ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶᠠᠨ ᠳᠤ ᠡᠮᠴᠢᠯᠡᠭᠡ ᠬᠢᠬᠦ ᠮᠡᠳᠡᠭᠳᠡᠯ
ᠨᠡᠶᠢᠲᠡᠯᠡᠭᠰᠡᠨ ᠴᠠᠭ᠄
2024/3/27
      ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶᠠᠨ ᠳᠤ ᠲᠤᠰᠬᠠᠢ ᠮᠡᠷᠭᠡᠵᠢᠯᠲᠡᠨ ᠤ ᠡᠮᠴᠢᠯᠡᠭᠡ ᠬᠢᠬᠦ ᠮᠡᠳᠡᠭᠳᠡᠯ ᠡᠪᠡᠳᠴᠢᠲᠡᠨ ᠨᠠᠶᠢᠵᠠ ᠨᠠᠷ ᠲᠤ᠄      ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ︖᠂ ᠤᠯᠠᠨ ᠳᠤ ᠨᠢᠭᠡ ᠰᠠᠶᠢᠨ ᠴᠢᠮᠡᠭᠡ ᠨᠡᠶᠢᠲᠡᠯᠡᠶ᠎ᠡ︕ 3 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠡᠮᠦᠨᠡᠬᠢ 9᠄ 00 ︱ 12᠄ 00 ᠴᠠᠭ ᠲᠤ᠂ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠶᠢᠨ 2023 ᠣᠨ ᠤ ᠠᠩᠬᠠᠳᠠᠭᠴᠢ ᠪᠦᠯᠦᠭ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠲᠤᠰᠬᠠᠢ ᠮᠡᠷᠭᠡᠵᠢᠯᠲᠡᠨ ᠵᠣᠣ ᠯᠢᠨ᠂ ᠯᠢᠦ ᠢ ᠮᠢᠨ᠂ ᠷᠧᠨ ᠴᠠᠩ᠂ ᠶᠧ ᠰᠢᠨ᠂ ᠵᠧᠦ ᠨᠠ ᠵᠡᠷᠭᠡ ᠲᠠᠪᠤᠨ ᠪᠠᠭᠰᠢ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶ᠎ᠠ ᠳᠤ ᠳᠠᠬᠢᠨᠲᠠ ᠬᠦᠷᠴᠦ᠂ ᠨᠢᠭᠡ ᠵᠢᠯ ᠤᠨ ᠣᠶ ᠶᠢᠨ ᠬᠠᠷᠢᠭᠤ ᠰᠤᠷᠪᠤᠯᠵᠢᠯᠠᠬᠤ ᠠᠵᠢᠯᠯᠠᠭ᠎ᠠ ᠥᠷᠨᠢᠭᠦᠯᠬᠦ ᠪᠣᠯᠣᠨ᠎ᠠ᠃      ᠲᠣᠰ ᠤᠳᠠᠭᠠᠨ ᠤ ᠬᠠᠷᠢᠭᠤ ᠰᠤᠷᠪᠤᠯᠵᠢᠯᠠᠬᠤ ᠠᠵᠢᠯᠯᠠᠭ᠎ᠠ ᠳᠤ᠂ ᠲᠠᠪᠤᠨ ᠲᠤᠰᠬᠠᠢ ᠮᠡᠷᠭᠡᠵᠢᠯᠲᠡᠨ ᠲᠣᠰ ᠲᠣᠰ ᠬᠠᠪᠤᠳᠠᠷ ᠤᠨ ᠰᠠᠯᠠᠭ᠎ᠠ᠂ ᠴᠥᠮ᠎ᠡ ᠶᠢᠨ ᠡᠮᠨᠡᠯᠭᠡ ᠶᠢᠨ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠭᠠᠳᠠᠷ ᠡᠮᠨᠡᠯᠭᠡ ᠶᠢᠨ ᠰᠠᠯᠠᠭ᠎ᠠ ᠳᠤ ᠰᠠᠭᠤᠵᠤ ᠡᠮᠨᠡᠭᠦᠯᠵᠦ᠂ ᠣᠯᠠᠨ ᠳᠤ ᠲᠤᠰᠬᠠᠢ ᠮᠡᠷᠭᠡᠵᠢᠯ ᠤᠨ ᠡᠮᠴᠢᠯᠡᠭᠡᠨ ᠤ ᠵᠥᠪᠯᠡᠯᠭᠡ ᠪᠠ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠨ᠎ᠠ᠃ ᠲᠤᠰᠬᠠᠢ ᠮᠡᠷᠭᠡᠵᠢᠯᠲᠡᠨ ᠤ ᠴᠠᠭ ᠬᠢᠵᠠᠭᠠᠷ ᠲᠠᠢ ᠠᠴᠠ ᠪᠣᠯᠵᠤ᠂ ᠲᠣᠰ ᠤᠳᠠᠭᠠᠨ ᠤ ᠡᠮᠨᠡᠭᠦᠯᠬᠦ ᠡᠯ᠎ᠡ ᠰᠠᠯᠠᠭ᠎ᠠ ᠲᠠᠰᠤᠭ ᠤᠨ ᠣᠷᠣᠨ ᠲᠤᠭ᠎ᠠ ᠶᠢ ᠵᠥᠪᠬᠡᠨ 15 ᠪᠠᠷ ᠬᠢᠵᠠᠭᠠᠷᠯᠠᠨ᠎ᠠ᠃ ᠡᠶᠢᠮᠦ ᠠᠴᠠ ᠪᠢᠳᠡ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠲᠤ ᠬᠦᠰᠡᠬᠦ ᠨᠢ᠂ ᠬᠡᠷᠪᠡ ᠲᠠ ᠪᠤᠶᠤ ᠲᠠᠨ ᠤ ᠭᠡᠷ ᠤᠨ ᠬᠥᠮᠥᠰ ᠬᠤᠯᠪᠣᠭᠳᠠᠯ ᠪᠦᠬᠦᠢ ᠡᠮᠴᠢᠯᠡᠭᠡᠨ ᠤ ᠱᠠᠭᠠᠷᠳᠠᠯᠭ᠎ᠠ ᠲᠠᠢ ᠪᠠᠶᠢᠪᠠᠯ᠂ ᠡᠷᠲᠡᠬᠡᠨ ᠤᠷᠢᠳᠴᠢᠯᠠᠨ ᠪᠣᠯᠵᠣᠵᠤ᠂ ᠡᠨᠡ ᠤᠳᠠᠭᠠᠨ ᠤ ᠣᠯᠳᠠᠰᠢ ᠦᠭᠡᠢ ᠲᠣᠬᠢᠶᠠᠯ ᠢ ᠠᠮᠵᠢᠬᠤ ᠪᠤᠯᠪᠠᠤ︖      ᠪᠣᠯᠵᠣᠬᠤ ᠬᠡᠯᠪᠡᠷᠢ ᠨᠢ ᠳᠣᠣᠷᠠᠬᠢ ᠮᠡᠲᠦ᠄      01 ᠬᠦᠴᠦᠨ ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ᠂ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶᠠᠨ ᠳᠤ ᠬᠦᠷᠴᠦ ᠤᠷᠢᠳᠴᠢᠯᠠᠨ ᠪᠣᠯᠵᠣᠵᠤ ᠳ᠋ᠤᠭᠠᠷᠯᠠᠭᠠᠷᠠᠢ︔      02 ᠤᠷᠢᠳᠴᠢᠯᠠᠨ ᠪᠣᠯᠵᠣᠵᠤ ᠳᠠᠭᠤᠰᠤᠭᠰᠠᠨ ᠤ ᠳᠠᠷᠠᠭ᠎ᠠ᠂ ᠤᠷᠢᠳᠴᠢᠯᠠᠨ ᠪᠣᠯᠵᠣᠭᠰᠠᠨ ᠴᠠᠭ ᠢᠶᠠᠷ ᠲᠣᠭᠲᠠᠭᠰᠠᠨ ᠴᠠᠭ ᠲᠠᠭᠠᠨ ᠡᠮᠨᠡᠭᠦᠯᠵᠦ᠂ ᠡᠮᠨᠡᠭᠦᠯᠬᠦ ᠴᠠᠭ   ᠠᠴᠠ ᠬᠤᠴᠣᠷᠬᠤ ᠠᠴᠠ ᠵᠠᠶᠢᠯᠠᠰᠬᠢᠬᠦ ᠬᠡᠷᠡᠭᠲᠡᠢ᠃
      ᠠᠳᠡ᠂ ᠪᠢᠳᠡ ᠪᠡᠭᠡᠵᠢᠩ ᠤᠨ ᠰᠢᠶ᠋ᠧ ᠾᠧ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠲᠡᠨ ᠤ ᠪᠦᠯᠬᠦᠮ ᠤᠨ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠦᠷᠭᠦᠯᠵᠢᠯᠡᠨ ᠳᠡᠮᠵᠢᠵᠦ ᠬᠠᠪᠰᠤᠷᠤᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠥᠭᠡᠳ ᠪᠠᠰᠠ ᠡᠮᠨᠡᠭᠦᠯᠦᠭᠰᠡᠨ ᠡᠪᠡᠳᠴᠢᠲᠡᠨ ᠤ ᠡᠷᠲᠡᠬᠡᠨ ᠡᠷᠡᠭᠦᠯᠵᠢᠵᠦ᠂ ᠦᠷᠭᠦᠯᠵᠢᠯᠡᠨ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠬᠤ ᠶᠢ ᠴᠢᠩ ᠰᠡᠳᠬᠢᠯ ᠠᠴᠠ ᠪᠠᠨ ᠬᠦᠰᠡᠨ ᠵᠥᠩᠨᠡᠵᠦ ᠪᠠᠶᠢᠨ᠎ᠠ︕ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1