᠭᠠᠷᠢᠬᠤ ᠪᠠᠷ ᠭᠤᠷᠢᠳᠠᠭᠰᠠᠨ᠂ ᠷᠠᠳᠢᠣ᠋ ᠨᠡᠪᠲᠡᠷᠡᠭᠦᠯᠭᠡ᠂ ᠲᠧᠯᠸᠢᠰ ᠢ ᠬᠠᠤᠯᠢ ᠪᠤᠰᠤ ᠪᠠᠷ ᠬᠠᠪᠴᠢᠭᠤᠯᠤᠨ ᠨᠡᠪᠲᠡᠷᠡᠭᠦᠯᠦᠭᠰᠡᠨ᠂ ᠬᠠᠤᠯᠢ ᠪᠤᠰᠤ ᠪᠠᠷ ᠵᠣᠬᠢᠶᠠᠨ ᠪᠠᠶᠢᠭᠤᠯᠤᠭᠰᠠᠨ᠂ ᠭᠠᠷ ᠤᠨ ᠥᠰᠥᠭ ᠵᠢᠷᠤᠭᠰᠠᠨ ᠂ ᠬᠤᠷᠤᠭᠤᠨ ᠣᠷᠣᠮ ᠢᠶᠠᠨ ᠳᠠᠷᠤᠭᠰᠠᠨ ᠵᠡᠷᠭᠡ ᠰᠡᠵᠢᠭᠯᠡᠯᠲᠡᠢ ᠪᠠᠶᠢᠳᠠᠯ ᠢ ᠢᠯᠡᠷᠡᠭᠦᠯᠦᠭᠰᠡᠨ ᠪᠠᠶᠢᠪᠠᠯ᠂ 500 ᠲᠥᠭᠦᠷᠢᠭ ᠠᠴᠠ 1000 ᠲᠥᠭᠦᠷᠢᠭ ᠱᠠᠩᠨᠠᠨ᠎ᠠ᠃      7᠂ ᠴᠢᠬᠤᠯᠠ ᠰᠦᠪᠡᠭᠴᠢ ᠬᠠᠩᠭᠠᠵᠤ ᠨᠥᠯᠥᠭᠡ ᠲᠠᠢ ᠭᠠᠵᠢᠭᠤ ᠨᠣᠮᠯᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠢᠯᠡᠷᠡᠭᠦᠯᠦᠭᠰᠡᠨ ᠬᠡᠷᠡᠭ ᠲᠤ ᠢᠯᠡᠴᠢᠯᠡᠨ ᠮᠡᠳᠡᠭᠦᠯᠦᠭᠴᠢ ᠶᠢ ᠬᠠᠮᠤᠭ ᠥᠨᠳᠥᠷ ᠲᠡᠭᠡᠨ 500 ᠲᠥᠭᠦᠷᠢᠭ ᠢᠶᠠᠷ ᠱᠠᠩᠨᠠᠨ᠎ᠠ︔ ᠴᠢᠬᠤᠯᠠ ᠰᠦᠪᠡᠭᠴᠢ ᠬᠠᠩᠭᠠᠵᠤ ᠨᠥᠯᠥᠭᠡ ᠲᠠᠢ ᠭᠠᠵᠢᠭᠤ ᠨᠣᠮᠯᠠᠯ ᠤᠨ ᠤᠬᠠᠭᠤᠯᠭ᠎ᠠ ᠶᠢᠨ ᠮᠠᠲ᠋ᠧᠷᠢᠶᠠᠯ ᠦᠢᠯᠡᠳᠬᠦ ᠡᠭᠦᠷ ᠢ ᠢᠯᠡᠷᠡᠭᠦᠯᠦᠭᠰᠡᠨ ᠬᠡᠷᠡᠭ ᠲᠤ ᠢᠯᠡᠴᠢᠯᠡᠨ ᠮᠡᠳᠡᠭᠦᠯᠦᠭᠴᠢ ᠶᠢ ᠬᠠᠮᠤᠭ ᠥᠨᠳᠥᠷ ᠲᠡᠭᠡᠨ 1000 ᠲᠥᠭᠦᠷᠢᠭ ᠢᠶᠠᠷ ᠱᠠᠩᠨᠠᠨ᠎ᠠ︔ ᠴᠢᠬᠤᠯᠠ ᠰᠦᠪᠡᠭᠴᠢ ᠬᠠᠩᠭᠠᠵᠤ ᠨᠥᠯᠥᠭᠡ ᠲᠠᠢ ᠭᠠᠵᠢᠭᠤ ᠨᠣᠮᠯᠠᠯ ᠤᠨ ᠡᠪᠰᠡᠯ ᠪᠦᠯᠦᠭ ᠤᠨ ᠬᠡᠷᠡᠭ ᠢ ᠢᠯᠡᠷᠡᠭᠦᠯᠪᠡᠯ᠂ ᠢᠯᠡᠴᠢᠯᠡᠨ ᠮᠡᠳᠡᠭᠦᠯᠦᠭᠴᠢ ᠶᠢ ᠬᠠᠮᠤᠭ ᠶᠡᠭᠡ ᠳᠡᠭᠡᠨ 1000 ᠲᠥᠭᠦᠷᠢᠭ ᠢᠶᠠᠷ ᠱᠠᠩᠨᠠᠨ᠎ᠠ᠃      ᠭᠤᠷᠪᠠ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ      1᠂ ᠴᠠᠭᠳᠠᠭ᠎ᠠ ᠳᠤ ᠮᠡᠳᠡᠭᠦᠯᠬᠦ ᠤᠲᠠᠰᠤ 110  ︔      2᠂ ᠬᠠᠷᠢᠶ᠎ᠠ ᠣᠷᠣᠨ  ᠤ ᠲᠣᠮᠢᠯᠠᠭᠰᠠᠨ ᠰᠠᠯᠪᠤᠷᠢ ᠳᠤ ᠢᠯᠡᠴᠢᠯᠡᠨ ᠮᠡᠳᠡᠭᠦᠯᠦᠨ᠎ᠡ᠃      ᠳᠥᠷᠪᠡ᠂ ᠠᠩᠬᠠᠷᠬᠤ ᠵᠦᠢᠯ      1᠂ ᠬᠥᠬᠢᠭᠦᠯᠦᠭᠳᠡᠬᠦ ᠡᠲᠡᠭᠡᠳ ᠨᠢ ᠲᠣᠭᠲᠠᠬᠤ ᠰᠢᠶᠠᠨ ᠤ ᠬᠡᠪᠴᠢᠶᠡᠨ ᠳᠠᠬᠢ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ᠂ ᠭᠠᠵᠢᠭᠤ ᠨᠣᠮᠯᠠᠯ ᠤᠨ ᠬᠥᠮᠥᠰ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠠᠷᠠᠳ ᠢᠷᠭᠡᠨ᠂ ᠡᠷᠬᠡᠳᠦ ᠠᠷᠠᠳ ᠪᠠ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ︽ᠢᠯᠡᠴᠢᠯᠡᠨ ᠮᠡᠳᠡᠭᠦᠯᠦᠭᠴᠢ︾ ᠭᠡᠵᠦ ᠲᠣᠪᠴᠢᠯᠠᠨ᠎ᠠ︶︔      2᠂ ᠢᠯᠡᠴᠢᠯᠡᠨ ᠮᠡᠳᠡᠭᠦᠯᠦᠭᠴᠢ ᠦᠨᠡᠨ ᠪᠣᠳᠠᠲᠠᠢ ᠣᠪᠣᠭ ᠨᠡᠷ᠎ᠡ ᠪᠠ ᠬᠠᠷᠢᠯᠴᠠᠬᠤ ᠠᠷᠭ᠎ᠠ ᠬᠡᠯᠪᠡᠷᠢ ᠪᠠᠨ ᠦᠯᠡᠳᠡᠭᠡᠵᠦ᠂ ᠢᠯᠡᠴᠢᠯᠡᠨ ᠮᠡᠳᠡᠭᠦᠯᠬᠦ ᠳᠡᠭᠡᠨ ᠠᠷᠭ᠎ᠠ ᠬᠡᠯᠪᠡᠷᠢ ᠪᠠ ᠲᠤᠰ ᠪᠡᠶ᠎ᠡ ᠶᠢᠨ ᠠᠮᠤᠷ ᠲᠦᠪᠰᠢᠨ ᠢᠶᠠᠨ ᠠᠩᠬᠠᠷᠴᠤ᠂ ᠮᠠᠲ᠋ᠧᠷᠢᠶᠠᠯ ᠪᠠ ᠭᠡᠷᠡᠴᠢ ᠪᠠᠷᠢᠮᠲᠠ ᠪᠠᠨ ᠰᠠᠶᠢᠲᠤᠷ ᠦᠯᠡᠳᠡᠭᠡᠨ ᠬᠠᠳᠠᠭᠠᠯᠠᠵᠤ᠂ ᠬᠡᠷᠡᠭ ᠤᠨ ᠳᠠᠷᠠᠭ᠎ᠠ ᠬᠢᠨᠠᠨ ᠬᠠᠷᠭᠤᠭᠤᠯᠵᠤ᠂ ᠱᠠᠩᠨᠠᠯ ᠬᠥᠬᠢᠭᠦᠯᠦᠯ ᠢ ᠪᠡᠶᠡᠯᠡᠭᠦᠯᠬᠦ ᠳᠤ ᠲᠦᠭᠦᠮ ᠦᠵᠡᠭᠦᠯᠦᠨ᠎ᠡ᠃ ᠢᠯᠡᠴᠢᠯᠡᠨ ᠮᠡᠳᠡᠭᠦᠯᠦᠭᠴᠢ ᠱᠠᠩᠨᠠᠯ ᠤᠨ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠥᠪᠡᠷ ᠤᠨ ᠬᠦᠴᠦᠨ ᠪᠦᠬᠦᠢ ᠦᠨᠡᠮᠯᠡᠯ ᠢᠶᠠᠷ ᠢᠶᠠᠨ ᠪᠤᠶᠤ ᠪᠤᠰᠤᠳ ᠬᠥᠮᠥᠨ ᠳᠤ ᠨᠠᠶᠢᠳᠠᠵᠤ ᠠᠪᠤᠭᠤᠯᠤᠭᠰᠠᠨ ᠪᠣᠯᠪᠠᠴᠤ ᠬᠤᠭᠤᠴᠠᠭ᠎ᠠ ᠬᠡᠲᠦᠷᠡᠲᠡᠯ᠎ᠡ ᠠᠪᠤᠭᠰᠠᠨ ᠦᠭᠡᠢ ᠪᠠᠶᠢᠪᠠᠯ᠂ ᠥᠪᠡᠷ ᠢᠶᠠᠨ ᠬᠠᠶᠠᠭᠰᠠᠨ ᠢᠶᠠᠷ ᠦᠵᠡᠨ᠎ᠡ᠃ ᡽      3᠂ ᠬᠤᠳᠠᠯ ᠬᠠᠭᠤᠷᠮᠠᠭ ᠢᠶᠠᠷ ᠢᠯᠡᠴᠢᠯᠡᠨ ᠮᠡᠳᠡᠭᠦᠯᠦᠭᠰᠡᠨ ᠵᠢᠴᠢ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠡᠷᠡᠭᠯᠡᠭᠰᠡᠨ ᠦᠭᠡᠢ ᠪᠣᠯ ᠱᠠᠩᠨᠠᠬᠤ ᠦᠭᠡᠢ᠃ ᠨᠡᠷ᠎ᠡ ᠪᠤᠷᠤᠭᠤᠯᠠᠵᠤ ᠢᠯᠡᠴᠢᠯᠡᠨ ᠮᠡᠳᠡᠭᠦᠯᠦᠭᠡᠳ ᠪᠡᠶ᠎ᠡ ᠶᠢᠨ ᠬᠢᠷᠢ ᠬᠡᠮ ᠢ ᠨᠢ ᠬᠢᠨᠠᠨ ᠬᠠᠷᠭᠤᠭᠤᠯᠬᠤ ᠶᠢᠨ ᠠᠷᠭ᠎ᠠ ᠦᠭᠡᠢ ᠪᠠᠶᠢᠪᠠᠯ᠂ ᠱᠠᠩᠨᠠᠨ ᠬᠥᠬᠢᠭᠦᠯᠬᠦ ᠬᠡᠪᠴᠢᠶᠡᠨ ᠳᠤ ᠣᠷᠣᠭᠤᠯᠬᠤ ᠦᠭᠡᠢ︔      4᠂ ᠢᠯᠡᠴᠢᠯᠡᠨ ᠮᠡᠳᠡᠭᠦᠯᠦᠭᠰᠡᠨ ᠰᠦᠪᠡᠭᠴᠢ ᠳᠤ ᠠᠩᠬ᠎ᠠ ᠤᠳᠠᠭ᠎ᠠ ᠱᠠᠩᠨᠠᠬᠤ ᠲᠣᠭᠲᠠᠴᠠ ᠶᠢ ᠬᠡᠷᠡᠭᠵᠢᠭᠦᠯᠵᠦ ᠂ ᠣᠯᠠᠨ ᠬᠥᠮᠥᠨ ᠠᠳᠠᠯᠢ ᠨᠢᠭᠡ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠪᠠᠶᠢᠪᠠᠯ᠂ ᠵᠠᠷᠴᠢᠮ ᠳᠡᠭᠡᠷ᠎ᠡ ᠪᠠᠨ ᠵᠥᠪᠬᠡᠨ ᠨᠢᠭᠡᠳᠦᠭᠡᠷ ᠢᠯᠡᠴᠢᠯᠡᠨ ᠮᠡᠳᠡᠭᠦᠯᠦᠭᠴᠢ ᠶᠢ ᠱᠠᠩᠨᠠᠵᠤ᠂ ᠢᠯᠡᠴᠢᠯᠡᠨ ᠮᠡᠳᠡᠭᠦᠯᠦᠭᠰᠡᠨ ᠲᠠᠰ ᠳᠠᠷᠠᠭᠠᠯᠠᠯ ᠢ ᠢᠯᠡᠴᠢᠯᠡᠨ ᠮᠡᠳᠡᠭᠦᠯᠦᠭᠰᠡᠨ ᠢ ᠳᠠᠩᠰᠠᠯᠠᠭᠰᠠᠨ ᠴᠠᠭ ᠢᠶᠠᠷ ᠪᠠᠷᠢᠮᠵᠢᠶ᠎ᠠ ᠪᠣᠯᠭᠠᠨ᠎ᠠ︔ ᠠᠳᠠᠯᠢ ᠨᠢᠭᠡᠨ ᠰᠦᠪᠡᠭᠴᠢ ᠶᠢ ᠨᠡᠷ᠎ᠡ ᠬᠤᠯᠪᠣᠨ ᠢᠯᠡᠴᠢᠯᠡᠨ ᠮᠡᠳᠡᠭᠦᠯᠦᠭᠰᠡᠨ ᠪᠠᠶᠢᠪᠠᠯ᠂ ᠱᠠᠩᠨᠠᠯ ᠤᠨ ᠮᠥᠩᠭᠦ ᠶᠢ ᠢᠯᠡᠴᠢᠯᠡᠨ ᠮᠡᠳᠡᠭᠦᠯᠦᠭᠴᠢ ᠠᠴᠠ ᠵᠥᠪᠳᠡᠯᠴᠡᠵᠦ ᠪᠠᠶᠢᠭᠠᠳ ᠬᠤᠪᠢᠶᠠᠷᠢᠯᠠᠨ᠎ᠠ︔ ᠠᠳᠠᠯᠢ ᠨᠢᠭᠡᠨ ᠢᠯᠡᠴᠢᠯᠡᠨ ᠮᠡᠳᠡᠭᠦᠯᠦᠭᠴᠢ ᠣᠯᠠᠨ ᠭᠠᠵᠠᠷ ᠣᠯᠠᠨ ᠰᠠᠯᠠᠭ᠎ᠠ ᠮᠥᠴᠢᠷ ᠲᠤ ᠠᠳᠠᠯᠢ ᠨᠢᠭᠡᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠪᠠᠶᠢᠪᠠᠯ᠂ ᠳᠠᠪᠬᠤᠷᠳᠠᠭᠤᠯᠤᠨ ᠱᠠᠩᠨᠠᠬᠤ ᠦᠭᠡᠢ︔      5᠂ ᠢᠯᠡᠴᠢᠯᠡᠨ ᠮᠡᠳᠡᠭᠦᠯᠦᠭᠴᠢ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠦᠨᠡᠨ ᠪᠣᠳᠠᠲᠠᠢ ᠪᠠᠷ ᠲᠤᠰᠬᠠᠬᠤ ᠴᠢᠬᠤᠯᠠᠲᠠᠢ ᠂ ᠬᠡᠷᠪᠡ ᠢᠯᠡᠴᠢᠯᠡᠨ ᠮᠡᠳᠡᠭᠦᠯᠬᠦ ᠨᠡᠷ᠎ᠡ ᠪᠠᠷ ᠪᠤᠰᠤᠳ ᠬᠥᠮᠥᠨ ᠢ ᠭᠦᠳᠬᠡᠨ ᠭᠦᠵᠢᠷᠯᠡᠬᠦ᠂ ᠢᠯᠡᠴᠢᠯᠡᠭᠳᠡᠭᠴᠢ ᠶᠢ ᠬᠢᠬᠠᠬᠤ᠂ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠨ ᠲᠠᠷᠬᠠᠭᠠᠬᠤ᠂ ᠬᠤᠳᠠᠯ ᠬᠠᠭᠤᠷᠮᠠᠭ ᠢᠶᠠᠷ ᠲᠦᠭᠰᠢᠭᠦᠷᠢ ᠮᠡᠳᠡᠭᠦᠯᠦᠭᠰᠡᠨ ᠵᠡᠷᠭᠡ ᠦᠢᠯᠡ ᠠᠵᠢᠯᠯᠠᠭ᠎ᠠ ᠬᠢᠭᠰᠡᠨ ᠢ ᠣᠯᠵᠤ ᠮᠡᠳᠡᠪᠡᠯ᠂ ᠬᠠᠤᠯᠢ ᠶᠣᠰᠣᠭᠠᠷ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      6᠂ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠱᠠᠩᠨᠠᠵᠤ ᠬᠥᠬᠢᠭᠦᠯᠬᠦ ᠦᠭᠡᠢ᠄ ︵ᠨᠢᠭᠡ︶ ᠬᠠᠤᠯᠢ ᠵᠥᠷᠢᠴᠡᠵᠦ ᠶᠠᠯ᠎ᠠ ᠬᠢᠭᠰᠡᠨ ᠰᠡᠵᠢᠭᠲᠡᠨ ᠢᠯᠡᠴᠢᠯᠡᠭᠳᠡᠬᠦ ᠠᠴᠠ ᠡᠮᠦᠨ᠎ᠡ ᠶᠠᠯ᠎ᠠ ᠪᠠᠨ ᠬᠦᠯᠢᠶᠡᠵᠦ ᠪᠡᠶ᠎ᠡ ᠪᠠᠨ ᠲᠤᠰᠢᠶᠠᠭᠰᠠᠨ︔ ︵ᠬᠤᠶᠠᠷ︶ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ ᠬᠡᠷᠡᠭ ᠢ ᠲᠤᠷᠰᠢᠨ ᠪᠠᠶᠢᠴᠠᠭᠠᠬᠤ ᠂ ᠬᠢᠨᠠᠨ ᠪᠠᠶᠢᠴᠠᠭᠠᠬᠤ᠂ ᠰᠢᠭᠦᠨ ᠲᠠᠰᠤᠯᠬᠤ ᠶᠠᠪᠤᠴᠠ ᠳᠤ ᠢᠯᠡᠴᠢᠯᠡᠨ ᠮᠡᠳᠡᠭᠦᠯᠦᠭᠴᠢ ᠠᠴᠠ ᠬᠠᠷᠠᠬᠠᠨ ᠪᠠᠶᠢᠴᠠᠭᠠᠨ ᠰᠢᠢᠳᠪᠦᠷᠢᠯᠡᠭᠳᠡᠭᠡᠳᠦᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠪᠣᠳᠠᠲᠤ ᠶᠠᠪᠤᠳᠠᠯ ᠢ ᠤᠷᠢᠳᠠᠪᠠᠷ ᠣᠯᠵᠤ ᠮᠡᠳᠡᠭᠰᠡᠨ︔ ︵ᠭᠤᠷᠪᠠ︶ ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠢ ᠪᠢᠰᠢ ᠪᠤᠶᠤ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠨᠢ ᠲᠣᠳᠣᠷᠬᠠᠢ ᠦᠭᠡᠢ ᠠᠴᠠ ᠪᠣᠯᠵᠤ ᠪᠠᠶᠢᠴᠠᠭᠠᠨ ᠲᠣᠳᠣᠯᠠᠬᠤ ᠶᠢᠨ ᠠᠷᠭ᠎ᠠ ᠦᠭᠡᠢ ᠪᠣᠯᠤᠭᠰᠠᠨ︔ ︵ᠳᠥᠷᠪᠡ︶ ᠢᠯᠡᠴᠢᠯᠡᠨ ᠮᠡᠳᠡᠭᠦᠯᠦᠭᠰᠡᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠨᠢᠭᠡᠨᠲᠡ ᠪᠠᠶᠢᠴᠠᠭᠠᠨ ᠰᠢᠢᠳᠪᠦᠷᠢᠯᠡᠭᠰᠡᠨ︔ ︵ᠲᠠᠪᠤ︶ ᠱᠠᠩᠨᠠᠵᠤ ᠬᠥᠬᠢᠭᠦᠯᠬᠦ ᠦᠭᠡᠢ ᠪᠤᠰᠤᠳ ᠪᠠᠶᠢᠳᠠᠯ ᠤᠳ᠃      7᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠨᠢᠭᠡᠴᠡ ᠨᠢᠭᠤᠴᠠ   ᠶᠢ ᠬᠠᠮᠠᠭᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠢᠯᠡᠴᠢᠯᠡᠨ ᠮᠡᠳᠡᠭᠦᠯᠦᠭᠴᠢ   ᠶᠢᠨ ᠵᠥᠪᠰᠢᠶᠡᠷᠡᠯ ᠦᠭᠡᠢ ᠪᠠᠷ ᠶᠠᠮᠠᠷᠪᠠ ᠬᠡᠯᠪᠡᠷᠢ ᠪᠠᠷ ᠢᠯᠡᠴᠢᠯᠡᠨ ᠮᠡᠳᠡᠭᠦᠯᠦᠭᠴᠢ   ᠶᠢᠨ ᠪᠡᠶ᠎ᠡ ᠬᠡᠮ ᠤᠨ ᠮᠡᠳᠡᠭᠡ ᠵᠠᠩᠭᠢ ᠶᠢ ᠵᠠᠳᠠᠷᠠᠭᠤᠯᠬᠤ ᠦᠭᠡᠢ ᠪᠠᠶᠢᠵᠤ᠂ ᠢᠯᠡᠴᠢᠯᠡᠨ ᠮᠡᠳᠡᠭᠦᠯᠦᠭᠴᠢ ᠶᠢᠨ ᠪᠡᠶ᠎ᠡ ᠮᠠᠬᠠᠪᠤᠳ ᠡᠳ᠋ ᠬᠥᠷᠥᠩᠭᠡ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠨ᠎ᠠ᠃      8᠂ ᠲᠣᠰ ᠠᠷᠭ᠎ᠠ ᠶᠢ 2024 ᠣᠨ ᠤ 4 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 1 ᠵᠢᠯ ᠪᠣᠯᠣᠨ᠎ᠠ᠃      ᠲᠣᠭᠲᠠᠬᠤ ᠰᠢᠶᠠᠨ ᠤ ᠨᠠᠮ ᠤᠨ ᠬᠤᠷᠢᠶᠠᠨ ᠤ ᠤᠯᠤᠰ ᠳᠣᠷᠣ ᠬᠠᠤᠯᠢ ᠴᠠᠭᠠᠵᠠ ᠶᠢᠨ ᠬᠤᠷᠢᠶ᠎ᠠ      ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                   2024 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1