ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠣᠨᠣᠷ ᠤᠨ ᠵᠠᠮᠳᠡᠭᠴᠦᠳ ᠢ ᠬᠠᠪᠰᠤᠷᠤᠨ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠶ᠎ᠡ︾ ᠪᠦᠬᠦ ᠤᠯᠤᠰ ᠤᠨ ᠴᠢᠬᠢ ᠪᠠᠨ ᠬᠠᠶᠢᠷᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/4
      2024 ᠣᠨ ᠤ 3 ᠳ᠋ᠤᠭᠠᠷ ᠰᠠᠷ᠎ᠠ ᠶᠢᠨ 3 ᠤ ᠡᠳᠦᠷ ᠪᠣᠯ 25 ᠳ᠋ᠤᠭᠠᠷ ᠪᠥᠬᠦ ᠤᠯᠤᠰ ᠤᠨ ︽ᠴᠢᠬᠢ ᠪᠠᠨ ᠬᠠᠶᠢᠷᠠᠯᠠᠬᠤ ᠡᠳᠦᠷ︾ ᠪᠣᠯᠣᠨ᠎ᠠ᠃ ᠰᠣᠨᠣᠷ ᠤᠨ ᠵᠡᠮᠳᠡᠭ ᠪᠣᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠴᠢᠩᠭᠠᠳᠬᠠᠬᠤ ᠶᠢᠨ ᠲᠤᠰᠠᠳᠠ᠂ ᠪᠥᠬᠦ ᠨᠡᠶᠢᠭᠡᠮ ᠤᠨ ᠰᠣᠨᠣᠷ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠢ ᠴᠢᠩᠭᠠᠳᠬᠠᠬᠤ ᠶᠢᠨ ᠲᠦᠯᠦᠭᠡ᠂ 3 ᠳ᠋ᠤᠠᠭᠷ ᠰᠠᠷ᠎ᠠ ᠶᠢᠨ 1 ᠤ ᠡᠳᠦᠷ᠂ ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠲᠣᠭᠲᠠᠬᠤ ᠰᠢᠶᠠᠨ ᠤ ᠰᠠᠷᠭᠠᠢ ᠴᠡᠴᠡᠷᠯᠢᠭ ᠤᠨ ᠲᠠᠯᠠᠪᠠᠢ ᠳᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠣᠨᠣᠷ ᠤᠨ ᠵᠠᠮᠳᠡᠭᠴᠦᠳ ᠢ ᠲᠤᠰᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠶ᠎ᠡ︾ ᠪᠦᠬᠦ ᠤᠯᠤᠰ ᠤᠨ ᠴᠢᠬᠢ ᠬᠠᠶᠢᠷᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠰᠠᠶᠢᠨ ᠳᠤᠷ᠎ᠠ ᠶᠢᠨ ᠠᠵᠢᠯᠯᠠᠭᠴᠢᠳ ᠤᠯᠠᠨ ᠲᠦᠮᠡᠨ ᠳᠤ ᠵᠡᠮᠳᠡᠭᠴᠦᠳ ᠲᠤ ᠲᠤᠰᠠᠯᠠᠬᠤ ᠪᠠᠭᠠᠵᠢ ᠬᠡᠷᠡᠭᠰᠡᠯ ᠤᠨ ᠮᠡᠳᠡᠯᠭᠡ ᠶᠢᠨ ᠭᠠᠷ ᠳᠡᠪᠲᠡᠷ᠂ ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠲᠣᠳᠣᠷᠬᠠᠢ ᠺᠠᠷᠲ ᠣᠯᠭᠤᠵᠤ᠂ ᠵᠡᠮᠳᠡᠭᠴᠦᠳ ᠲᠤ ᠠᠰᠢᠭ ᠬᠦᠷᠲᠡᠭᠡᠬᠦ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠰᠢᠨᠵᠢᠯᠡᠬᠦ ᠤᠬᠠᠭᠠᠨᠴᠢ ᠪᠠᠷ ᠴᠢᠬᠢ ᠪᠠᠨ ᠬᠠᠶᠢᠷᠠᠯᠠᠵᠤ ᠴᠢᠬᠢ ᠪᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠣᠨᠣᠷ ᠤᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠯᠭᠡᠵᠦ᠂ ᠤᠯᠠᠨ ᠲᠦᠮᠡᠨ ᠤ ᠴᠢᠬᠢ ᠪᠠᠨ ᠬᠠᠶᠢᠷᠠᠯᠠᠬᠤ᠂ ᠴᠢᠬᠢ ᠪᠠᠨ ᠬᠠᠮᠠᠭᠠᠯᠠᠬᠤ ᠪᠠ ᠴᠢᠬᠢᠨ ᠤ ᠡᠪᠡᠳᠴᠢᠨ ᠡᠮᠭᠡᠭ ᠢ ᠰᠡᠷᠭᠡᠶᠢᠯᠡᠬᠦ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠵᠦ᠂ ᠥᠷᠭᠡᠨ ᠤᠯᠠᠨ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠵᠠᠢ᠃      ᠣᠶᠢᠯᠠᠭᠠᠭᠰᠠᠨ ᠢᠶᠠᠷ᠂ ᠲᠤᠭᠳᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠢᠳᠡᠪᠬᠢᠲᠡᠢ ᠵᠣᠬᠢᠶᠠᠨ ᠪᠠᠶᠢᠭᠤᠯᠤᠨ᠂ ᠴᠢᠬᠢ ᠬᠠᠶᠢᠷᠠᠯᠠᠬᠤ ᠡᠳᠦᠷ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠡᠮᠦᠨᠡᠬᠢ ᠬᠤᠭᠤᠴᠠᠭᠠᠨ ᠤ  ᠵᠢᠭᠰᠠᠭᠠᠨ ᠪᠠᠶᠢᠴᠠᠭᠠᠬᠤ ᠠᠵᠢᠯ ᠳᠤ ᠰᠣᠨᠣᠷ ᠲᠤᠳᠤᠤᠡᠬᠠᠭᠤᠷ ᠲᠠᠢ ᠵᠡᠮᠳᠡᠭᠴᠦᠳ ᠲᠤ ᠳᠠᠩᠰᠠᠯᠠᠯᠲᠠ ᠬᠢᠵᠦ᠂ 2 ᠳ᠋ᠤᠭᠠᠷ ᠰᠠᠷ᠎ᠠ ᠶᠢᠨ 29 ᠤ ᠡᠳᠦᠷ ᠲᠤᠭᠳᠠᠬᠤ ᠰᠢᠶᠠᠨ ᠤ ᠵᠡᠮᠳᠡᠭᠴᠦᠳ ᠤᠨ ᠪᠤᠯᠪᠠᠰᠤᠷᠠᠯ  ᠤᠨ ᠠᠵᠢᠯ ᠣᠯᠭᠤᠯᠲᠠ ᠶᠢᠨ ᠲᠥᠪ ᠲᠤ ᠪᠥᠬᠦ ᠰᠢᠶᠠᠨ ᠤ 50 ᠨᠡᠷᠡᠰ ᠰᠣᠨᠣᠷ ᠲᠤᠳᠤᠤᠡᠬᠠᠭᠤᠷ ᠲᠣᠬᠢᠷᠠᠭᠤᠯᠵᠤ ᠥᠭᠴᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1