ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ︽ᠲᠦᠷᠪᠡᠨ ᠣᠳᠣᠬᠢᠴᠢᠯᠠᠯᠲᠠ︾ ᠶᠢᠨ ᠪᠠᠶᠢᠭᠤᠯᠤᠯᠲᠠ ᠪᠠᠷ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠪᠡ
ᠨᠡᠶᠢᠲᠡᠯᠡᠭᠰᠡᠨ ᠴᠠᠭ᠄
2024/3/27
      ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠡᠳᠦᠪ ᠪᠣᠯᠭᠠᠵᠤ᠂ ᠬᠡᠷᠡᠭ ᠢ ᠳᠠᠭᠤᠰᠬᠠᠨ ᠤᠴᠢᠷ ᠶᠠᠪᠤᠳᠠᠯ ᠢ ᠰᠢᠢᠳᠪᠦᠷᠢᠯᠡᠵᠦ ᠵᠠᠰᠠᠭ ᠤᠨ ᠶᠠᠪᠤᠳᠠᠯ ᠢ ᠰᠢᠢᠳᠪᠦᠷᠢᠯᠡᠬᠦ ᠪᠠᠷ ᠨᠠᠶᠢᠷᠠᠮᠳᠠᠬᠤ ᠪᠠᠷ ᠬᠠᠷᠠᠯᠲᠠ ᠪᠣᠯᠭᠠᠵᠤ᠂ ᠰᠤᠷᠲᠠᠯ ᠢᠶᠠᠨ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠡᠭᠦᠷᠭᠡ ᠲᠤᠰᠢᠶᠠᠯ ᠢᠶᠠᠨ ᠴᠢᠳᠠᠮᠠᠭᠠᠢ ᠪᠠᠷ ᠭᠦᠢᠴᠡᠳᠬᠡᠬᠦ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠥᠯᠥᠭᠡ ᠬᠠᠤᠯᠢ ᠪᠠᠷᠢᠬᠤ ᠶᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠪᠠᠶᠢᠴᠠᠭᠠᠬᠤ ᠤᠬᠠᠮᠰᠠᠷ ᠢᠶᠠᠷ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠲᠦᠷᠪᠡᠨ ᠣᠳᠣᠬᠢᠴᠢᠯᠠᠯᠲᠠ︾ ᠶᠢᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠪᠡ᠃      ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯᠲᠠᠨ ᠤ ᠬᠠᠤᠯᠢ ᠠᠴᠠ ᠵᠥᠷᠢᠴᠡᠭᠰᠡᠨ ᠬᠢᠨᠠᠨ ᠬᠠᠮᠢᠶᠠᠷᠤᠯᠳᠠ ᠶᠢ ᠴᠢᠩᠭᠠᠳᠬᠠᠪᠠ      2023 ᠣᠨ ᠤ 1ᠳ᠋ᠤᠭᠡᠷ ᠰᠠᠷ᠎ᠠ ᠠᠴᠠ ᠤᠳᠤ ᠪᠣᠯᠲᠠᠯ᠎ᠠ᠂ ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠬᠢᠨᠠᠯᠲᠠ ᠲᠠᠯᠪᠢᠬᠤ ᠳᠤᠷ᠎ᠠ ᠦᠭᠡᠢ ᠬᠢᠨᠠᠯᠲᠠ ᠲᠠᠯᠪᠢᠬᠤ ᠵᠣᠷᠢᠭ ᠦᠭᠡᠢ ᠪᠠᠶᠢᠬᠤ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠬᠡᠷᠡᠭ ᠰᠢᠢᠳᠪᠦᠷᠢᠯᠡᠬᠦ ᠳᠤ ᠬᠤᠷᠴᠠ ᠰᠡᠷᠭᠡᠭ ᠴᠢᠨᠠᠷ ᠢᠶᠠᠨ ᠴᠢᠩᠭᠠᠳᠬᠠᠵᠤ᠂ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠶᠢᠨ ᠬᠠᠤᠯᠢ ᠶᠢ ᠵᠥᠷᠢᠴᠡᠭᠰᠡᠨ ᠬᠢᠨᠠᠯᠲᠠ ᠲᠠᠯᠪᠢᠭᠰᠠᠨ ᠬᠡᠷᠡᠭ ᠢ 6 ᠬᠤᠪᠢ ᠰᠢᠢᠳᠪᠦᠷᠢᠯᠡᠵᠦ᠂ ᠪᠠᠶᠢᠴᠠᠭᠠᠬᠤ ᠰᠠᠨᠠᠭᠤᠯᠭ᠎ᠠ ᠶᠢ ᠬᠦᠯᠢᠶᠡᠨ ᠠᠪᠤᠭᠰᠠᠨ ᠨᠤᠷᠮ᠎ᠠ 100% ᠳᠤ ᠬᠦᠷᠴᠡᠢ᠃ ᠬᠢᠨᠠᠯᠲᠠ ᠲᠠᠯᠪᠢᠬᠤ ᠳᠡᠰ ᠳᠠᠪᠬᠤᠷᠭ᠎ᠠ ᠶᠢ ᠳᠡᠭᠡᠭᠰᠢᠯᠡᠭᠦᠯᠵᠦ᠂ ᠬᠢᠨᠠᠯᠲᠠ ᠲᠠᠯᠪᠢᠬᠤ ᠭᠤᠣᠯᠳᠠᠯᠭ᠎ᠠ ᠶᠢ ᠭᠦᠶᠦᠬᠡᠨ ᠴᠢᠨᠠᠷᠲᠠᠢ ᠠᠰᠠᠭᠤᠳᠠᠯ ᠪᠠ ᠵᠢᠷᠤᠮ ᠤᠨ ᠴᠢᠨᠠᠷᠲᠠᠢ ᠦ ᠰᠡᠪ ᠠᠴᠠ ᠭᠦᠨ ᠳᠡᠰ ᠳᠠᠪᠬᠤᠷᠭ᠎ᠠ ᠪᠠ ᠰᠢᠰᠲ᠋ᠧᠮᠲᠦ ᠴᠢᠨᠠᠷ ᠲᠡᠶᠢᠰᠢ ᠤᠷᠲᠤᠳᠬᠠᠬᠤ ᠶᠢ ᠲᠦᠯᠬᠢᠨ ᠠᠬᠢᠭᠤᠯᠪᠠ᠃      ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠢᠴᠡᠳᠭᠡᠯᠲᠡ ᠳᠤ ᠬᠢᠨᠠᠯᠲᠠ ᠬᠠᠮᠢᠶᠠᠷᠤᠯᠳᠠ ᠶᠢ ᠴᠢᠩᠭᠠᠳᠬᠠᠪᠠ      ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ︽ᠨᠢᠭᠡ ᠪᠠᠷ ᠬᠤᠶᠠᠷ ᠶᠢ ᠬᠠᠮᠢᠶᠠᠷᠬᠤ︾᠂ ᠰᠢᠭᠦᠬᠦ ᠬᠤᠷᠢᠶᠠᠨ ᠳᠤ ᠬᠢᠨᠠᠯᠲᠠ ᠲᠠᠯᠪᠢᠬᠤ ᠶᠢ ᠴᠢᠬᠤᠯᠠᠴᠢᠯᠠᠬᠤ ᠶᠢᠨ ᠬᠠᠮᠲᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠢ ᠵᠥᠷᠢᠴᠡᠨ ᠵᠠᠰᠠᠭ ᠶᠠᠪᠤᠭᠤᠯᠬᠤ ᠳᠤ ᠬᠢᠨᠠᠯᠲᠠ ᠲᠠᠯᠪᠢᠬᠤ ᠶᠢ ᠴᠢᠩᠭᠠᠳᠬᠠᠪᠠ᠃ 2023 ᠣᠨ ᠤ 1 ᠳ᠋ᠤᠭᠡᠷ ᠰᠠᠷ᠎ᠠ ᠠᠴᠠ ᠤᠳᠤ ᠪᠣᠯᠲᠠᠯ᠎ᠠ᠂ ᠵᠠᠷᠭᠤ ᠶᠢᠨ ᠪᠤᠰᠤ ᠭᠦᠢᠴᠡᠳᠭᠡᠯᠲᠡ ᠳᠤ ᠬᠢᠨᠠᠯᠲᠠ ᠲᠠᠯᠪᠢᠬᠤ ᠬᠡᠷᠡᠭ ᠢ ᠨᠡᠶᠢᠳᠡ 21 ᠬᠤᠪᠢ ᠰᠢᠢᠳᠪᠦᠷᠢᠯᠡᠵᠦ᠂ ᠪᠠᠶᠢᠴᠠᠭᠠᠬᠤ ᠰᠠᠨᠠᠭᠤᠯᠭ᠎ᠠ ᠶᠢ ᠬᠦᠯᠢᠶᠡᠨ ᠠᠪᠤᠭᠰᠠᠨ ᠨᠤᠷᠮ᠎ᠠ 100%  ᠳᠤ ᠬᠦᠷᠴᠡᠢ᠃ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠬᠤ ᠪᠠᠷ ᠳᠠᠮᠵᠢᠭᠤᠯᠤᠨ᠂ ᠲᠥᠪ ᠭᠤᠣᠯᠴᠢ ᠪᠠᠷ ᠬᠠᠤᠯᠢ ᠪᠠᠷᠢᠬᠤ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠤᠯᠤᠰ ᠣᠷᠣᠨ᠂ ᠨᠡᠶᠢᠭᠡᠮ ᠨᠡᠶᠢᠲᠡ ᠶᠢᠨ ᠠᠰᠢᠭ ᠲᠤᠰᠠ ᠪᠠ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ ᠂ ᠰᠢᠶᠠᠨ ᠤ ᠪᠦᠰᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃      ᠬᠦᠴᠦᠨ ᠲᠠᠢ ᠪᠣᠯᠤᠭᠰᠠᠨ ᠵᠠᠰᠠᠭ ᠵᠠᠬᠢᠷᠭᠠᠨ ᠤ ᠬᠢᠨᠠᠨ ᠲᠠᠰᠤᠯᠤᠯᠲᠠ ᠶᠢᠨ ᠦᠷ᠎ᠡ ᠳ᠋ᠦᠩ ᠤᠨ ᠬᠢᠨᠠᠨ ᠬᠠᠮᠢᠶᠠᠷᠤᠯᠳᠠ ᠶᠢ ᠰᠢᠯᠢᠳᠡᠭᠵᠢᠭᠦᠯᠪᠡ      ᠬᠡᠷᠡᠭ ᠰᠢᠢᠳᠪᠦᠷᠢᠯᠡᠬᠦ ᠴᠠᠭ ᠤᠨ ᠬᠢᠵᠠᠭᠠᠷ ᠢ ᠴᠢᠩᠳᠠᠯᠠᠵᠤ᠂ ᠶᠠᠷᠰᠢᠭ ᠲᠦᠪᠡᠭᠲᠡᠢ ᠪᠠ ᠲᠦᠭᠦᠮ ᠢ ᠰᠠᠯᠭᠠᠬᠤ ᠶᠢ ᠬᠡᠷᠡᠭᠵᠢᠭᠦᠯᠵᠦ᠂ ᠬᠡᠷᠡᠭ ᠰᠢᠢᠳᠪᠦᠷᠢᠯᠡᠬᠦ ᠠᠬᠢᠴᠠ ᠶᠢ ᠲᠦᠷᠭᠡᠳᠬᠡᠨ᠂ ᠬᠡᠷᠡᠭ ᠢ ᠰᠢᠭᠦᠵᠦ ᠳᠠᠭᠤᠰᠬᠠᠬᠤ ᠨᠤᠷᠮ᠎ᠠ ᠶᠢ ᠳᠡᠭᠡᠭᠰᠢᠯᠡᠭᠦᠯᠪᠡ᠃ ᠬᠡᠷᠡᠭ ᠤᠨ ᠡᠪᠬᠡᠮᠡᠯ ᠢ ᠬᠢᠨᠠᠨ ᠪᠠᠶᠢᠴᠠᠭᠠᠬᠤ ᠪᠠ ᠪᠠᠶᠢᠴᠠᠭᠠᠵᠤ ᠬᠢᠨᠠᠨ ᠬᠠᠷᠭᠤᠭᠤᠯᠬᠤ ᠶᠢ ᠴᠢᠬᠤᠯᠠᠴᠢᠯᠠᠵᠤ᠂ ︽ᠲᠤᠯᠢ ᠮᠠᠶ᠋ᠢᠭ︾ ᠤᠨ ᠬᠢᠨᠠᠯᠲᠠ ᠲᠠᠯᠪᠢᠬᠤ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ   ᠠᠴᠠ ᠵᠥᠷᠢᠴᠡᠭᠰᠡᠨ ᠠᠵᠢᠯᠯᠠᠭ᠎ᠠ ᠳᠤ ᠵᠡᠷᠭᠡ ᠳᠤᠨᠢ ᠬᠢᠨᠠᠯᠲᠠ ᠲᠠᠯᠪᠢᠵᠤ᠂ ᠪᠥᠬᠦ ᠲᠠᠯ᠎ᠠ ᠪᠠᠷ ᠬᠢᠨᠠᠯᠲᠠ ᠲᠠᠯᠪᠢᠬᠤ ᠶᠢ ᠪᠡᠶᠡᠯᠡᠭᠦᠯᠪᠡ᠃      ᠪᠠᠶᠢᠩᠭᠤᠵᠢᠭᠤᠯᠬᠤ ᠶᠢ ᠪᠠᠷᠢᠮᠲᠠᠯᠠᠵᠤ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠠᠵᠢᠯ ᠢ ᠦᠷᠨᠢᠭᠦᠯᠪᠡ      ᠨᠢᠭᠡ ᠬᠡᠷᠡᠭ ᠢ ᠭᠤᠷᠪᠠᠨᠲᠠ ᠪᠠᠶᠢᠴᠠᠭᠠᠬᠤ ᠶᠢ ᠪᠠᠷᠢᠮᠲᠠᠯᠠᠵᠤ᠂ ᠬᠡᠷᠡᠭ ᠤᠨ ᠰᠦᠪᠡᠭᠴᠢ ᠶᠢ ᠨᠠᠷᠢᠨ ᠬᠢᠨᠠᠮᠠᠭᠠᠢ ᠡᠮᠬᠢᠯᠡᠨ ᠲᠣᠳᠣᠯᠠᠵᠤ᠂ ᠬᠡᠷᠡᠭ ᠤᠨ ᠢᠷᠡᠯᠲᠡ ᠬᠤᠮᠰᠠᠳᠠᠵᠤ ᠪᠠᠶᠢᠭ᠎ᠠ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠤᠳᠤᠷᠢᠳᠤᠯᠭ᠎ᠠ ᠠᠴᠠ ᠬᠡᠷᠡᠭ ᠳᠠᠭᠠᠭᠠᠴᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠯᠣᠭᠤᠳᠤᠨ ᠲᠣᠬᠢᠷᠠᠭᠤᠯᠬᠤ ᠪᠠᠨ ᠴᠢᠩᠭᠠᠳᠬᠠᠵᠤ᠂ ᠬᠡᠷᠡᠭ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠪᠠ᠃ ᠪᠠᠶᠢᠴᠠᠭᠠᠵᠤ ᠬᠢᠨᠠᠨ ᠬᠠᠷᠭᠤᠭᠤᠯᠬᠤ᠂ ᠢᠯᠡ ᠪᠠᠷ ᠭᠡᠷᠡᠴᠢᠯᠡᠭᠡ ᠰᠣᠨᠣᠰᠬᠤ᠂ ᠬᠠᠤᠯᠢ ᠶᠢ ᠲᠠᠶᠢᠯᠪᠤᠷᠢᠯᠠᠨ ᠶᠣᠰᠣ ᠶᠠᠷᠢᠬᠤ᠂ ᠲᠣᠭᠤᠷᠢᠭ ᠰᠢᠷᠡᠭᠡᠨ ᠤ ᠬᠤᠷᠠᠯ ᠬᠢᠬᠦ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠤᠯᠠᠨ ᠲᠦᠮᠡᠨ ᠤ ᠵᠠᠷᠭᠤᠯᠳᠤᠭᠠᠨ ᠤ ᠳᠤᠮᠳᠠᠬᠢ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠦᠴᠦᠯᠡᠨ ᠰᠢᠢᠳᠪᠦᠷᠢᠯᠡᠪᠡ᠃ 2023 ᠣᠨ ᠤ 1 ᠳ᠋ᠤᠭᠡᠷ ᠰᠠᠷ᠎ᠠ ᠠᠴᠠ ᠤᠳᠤ ᠪᠣᠯᠲᠠᠯ᠎ᠠ᠂ ᠵᠠᠰᠠᠭ ᠵᠠᠬᠢᠷᠭᠠᠨ ᠤ ᠮᠠᠷᠭᠤᠯᠳᠤᠭᠠᠨ ᠢ 2 ᠬᠤᠪᠢ ᠠᠮᠵᠢᠯᠲᠠ ᠲᠠᠢ ᠪᠠᠷ ᠨᠠᠮᠳᠠᠭᠤᠯᠵᠤ᠂ ᠬᠡᠷᠡᠭ ᠢ ᠳᠠᠭᠤᠰᠬᠠᠨ ᠤᠴᠢᠷ ᠶᠠᠪᠤᠳᠠᠯ ᠢ ᠳᠠᠭᠤᠰᠬᠠᠨ ᠵᠠᠰᠠᠭ ᠤᠨ ᠶᠠᠪᠤᠳᠠᠯ ᠢ ᠨᠠᠶᠢᠷᠠᠮᠳᠠᠭᠤᠯᠬᠤ ᠶᠢ ᠴᠢᠷᠮᠠᠶᠢᠨ ᠪᠡᠶᠡᠯᠡᠭᠦᠯᠵᠦ᠂ ᠪᠠᠶᠢᠴᠠᠭᠠᠬᠤ ᠪᠠᠶᠢᠭᠤᠯᠭ᠎ᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠦᠲᠦᠮᠵᠢᠲᠡᠶ ᠪᠠᠷ ᠳᠡᠭᠡᠭᠰᠢᠯᠡᠭᠦᠯᠪᠡ᠃ ᠬᠡᠷᠡᠭ ᠰᠢᠢᠳᠪᠦᠷᠢᠯᠡᠬᠦ ᠶᠢᠨ ᠵᠡᠷᠭᠡᠴᠡᠭᠡᠪᠡᠷ ᠵᠠᠰᠠᠭ ᠵᠠᠬᠢᠷᠭᠠᠨ ᠤ ᠪᠠᠶᠢᠭᠤᠯᠭ᠎ᠠ ᠯᠤᠭ᠎ᠠ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠶᠢᠭᠤᠯᠬᠤ ᠶᠢ ᠴᠢᠬᠤᠯᠠᠴᠢᠯᠠᠵᠠᠢ᠂ ᠵᠢᠱᠢᠶᠡᠯᠡᠪᠡᠯ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ︽ᠵᠠᠰᠠᠭ ᠵᠠᠬᠢᠷᠭᠠᠨ ᠤ ᠪᠠᠶᠢᠴᠠᠭᠠᠬᠤ ᠪᠠ ᠵᠠᠰᠠᠭ ᠵᠠᠬᠢᠷᠭᠠᠨ ᠤ ᠲᠠᠬᠢᠨ ᠵᠥᠪᠯᠡᠬᠦ ᠶᠢ ᠵᠣᠯᠭᠠᠭᠤᠯᠬᠤ ᠠᠵᠢᠯ ᠢ ᠴᠢᠩᠭᠠᠳᠬᠠᠬᠤ ᠲᠤᠬᠠᠢ ᠰᠠᠨᠠᠯ ︵ᠲᠤᠷᠰᠢᠨ ᠬᠡᠷᠡᠭᠵᠢᠭᠦᠯᠬᠦ︶︾ ᠳᠤ ᠭᠠᠷ ᠤᠨ ᠦᠰᠦᠭ ᠵᠢᠷᠤᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠡᠷᠡᠭ ᠤᠨ ᠪᠠᠶᠢᠳᠠᠯ ᠢ ᠮᠡᠳᠡᠭᠳᠡᠬᠦ᠂ ᠰᠦᠪᠡᠭᠴᠢ ᠶᠢ ᠰᠢᠯᠵᠢᠭᠦᠯᠦᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠠᠵᠢᠯ ᠢ ᠦᠨᠡᠨ ᠬᠦ ᠲᠦᠯᠬᠢᠨ ᠠᠬᠢᠭᠤᠯᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1