ᠲᠣᠭᠲᠠᠬᠤ ᠰᠢᠶᠠᠨ ᠤ 2023 ᠣᠨ ᠤ 1 ︱ 12 ᠳ᠋ᠤᠭᠠᠷ ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/3/28
      2023 ᠣᠨ ᠳᠤ᠂ ᠪᠦᠬᠦ ᠰᠢᠶᠠᠨ ᠢᠶᠠᠷ ᠢᠶᠠᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠵᠢᠯ ᠤᠨ ᠡᠬᠢᠨ ᠠᠴᠠ ᠡᠬᠢᠯᠡᠨ ᠬᠤᠳᠠᠯᠳᠤᠭᠠᠴᠢᠨ ᠤᠷᠢᠬᠤ ᠶᠢ ᠶᠡᠬᠡᠪᠡᠷ ᠠᠳᠬᠤᠬᠤ᠂ ᠲᠦᠷᠦᠯ ᠵᠦᠢᠯ ᠢ ᠶᠡᠬᠡᠪᠡᠷ ᠠᠳᠬᠤᠬᠤ᠂ ᠬᠥᠭᠵᠢᠯᠲᠡ ᠶᠢ ᠶᠡᠬᠡᠪᠡᠷ ᠠᠳᠬᠤᠬᠤ ᠬᠠᠯᠠᠭᠤᠨ ᠥᠷᠨᠢᠯᠲᠡ ᠭᠠᠷᠴᠤ᠂ ᠰᠢᠶᠠᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠢᠨ ᠪᠦᠬᠦ ᠰᠢᠶᠠᠨ ᠤ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠡᠯ᠎ᠡ ᠠᠵᠢᠯ ᠲᠦᠷᠦᠯ ᠤᠨ ᠲᠤᠭ᠎ᠠ ᠪᠦᠷᠢᠳᠬᠡᠯ ᠤᠨ ᠠᠵᠢᠯ ᠢ ᠴᠠᠭ ᠲᠤᠬᠠᠢ  ᠳᠤᠨᠢ ᠮᠥᠷᠳᠡᠨ ᠰᠠᠶᠢᠲᠤᠷ ᠬᠢᠵᠦ᠂ ᠬᠥᠭᠵᠢᠯᠲᠡ ᠶᠢᠨ ᠦᠷ᠎ᠡ ᠪᠦᠲᠦᠭᠡᠯ ᠢ ᠢᠯᠡᠷᠡᠭᠦᠯᠬᠦ ᠪᠠᠷ ᠴᠢᠷᠮᠠᠶᠢᠪᠠ᠃ ᠨᠢᠭᠡ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠰᠢᠶᠠᠨ ᠤ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠴᠥᠮ ᠬᠠᠮᠤᠭ ᠤᠨ ᠳᠣᠣᠷ᠎ᠠ ᠬᠡᠮᠵᠢᠶᠡᠨ ᠳᠤ ᠬᠦᠷᠴᠦ ᠲᠠᠬᠢᠨ ᠨᠡᠮᠡᠭᠳᠡᠬᠦ ᠶᠢ ᠪᠡᠶᠡᠯᠡᠭᠦᠯᠵᠦ᠂ 2017 ᠣᠨ ᠠᠴᠠ ᠨᠠᠰᠢ ᠠᠩᠬ᠎ᠠ ᠤᠳᠠᠭ᠎ᠠ ᠪᠦᠬᠦᠨ ᠢᠶᠠᠷ ᠢᠶᠠᠨ ᠡᠶᠡᠷᠭᠦ ᠨᠡᠮᠡᠭᠳᠡᠯ ᠢ ᠪᠡᠶᠡᠯᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃      ᠨᠢᠭᠡ᠂ ᠲᠣᠭᠲᠠᠬᠤ ᠰᠢᠶᠠᠨ ᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠣᠳᠣᠬᠢ ᠪᠠᠶᠢᠳᠠᠯ      ︵ᠨᠢᠭᠡ︶ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ      ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 228.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 1 ᠵᠠᠭᠤᠨ ᠤ ᠨᠢᠭᠡᠴᠢ ︵ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ 10%︶ ᠠᠴᠠ ᠳᠣᠣᠷ᠎ᠠ ᠪᠠᠶᠢᠵᠤ᠂ ᠶᠡᠷᠦᠩᠬᠡᠢ ᠬᠡᠮᠵᠢᠶ᠎ᠡ᠂ ᠨᠡᠮᠡᠭᠳᠡᠯ ᠤᠨ ᠬᠤᠷᠳᠤᠴᠠ ᠨᠢ ᠴᠥᠮ ᠪᠥᠬᠦ ᠬᠤᠲᠠ ᠶᠢᠨ ᠳᠣᠯᠣᠳᠤᠭᠠᠷ ᠲᠤ ᠵᠢᠭᠰᠠᠭᠠᠭᠳᠠᠵᠠᠢ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 28.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 118.38 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.9% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 81.60 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠨᠡᠮᠡᠭᠳᠡᠪᠡ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 12.42᠄ 51.85 ᠄ 35.73 ᠪᠣᠯᠣᠨ᠎ᠠ᠃      ︵ᠬᠤᠶᠠᠷ︶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠳᠡᠭ᠂ ᠨᠡᠮᠡᠭᠳᠡᠯ ᠥᠷᠳᠡᠭ      1-12 ᠳ᠋ᠤᠭᠠᠷ ᠰᠠᠷ᠎ᠠ ᠳᠤ᠂ ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 38 ᠡᠷᠦᠬᠡ ᠪᠠᠶᠢᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 267.84 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠳᠤ 259.89 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ︔ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.8% ᠨᠡᠮᠡᠭᠳᠡᠵᠦ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 7.8 ᠵᠠᠭᠤᠨ ᠤ ᠨᠢᠭᠡᠴᠢ ︵ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ 23.6%︶ ᠪᠠᠷ ᠪᠥᠬᠦ ᠬᠤᠲᠠ ᠶᠢᠨ ᠵᠢᠷᠭᠤᠳᠤᠭᠠᠷ ᠲᠤ ᠵᠢᠭᠰᠠᠭᠠᠭᠳᠠᠪᠠ᠃      ᠴᠠᠬᠢᠯᠭᠠᠨ ᠬᠦᠴᠦᠨ ᠤ ᠠᠵᠤ ᠦᠢᠯᠡᠰ᠄ 1-12 ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 99.49 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠳᠤ 94.43 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.4% ᠨᠡᠮᠡᠭᠳᠡᠪᠡ᠃ 12 ᠳ᠋ᠤᠭᠠᠷ ᠰᠠᠷ᠎ᠠ ᠶᠢᠨ ᠲᠣᠰ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 9.81 ᠳ᠋ᠦᠩᠰᠢᠭᠤᠷ ᠲᠥᠭᠦᠷᠢᠭ ᠪᠡᠶᠡᠯᠡᠭᠦᠯᠵᠦ᠂ 11 ᠳ᠋ᠤᠭᠡᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 7.27 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠦᠷᠦᠭᠦᠸ ᠰᠠᠷ᠎ᠠ ᠶᠢᠨ  ᠬᠢ ᠠᠴᠠ ᠪᠠᠨ 34.9% ᠪᠠᠷ ᠨᠡᠮᠡᠭᠳᠡᠪᠡ︔ 1-12 ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 35.46 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠳᠤ 33.66 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠨ᠂ ᠪᠥᠬᠦ ᠰᠢᠶᠠᠨ ᠤ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 44.87% ᠶᠢ ᠡᠵᠡᠯᠡᠪᠡ᠃ 12 ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 3.50 ᠳ᠋ᠦᠩᠰᠢᠭᠤᠷ ᠲᠥᠭᠦᠷᠢᠭ ᠪᠡᠶᠡᠯᠡᠭᠦᠯᠵᠦ᠂ 11 ᠳ᠋ᠤᠭᠡᠷ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 2.59 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠦᠷᠦᠭᠦᠸ ᠰᠠᠷ᠎ᠠ ᠶᠢᠨ ᠬᠢ ᠠᠴᠠ ᠪᠠᠨ 35.1% ᠪᠠᠷ ᠨᠡᠮᠡᠭᠳᠡᠪᠡ᠃       ᠲᠡᠮᠦᠷᠯᠢᠭ ᠤᠨ ᠠᠵᠤ ᠦᠢᠯᠡᠰ ᠤᠨ 1-12  ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 66.33 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠳᠤ 86.25 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 23.1% ᠪᠠᠷ ᠪᠠᠭᠤᠷᠠᠵᠤ᠂ 12  ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 5.39 ᠳ᠋ᠦᠩᠰᠢᠭᠤᠷ ᠲᠥᠭᠦᠷᠢᠭ ᠪᠡᠶᠡᠯᠡᠭᠦᠯᠵᠦ᠂ 11 ᠳ᠋ᠤᠭᠡᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 5.62 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠤᠭᠰᠠᠨ ᠬᠡᠮᠵᠢᠶ᠎ᠡ ᠪᠠᠷ ᠢᠶᠠᠨ 4.1% ᠪᠠᠷ ᠪᠠᠭᠤᠷᠠᠪᠠ︔ 1-12 ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠨᠡᠶᠢᠲᠡ 16.14 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠳᠤ 19.72 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 18.2% ᠢᠶᠠᠷ ᠪᠠᠭᠤᠷᠠᠪᠠ︔ ᠡᠨᠡ ᠨᠢ ᠪᠦᠬᠦ ᠰᠢᠶᠠᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 20.43%   ᠶᠢ ᠡᠵᠡᠯᠡᠵᠦ ᠪᠠᠶᠢᠨ᠎ᠠ᠃ 12  ᠳ᠋ᠤᠭᠠᠷ ᠰᠠᠷ᠎ᠠ  ᠶᠢᠨ ᠲᠣᠰ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 1.32 ᠳ᠋ᠦᠩᠰᠢᠭᠤᠷ ᠲᠥᠭᠦᠷᠢᠭ ᠪᠡᠶᠡᠯᠡᠭᠦᠯᠵᠦ᠂ 11 ᠳ᠋ᠤᠭᠡᠷ ᠰᠠᠷ᠎ᠠ ᠳᠤ ᠲᠣᠰ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 1.36 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠦᠷᠦᠭᠦᠸ ᠰᠠᠷ᠎ᠠ ᠶᠢᠨ ᠬᠢ ᠠᠴᠠ ᠪᠠᠨ 2.9% ᠪᠠᠷ ᠪᠠᠭᠤᠷᠠᠪᠠ᠃ ᠦᠢᠯᠡᠳᠬᠦᠨ ᠤ ᠥᠷᠲᠡᠭ᠂ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠰᠢᠯᠲᠠᠭᠠᠨ᠄ ᠭᠤᠸᠠᠩ ᠶᠢᠨ ᠬᠥᠩᠭᠡᠨ ᠴᠠᠭᠠᠨ ᠤ ᠦᠢᠯᠡᠰ ᠪᠠ ᠤᠯᠤᠰ ᠤᠨ ᠴᠠᠬᠢᠯᠭᠠᠨ ᠬᠦᠴᠦᠨ ᠤ ᠡᠬᠢ ᠰᠤᠷᠪᠤᠯᠵᠢ ᠶᠢᠨ ᠦᠢᠯᠡᠳᠪᠦᠷᠢᠯᠡᠯ ᠵᠣᠭᠰᠣᠭᠰᠠᠨ ᠠᠴᠠ ᠦᠢᠯᠡᠳᠬᠦᠨ ᠤ ᠥᠷᠲᠡᠭ᠂ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ ᠪᠠᠭᠤᠷᠠᠪᠠ᠃        ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠄ 1-12  ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 14.74 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠳᠤ 4.25 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 246.8% ᠪᠠᠷ ᠨᠡᠮᠡᠭᠳᠡᠨ᠂ 12  ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 2.67 ᠳ᠋ᠦᠩᠰᠢᠭᠤᠷ ᠲᠥᠭᠦᠷᠢᠭ ᠪᠡᠶᠡᠯᠡᠭᠦᠯᠵᠦ᠂ 11 ᠳ᠋ᠤᠭᠡᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 3.12 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠤᠭᠰᠠᠨ ᠬᠡᠮᠵᠢᠶ᠎ᠡ ᠪᠠᠷ ᠢᠶᠠᠨ 14.4%  ᠪᠠᠷ ᠪᠠᠭᠤᠷᠠᠪᠠ︔ 1-12 ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠨᠡᠶᠢᠲᠡ 3.39 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠳᠤ 0.82 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 313.4% ᠪᠠᠷ ᠨᠡᠮᠡᠭᠳᠡᠪᠡ᠃ ᠡᠨᠡ ᠨᠢ ᠪᠦᠬᠦ ᠰᠢᠶᠠᠨ ᠤ ᠲᠣᠭᠲᠠᠭᠠᠭᠰᠠᠨ ᠠᠵᠤ ᠦᠢᠯᠡᠳᠪᠦᠷᠢ   ᠶᠢᠨ ᠨᠡᠮᠡᠭᠳᠡᠯ ᠥᠷᠲᠡᠭ ᠤᠨ 4.29%   ᠶᠢ ᠡᠵᠡᠯᠡᠵᠦ᠂ 12 ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 0.64 ᠳ᠋ᠦᠩᠰᠢᠭᠤᠷ ᠲᠥᠭᠦᠷᠢᠭ ᠪᠡᠶᠡᠯᠡᠭᠦᠯᠵᠦ᠂ 11 ᠳ᠋ᠤᠭᠡᠷ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ   ᠢ 0.74 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.5% ᠪᠠᠷ ᠳᠣᠷᠣᠭᠰᠢᠯᠠᠵᠠᠢ᠃ ᠦᠢᠯᠡᠳᠬᠦᠨ ᠤ ᠥᠷᠲᠡᠭ᠂ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠰᠢᠯᠲᠠᠭᠠᠨ᠄ ᠲᠦᠷᠦᠭᠦᠸ ᠰᠠᠷ᠎ᠠ ᠳᠤ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ 1 ᠡᠷᠦᠬᠡ᠂ ᠬᠥᠬᠡᠬᠤᠲᠠ ᠶᠢᠨ ᠴᠢᠨ ᠹᠧᠩ ᠬᠡᠢ ᠪᠡᠶᠡᠲᠦ ᠶᠢᠨ ᠬᠢᠵᠠᠭᠠᠷᠲᠤ ᠺᠣᠮᠫᠠᠨᠢ᠂ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠄ ᠡᠨᠡ ᠵᠢᠯ ᠤᠨ ᠵᠠᠬᠢᠶᠠᠯᠠᠭ᠎ᠠ ᠶᠢᠨ ᠬᠠᠭᠤᠳᠠᠰᠤ ᠨᠡᠮᠡᠭᠳᠡᠵᠦ᠂ ᠵᠠᠬ᠎ᠠ ᠳᠡᠯᠭᠡᠭᠦᠷ ᠤᠨ ᠬᠡᠷᠡᠭᠴᠡᠭᠡᠨ ᠤ ᠬᠡᠮᠵᠢᠶ᠎ᠡ ᠨᠡᠮᠡᠭᠳᠡᠵᠦ᠂ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠡᠢ᠃      ᠠᠮᠢᠳᠤ ᠪᠣᠳᠠᠰ ᠤᠨ ᠡᠮ ᠦᠢᠯᠡᠳᠬᠦ ᠠᠵᠤ ᠦᠢᠯᠡᠰ 1-12 ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 56.70 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠳᠤ 47.53 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.3% ᠪᠠᠷ ᠨᠡᠮᠡᠭᠳᠡᠨ᠂ 12 ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 4.84 ᠳ᠋ᠦᠩᠰᠢᠭᠤᠷ ᠲᠥᠭᠦᠷᠢᠭ ᠪᠡᠶᠡᠯᠡᠭᠦᠯᠵᠦ᠂ 11 ᠳ᠋ᠤᠭᠡᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 6.86 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠦᠷᠦᠭᠦᠸ ᠰᠠᠷ᠎ᠠ ᠶᠢᠨ ᠬᠢ ᠠᠴᠠ 29.4% ᠪᠠᠷ ᠪᠠᠭᠤᠷᠠᠵᠤ᠂ 1-12  ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠨᠡᠶᠢᠲᠡ 19.31 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠳᠤ 15.88 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 21.6% ᠪᠠᠷ ᠨᠡᠮᠡᠭᠳᠡᠪᠡ︔ ᠡᠨᠡ ᠨᠢ ᠪᠥᠬᠦ ᠰᠢᠶᠠᠨ ᠤ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 24.44% ᠶᠢ ᠡᠵᠡᠯᠡᠵᠦ᠂ 12 ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 1.66 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 11 ᠳ᠋ᠤᠭᠡᠷ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 1.87 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠦᠷᠦᠭᠦᠸ ᠰᠠᠷ᠎ᠠ ᠶᠢᠨ ᠬᠢ ᠠᠴᠠ ᠪᠠᠨ 11.2% ᠢᠶᠠᠷ ᠪᠠᠭᠤᠷᠠᠪᠠ᠃      ᠪᠤᠰᠤᠳ ᠠᠵᠤ ᠦᠢᠯᠡᠰ 1-12 ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 30.57 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠳᠤ 27.44 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠨ᠂ 12 ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 3.15 ᠳ᠋ᠦᠩᠰᠢᠭᠤᠷ ᠲᠥᠭᠦᠷᠢᠭ ᠪᠡᠶᠡᠯᠡᠭᠦᠯᠵᠦ᠂ 11 ᠳ᠋ᠤᠭᠡᠷ ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 1.19 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠦᠷᠦᠭᠦᠸ ᠰᠠᠷ᠎ᠠ ᠶᠢᠨ ᠬᠢ ᠠᠴᠠ 164.7% ᠪᠠᠷ ᠪᠠᠭᠤᠷᠠᠪᠠ︔ 1-12 ᠳ᠋ᠤᠭᠠᠷ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠨᠡᠶᠢᠲᠡ 4.72 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠳᠤ 4.22 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.8% ᠪᠠᠷ ᠨᠡᠮᠡᠭᠳᠡᠨ᠂ ᠪᠥᠬᠦ ᠰᠢᠶᠠᠨ ᠤ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 5.97% ᠶᠢ ᠡᠵᠡᠯᠡᠪᠡ᠃ 12 ᠳ᠋ᠤᠭᠠᠷ ᠰᠠᠷ᠎ᠠ ᠳᠤ ᠲᠣᠰ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 0.55 ᠳ᠋ᠦᠩᠰᠢᠭᠤᠷ ᠲᠥᠭᠦᠷᠢᠭ ᠪᠡᠶᠡᠯᠡᠭᠦᠯᠵᠦ᠂ 11 ᠳ᠋ᠤᠭᠡᠷ ᠰᠠᠷ᠎ᠠ ᠶᠢᠨ ᠲᠣᠰ ᠰᠠᠷ᠎ᠠ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 0.33 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠦᠷᠦᠭᠦᠸ ᠰᠠᠷ᠎ᠠ ᠶᠢᠨ ᠬᠢ ᠠᠴᠠ ᠪᠠᠨ 66.7% ᠪᠠᠷ ᠨᠡᠮᠡᠭᠳᠡᠪᠡ᠃       ︵ᠭᠤᠷᠪᠠ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      1-12 ᠳ᠋ᠤᠭᠠᠷ ᠰᠠᠷ᠎ᠠ ᠳᠤ᠂ ᠪᠥᠬᠦ ᠰᠢᠶᠠᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 53.9 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠳᠤ 42.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 27.9% ᠪᠠᠷ ᠨᠡᠮᠡᠭᠳᠡᠪᠡ︔ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ   ᠠᠴᠠ 2.4 ᠵᠠᠭᠤᠨ ᠤ ᠨᠢᠭᠡᠴᠢ ︵ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ 25.5%︶ ᠥᠨᠳᠥᠷ ᠪᠠᠶᠢᠵᠤ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠶᠢᠨ ᠨᠡᠷᠡᠰ ᠤᠨ ᠵᠢᠭᠰᠠᠭᠠᠯᠲᠠ ᠳᠤ ᠳᠣᠯᠣᠳᠤᠭᠠᠷ ᠲᠤ ᠵᠢᠭᠰᠠᠭᠠᠭᠳᠠᠵᠤ ︵ᠨᠡᠭᠡᠭᠡᠯᠲᠡ ᠶᠢᠨ ᠲᠣᠭᠤᠷᠢᠭ ᠢ ᠪᠠᠭᠲᠠᠭᠠᠬᠤ ᠦᠭᠡᠢ︶᠂ 5 ᠬᠤᠰᠢᠭᠤ ᠰᠢᠶᠠᠨ ᠲᠣᠭᠤᠷᠢᠭ ᠤᠨ ᠨᠡᠮᠡᠭᠳᠡᠯ ᠤᠨ ᠬᠤᠷᠳᠤᠴᠠ ᠶᠢᠨ ᠨᠡᠷᠡᠰ ᠤᠨ ᠵᠢᠭᠰᠠᠭᠠᠯᠲᠠ ᠳᠤ ᠳᠥᠷᠪᠡᠳᠦᠭᠡᠷ ᠲᠤ ᠣᠷᠣᠪᠠ᠃      ︵ᠳᠥᠷᠪᠡ︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ      1-12 ᠳ᠋ᠤᠭᠠᠷ ᠰᠠᠷ᠎ᠠ ᠳᠤ᠂ ᠪᠥᠬᠦ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 329009.8 ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠳᠤ 293235.1 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ 1.3 ᠵᠠᠭᠤᠨ ᠤ ᠨᠢᠭᠡᠴᠢ ︵ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ 13.5%︶ ᠠᠴᠠ ᠳᠣᠣᠷ᠎ᠠ ᠪᠠᠶᠢᠵᠤ᠂ ᠪᠥᠬᠦ ᠬᠤᠲᠠ ᠶᠢᠨ ᠶᠡᠷᠦᠩᠬᠡᠢ ᠬᠡᠮᠵᠢᠶ᠎ᠡ 7 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ 8 ᠳ᠋ᠤᠭᠠᠷ ᠲᠤ ᠵᠢᠭᠰᠠᠭᠠᠭᠳᠠᠵᠤ᠂ 5 ᠲᠠᠷᠢᠶᠠᠯᠠᠩ ᠤᠨ ᠬᠤᠰᠢᠭᠤ ᠰᠢᠶᠠᠨ ᠤ ᠶᠡᠷᠦᠩᠬᠡᠢ ᠬᠡᠮᠵᠢᠶ᠎ᠡ 3 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ 4 ᠳ᠋ᠤᠭᠠᠷ ᠲᠤ ᠵᠢᠭᠰᠠᠭᠠᠭᠳᠠᠵᠠᠢ᠃      ︵ᠲᠠᠪᠤ︶ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ      1-12 ᠳ᠋ᠤᠭᠠᠷ ᠰᠠᠷ᠎ᠠ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 46162 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠳᠤ 44127 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ   ᠠᠴᠠ 0.1 ᠵᠠᠭᠤᠨ ᠤ ᠨᠢᠭᠡᠴᠢ ︵ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ 4.5%︶ ᠥᠨᠳᠥᠷ ᠪᠣᠯᠵᠤ᠂ ᠪᠥᠬᠦ ᠬᠤᠲᠠ ᠶᠢᠨ 7 ᠬᠤᠰᠢᠭᠤ ᠰᠢᠶᠠᠨ ᠲᠣᠭᠤᠷᠢᠭ ︵ᠰᠢᠨ᠎ᠡ ᠬᠤᠲᠠ ᠲᠣᠭᠤᠷᠢᠭ᠂ ᠬᠤᠲᠣᠩ ᠲᠣᠭᠤᠷᠢᠭ᠂ ᠢᠦᠢ ᠴᠢᠤᠸᠠᠨ ᠲᠣᠭᠤᠷᠢᠭ ᠪᠠᠭᠲᠠᠬᠤ ᠦᠭᠡᠢ︶ ᠤᠨ ᠶᠡᠷᠦᠩᠬᠡᠢ ᠬᠡᠮᠵᠢᠶ᠎ᠡ ᠶᠢᠨ ᠨᠡᠷᠡᠰ ᠤᠨ ᠵᠢᠭᠰᠠᠭᠠᠯᠲᠠ ᠳᠤ 2 ᠳ᠋ᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠶᠢᠨ ᠨᠡᠷᠡᠰ ᠤᠨ ᠵᠢᠭᠰᠠᠭᠠᠯᠲᠠ ᠳᠤ 5 ᠳ᠋ᠤᠭᠠᠷ ᠲᠤ ᠣᠷᠣᠪᠠ︔ 5 ᠲᠠᠷᠢᠶᠠᠯᠠᠩ ᠤᠨ ᠬᠤᠰᠢᠭᠤ ᠰᠢᠶᠠᠨ ᠤ ᠶᠡᠷᠦᠩᠬᠡᠢ ᠬᠡᠮᠵᠢᠶ᠎ᠡ ᠨᠢ ᠨᠢᠭᠡᠳᠦᠭᠡᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ ᠲᠠᠪᠤᠳᠤᠭᠠᠷ ᠲᠤ ᠵᠢᠭᠰᠠᠭᠠᠭᠳᠠᠵᠠᠢ᠃      ︵ᠵᠢᠷᠭᠤᠭ᠎ᠠ︶ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ      ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 24612 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠳᠤ 23095 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠨ᠂ ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ ᠲᠠᠢ ᠲᠡᠩᠴᠡᠪᠡ ︵ᠪᠥᠬᠦ ᠬᠤᠲᠠ ᠶᠢᠨ ᠨᠡᠮᠡᠭᠳᠡᠯ ᠤᠨ ᠬᠤᠷᠳᠤᠴᠠ 6.6%︶᠂ ᠪᠥᠬᠦ ᠬᠤᠲᠠ ᠶᠢᠨ 7 ᠬᠤᠰᠢᠭᠤ ᠰᠢᠶᠠᠨ ᠲᠣᠭᠤᠷᠢᠭ ︵ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠢ ᠴᠢᠤᠸᠠᠨ ᠲᠣᠭᠤᠷᠢᠭ ᠪᠠᠭᠲᠠᠬᠤ ᠦᠭᠡᠢ︶ ᠤᠨ ᠶᠡᠷᠦᠩᠬᠡᠢ ᠬᠡᠮᠵᠢᠶ᠎ᠡ ᠪᠠᠷ 3 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠪᠠᠷ 5 ᠳ᠋ᠤᠭᠠᠷ ᠲᠤ ᠵᠢᠭᠰᠠᠭᠠᠭᠳᠠᠪᠠ︔ 5 ᠲᠠᠷᠢᠶᠠᠯᠠᠩ ᠤᠨ ᠬᠤᠰᠢᠭᠤ ᠰᠢᠶᠠᠨ ᠤ ᠶᠡᠷᠦᠩᠬᠡᠢ ᠬᠡᠮᠵᠢᠶ᠎ᠡ ᠨᠢ 2 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ 5 ᠳ᠋ᠤᠭᠠᠷ ᠲᠤ ᠵᠢᠭᠰᠠᠭᠠᠭᠳᠠᠵᠠᠢ᠃      ︵ᠲᠤᠯᠤᠭ᠎ᠠ︶ ᠦᠢᠯᠡᠴᠢᠯᠡᠭᠡᠨ ᠤ ᠦᠢᠯᠡᠰ      12 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠲᠤᠭᠳᠠᠬᠤ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠨᠡᠶᠢᠲᠡ 7 ᠡᠷᠦᠬᠡ ᠪᠠᠶᠢᠵᠤ᠂ 1-12 ᠳ᠋ᠤᠭᠠᠷ ᠰᠠᠷ᠎ᠠ ᠳᠤ ᠨᠡᠶᠢᠲᠡ 22580.4 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ  ᠬᠢ ᠲᠠᠢ ᠬᠠᠷᠢᠴᠠᠭᠤᠯᠪᠠᠯ 10.89% ᠶᠢᠨ ᠨᠡᠮᠡᠭᠳᠡᠯ ᠤᠨ ᠬᠤᠷᠳᠤᠴᠠ ᠲᠠᠢ ᠪᠣᠯᠵᠠᠢ᠃      ᠠᠵᠢᠯ ᠲᠥᠷᠥᠯ ᠤᠨ ᠲᠥᠷᠥᠯ ᠶᠡᠭᠡ ᠲᠥᠷᠥᠯ ᠢᠶᠠᠷ ᠨᠢ 3 ᠲᠥᠷᠥᠯ ᠳᠤ ᠬᠤᠪᠢᠶᠠᠨ᠎ᠠ᠄ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ︔ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ︔ ᠤᠰᠤᠨ ᠠᠰᠢᠭᠯᠠᠯᠲᠠ᠂ ᠣᠷᠴᠢᠨ ᠠᠬᠤᠢ ᠪᠠ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠃ ᠡᠭᠦᠨ ᠳᠤ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ 3 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢ ᠨᠡᠶᠢᠲᠡ 16570.5 ᠲᠦᠮᠡᠨ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ 3.17% ᠪᠣᠯᠣᠨ᠎ᠠ︔ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ 2 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢ ᠨᠡᠶᠢᠲᠡ 2615.7 ᠲᠦᠮᠡᠨ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ 33.21% ᠬᠦᠷᠴᠡᠢ︔ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ 2 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢ ᠨᠡᠶᠢᠲᠡ 3394.2 ᠲᠦᠮᠡᠨ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ  ᠬᠢ ᠲᠠᠢ ᠬᠠᠷᠢᠴᠠᠭᠤᠯᠪᠠᠯ ᠨᠡᠮᠡᠭᠳᠡᠯ ᠤᠨ ᠬᠤᠷᠳᠤᠴᠠ ᠨᠢ 45.24% ᠳᠤ ᠬᠦᠷᠴᠡᠢ᠃      ︵ᠨᠠᠢᠮᠠ︶ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ      1-12 ᠳ᠋ᠤᠭᠠᠷ ᠰᠠᠷ᠎ᠠ ᠳᠤ᠂ ᠪᠥᠬᠦ ᠰᠢᠶᠠᠨ ᠤ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 84.1 ᠳ᠋ᠦᠩᠰᠢᠭᠤᠷ ᠭᠷᠡᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.04% ᠪᠠᠷ ᠨᠡᠮᠡᠭᠳᠡᠵᠡᠢ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 0.94 ᠳ᠋ᠦᠩᠰᠢᠭᠤᠷ ᠭᠷᠡᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.12% ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 1.12% ᠢ ᠡᠵᠡᠯᠡᠪᠡ︔ ᠬᠤᠶᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 80.04 ᠳ᠋ᠦᠩᠰᠢᠭᠤᠷ ᠭᠷᠡᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 95.16% ᠶᠢ ᠡᠵᠡᠯᠡᠪᠡ᠂ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 74.42 ᠳ᠋ᠦᠩᠰᠢᠭᠤᠷ ᠭᠷᠡᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.58% ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 88.49% ᠶᠢ ᠡᠵᠡᠯᠡᠪᠡ︔ ᠭᠤᠷᠪᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 1.61 ᠳ᠋ᠦᠩᠰᠢᠭᠤᠷ ᠭᠷᠡᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.4% ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 1.91% ᠶᠢ ᠡᠵᠡᠯᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ 1.52 ᠳ᠋ᠦᠩᠰᠢᠭᠤᠷ ᠭᠷᠡᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.63% ᠪᠠᠷ ᠨᠡᠮᠡᠭᠳᠡᠨ᠂ ᠪᠥᠬᠦ ᠨᠡᠶᠢᠭᠡᠮ ᠤᠨ ᠬᠡᠷᠡᠭᠯᠡᠭᠰᠡᠨ ᠴᠠᠬᠢᠯᠭᠠᠨ ᠤ ᠬᠡᠮᠵᠢᠶ᠎ᠡ ᠶᠢᠨ 1.81% ᠶᠢ ᠡᠵᠡᠯᠡᠪᠡ᠃      ᠬᠤᠶᠠᠷ᠂ ᠮᠠᠨ ᠤ ᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠳᠤᠮᠳᠠᠬᠢ ᠪᠠᠭᠤᠷᠠᠢ ᠲᠠᠯ᠎ᠠ      ︵ᠨᠢᠭᠡ︶ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠨᠢ ᠠᠳᠠᠯᠢ ᠦᠭᠡᠢ᠂ ᠲᠣᠭᠲᠠᠪᠤᠷᠢᠲᠤ ᠴᠢᠨᠠᠷ ᠢᠶᠠᠷ ᠠᠨᠠᠢ᠃      ︵ᠬᠤᠶᠠᠷ︶ ᠦᠢᠯᠡᠴᠢᠯᠡᠭᠡᠨ ᠤ ᠦᠢᠯᠡᠰ ᠤᠨ ᠪᠦᠬᠦ᠋ᠢᠯᠡ ᠠᠵᠢᠯ ᠲᠥᠷᠥᠯ ᠨᠡᠯᠢᠶᠡᠳ ᠪᠠᠭᠤᠷᠠᠢ᠃       ︵ᠭᠤᠷᠪᠠ︶ ᠠᠷᠠᠯᠵᠢᠶᠠᠨ ᠤ ᠲᠤᠰᠬᠠᠢ ᠮᠡᠷᠭᠡᠵᠢᠯ ᠤᠨ ᠪᠦᠬᠦᠯᠢ ᠴᠣᠭᠴᠠ ᠶᠢᠨ ᠠᠵᠢᠯ ᠲᠥᠷᠥᠯ ᠤᠨ ᠠᠩᠭᠢᠯᠠᠯ ᠨᠢ ᠨᠡᠯᠢᠶᠡᠳ ᠲᠠᠩ ᠴᠤᠯᠭᠤᠢ ᠪᠠᠶᠢᠳᠠᠭ᠃      ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠵᠢᠴᠢ ᠰᠠᠨᠠᠭᠤᠯᠭ᠎ᠠ      ︵ᠨᠢᠭᠡ︶ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠰᠠᠭᠤᠷᠢ ᠶᠢ ᠪᠠᠬᠢᠵᠢᠭᠦᠯᠦᠨ᠎ᠡ᠃ ᠢᠷᠡᠯᠲᠡ᠄  ᠲᠤᠭᠳᠠᠬᠤ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1