ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠪᠣᠷᠤᠯᠠᠭᠤᠯᠭ᠎ᠠ᠂ ᠰᠡᠯᠪᠢᠨ ᠵᠠᠰᠠᠬᠤ ᠭᠤᠭᠴᠤᠭ᠎ᠠ ᠳᠤ ᠲᠤᠰᠬᠠᠢ ᠪᠠᠶᠢᠴᠠᠭᠠᠯᠲᠠ ᠬᠢᠵᠡᠢ
ᠨᠡᠶᠢᠲᠡᠯᠡᠭᠰᠡᠨ ᠴᠠᠭ᠄
2024/3/4
      ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠦᠶᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠨ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 29 ᠤ ᠡᠳᠦᠷ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠠᠴᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ᠂ ᠰᠡᠯᠪᠢᠨ ᠵᠠᠰᠠᠬᠤ ᠭᠤᠭᠴᠤᠭ᠎ᠠ ᠳᠤ ᠲᠤᠰᠬᠠᠢ ᠪᠠᠶᠢᠴᠠᠭᠠᠯᠲᠠ ᠬᠢᠪᠡ᠃      ᠲᠣᠰ ᠤᠳᠠᠭᠠᠨ ᠤ ᠪᠠᠶᠢᠴᠠᠭᠠᠯᠲᠠ ᠳᠤ ᠭᠤᠣᠯᠳᠠᠭᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠪᠣᠷᠣᠯᠠᠭᠤᠯᠤᠭᠴᠢ᠂ ᠰᠡᠯᠪᠢᠨ ᠵᠠᠰᠠᠭᠴᠢ᠂ ᠰᠡᠯᠪᠢᠭ ᠲᠣᠨᠤᠭ ᠤᠨ ᠪᠣᠷᠣᠯᠠᠭᠤᠯᠤᠭᠴᠢ ᠠᠴᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠂ ᠨᠡᠶᠢᠯᠡᠭᠦᠯᠵᠦ ᠤᠭᠰᠠᠷᠠᠬᠤ᠂ ᠥᠭᠡᠷᠡᠲᠦᠭᠦᠯᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠪᠠ︔ ᠵᠢᠴᠢ CCC ᠭᠡᠷᠡᠴᠢᠯᠡᠭᠡ ᠬᠢᠯᠭᠡᠭᠰᠡᠨ ᠦᠭᠡᠢ᠂ ᠤᠯᠤᠰ ᠤᠨ ᠰᠢᠨ᠎ᠡ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ ᠭᠡᠷᠡᠴᠢᠯᠡᠯ ᠤᠨ ᠲᠡᠮᠳᠡᠭ ᠢ ᠬᠠᠭᠤᠷᠮᠠᠭᠯᠠᠨ ᠵᠣᠬᠢᠶᠠᠭᠰᠠᠨ ᠪᠤᠶᠤ ᠬᠠᠭᠤᠷᠮᠠᠭᠯᠠᠨ ᠬᠡᠷᠡᠭᠯᠡᠭᠰᠡᠨ ᠵᠡᠷᠭᠡ ᠬᠠᠤᠯᠢ ᠪᠤᠰᠤ ᠪᠠᠷ ᠦᠢᠯᠡᠳᠪᠦᠷᠢᠯᠡᠨ ᠪᠣᠷᠣᠯᠠᠭᠤᠯᠤᠭᠰᠠᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠪᠠ᠃      ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠩ ᠲᠡᠷᠢᠭᠦᠨ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ᠂ ᠳᠡᠯᠭᠡᠭᠦᠷ ᠫᠦᠰᠡ ᠶᠢ ᠰᠡᠯᠪᠢᠨ ᠵᠠᠰᠠᠬᠤ ᠳᠤ ᠡᠵᠡᠩᠨᠡᠯᠲᠡ ᠶᠢᠨ ᠦᠨᠡᠮᠯᠡᠯ ᠠᠪᠤᠭᠰᠠᠨ ᠡᠰᠡᠬᠦ᠂ ᠳᠡᠩᠰᠡᠯᠡᠵᠦ ᠵᠥᠪᠰᠢᠶᠡᠷᠡᠭᠰᠡᠨ ᠬᠡᠪᠴᠢᠶᠡᠨ ᠠᠴᠠ ᠬᠡᠲᠦᠷᠡᠭᠦᠯᠦᠨ ᠡᠵᠡᠩᠨᠡᠵᠦ ᠪᠠᠶᠢᠬᠤ ᠡᠰᠡᠬᠦ ᠵᠡᠷᠭᠡ ᠶᠢ ᠪᠠᠶᠢᠴᠠᠭᠠᠪᠠ᠃ ᠡᠭᠦᠨ ᠤ ᠬᠠᠮᠲᠤ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠲᠣᠭᠲᠠᠭᠠᠭᠰᠠᠨ ᠡᠰᠡᠬᠦ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ︽ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ︾ ᠪᠠᠶᠢᠬᠤ ᠡᠰᠡᠬᠦ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ ᠳᠡᠭᠡᠷ᠎ᠡ ᠬᠢᠲᠠᠳ ᠪᠢᠴᠢᠭ ᠢᠶᠠᠷ ᠲᠣᠳᠣᠷᠬᠠᠢ ᠲᠡᠮᠳᠡᠭᠯᠡᠭᠰᠡᠨ ᠦᠢᠯᠡᠳᠬᠦᠨ ᠤ ᠨᠡᠷᠡᠶᠢᠳᠦᠯ᠂ ᠦᠢᠯᠡᠳᠬᠦ ᠬᠤᠳᠠᠯᠳᠤᠭᠠᠴᠢᠨ ᠪᠤᠶᠤ ᠲᠠᠸᠠᠷ ᠤᠨ ᠲᠡᠮᠳᠡᠭ᠂ ᠦᠢᠯᠡᠳᠪᠦᠷᠢᠯᠡᠬᠦ ᠦᠢᠯᠡᠳᠪᠦᠷᠢ ᠵᠢᠴᠢ ᠬᠠᠶ᠋ᠢᠭ ᠪᠠᠶᠢᠬᠤ ᠡᠰᠡᠬᠦ᠂ ᠬᠠᠮᠤᠭ ᠤᠨ ᠥᠨᠳᠥᠷ ᠵᠢᠷᠤᠵᠤ ᠲᠥᠯᠥᠪᠯᠡᠭᠰᠡᠨ ᠲᠡᠷᠭᠡᠨ ᠤ ᠬᠤᠷᠳᠤᠴᠠ᠂ ᠪᠦᠬᠦᠯᠢ ᠲᠡᠷᠭᠡᠨ ᠤ ᠶᠠᠰᠤ ᠴᠢᠨᠠᠷ᠂ ᠴᠠᠬᠢᠯᠭᠠᠨ ᠬᠥᠳᠡᠯᠭᠡᠭᠦᠷ ᠤᠨ ᠴᠢᠳᠠᠮᠵᠢ ᠪᠠ ᠨᠣᠷᠮ᠎ᠠ ᠴᠠᠬᠢᠯᠭᠠᠨ ᠬᠦᠴᠦᠳᠡᠯ᠂ ᠴᠡᠨᠡᠭ ᠤᠨ ᠲᠥᠷᠥᠯ ᠵᠦᠢᠯ ᠵᠡᠷᠭᠡ ᠮᠡᠳᠡᠭᠡ ᠵᠠᠩᠭᠢ ᠪᠠᠶᠢᠬᠤ ᠡᠰᠡᠬᠦ ᠶᠢ ᠪᠠᠶᠢᠴᠠᠭᠠᠪᠠ᠃ ᠣᠲᠣ ᠪᠣᠯᠲᠠᠯ᠎ᠠ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠪᠣᠷᠤᠯᠠᠭᠤᠯᠭ᠎ᠠ ᠶᠢ ᠪᠠᠶᠢᠴᠠᠭᠠᠵᠤ᠂ 10 ᠳᠡᠯᠭᠡᠭᠦᠷ ᠫᠦᠰᠡ ᠶᠢ ᠰᠡᠯᠪᠢᠨ ᠵᠠᠰᠠᠵᠤ᠂ ᠣᠯᠵᠤ ᠮᠡᠳᠡᠭᠰᠡᠨ ᠠᠰᠠᠭᠤᠳᠠᠯ ᠢ ᠬᠤᠳᠠᠯᠳᠤᠭᠠᠴᠢᠳ ᠲᠤ ᠳᠠᠷᠤᠶᠢᠬᠠᠨ ᠴᠡᠭᠴᠡᠯᠡᠨ ᠵᠠᠰᠠᠬᠤ ᠶᠢ ᠱᠠᠭᠠᠷᠳᠠᠵᠤ᠂ ᠣᠲᠣ ᠨᠢᠭᠡᠨᠲᠡ ᠴᠡᠭᠴᠡᠯᠡᠨ ᠵᠠᠰᠠᠵᠤ ᠳᠠᠭᠤᠰᠬᠠᠪᠠ᠃      ᠲᠣᠰ ᠤᠳᠠᠭᠠᠨ ᠤ ᠲᠤᠰᠬᠠᠢ ᠪᠠᠶᠢᠴᠠᠭᠠᠯᠲᠠ ᠪᠠᠷ ᠳᠡᠮᠵᠢᠨ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠡᠵᠡᠩᠨᠡᠬᠦ᠂ ᠰᠡᠯᠪᠢᠨ ᠵᠠᠰᠠᠬᠤ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠪᠣᠷᠣᠯᠠᠭᠤᠯᠬᠤ᠂ ᠥᠭᠡᠷᠡᠴᠢᠯᠡᠨ ᠲᠣᠨᠣᠭᠯᠠᠬᠤ ᠠᠰᠠᠭᠤᠳᠠᠯ ᠳᠤ ᠴᠢᠩᠭ᠎ᠠ ᠴᠣᠬᠢᠯᠲᠠ ᠥᠭᠴᠦ᠂ ᠬᠠᠷᠢᠶ᠎ᠠ ᠣᠷᠣᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠪᠣᠯᠣᠨ ᠶᠠᠰᠤ ᠴᠢᠨᠠᠷ ᠤᠨ ᠣᠷᠴᠢᠨ ᠲᠣᠭᠤᠷᠢᠨ ᠢ ᠦᠨᠡᠨᠬᠦ ᠵᠢᠷᠤᠮᠵᠢᠭᠤᠯᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1