ᠥᠪᠥᠷ ᠮᠣᠩᠭᠤᠯ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠬᠤᠲᠠ︾ ᠪᠠ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠰᠢᠶᠠᠩ ᠪᠠᠯᠭᠠᠰᠤ︾ ᠶᠢᠨ ᠨᠡᠷᠡᠰ ᠢ ᠨᠡᠶᠢᠲᠡᠯᠡᠪᠡ ᠲᠣᠭᠲᠠᠬᠤ ᠰᠢᠶᠠᠨ ᠤ ᠱᠤᠸᠠᠩ ᠾᠧ ᠪᠠᠯᠭᠠᠰᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠰᠢᠶᠠᠩ ᠪᠠᠯᠭᠠᠰᠤ︾ ᠶᠢᠨ ᠢᠷᠠᠭᠤ ᠠᠯᠳᠠᠷ ᠢ ᠭᠥᠷ᠊
ᠨᠡᠶᠢᠲᠡᠯᠡᠭᠰᠡᠨ ᠴᠠᠭ᠄
2024/3/4
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ᠂ ᠬᠢᠩᠭᠠᠨ ᠠᠶᠢᠮᠠᠭ ᠤᠨ ᠷᠠᠰᠢᠶᠠᠨ ᠬᠤᠲᠠ ᠵᠡᠷᠭᠡ 5 ᠰᠢᠶᠠᠨ ︵ᠬᠤᠲᠠ᠂ ᠲᠣᠭᠤᠷᠢᠭ︶ ᠳᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠬᠤᠲᠠ︾ ᠶᠢᠨ ᠴᠣᠯᠠ ᠣᠯᠭᠤᠵᠤ᠂ ᠬᠥᠬᠡᠬᠤᠲᠠ ᠶᠢᠨ ᠲᠣᠭᠲᠠᠬᠤ ᠰᠢᠶᠠᠨ ᠤ ᠱᠤᠸᠠᠩ ᠾᠧ ᠪᠠᠯᠭᠠᠰᠤ᠂ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠮᠠᠶᠢᠳᠠᠷᠢ ᠶᠢᠨ ᠵᠣᠣ ᠪᠠᠯᠭᠠᠰᠤ ᠵᠡᠷᠭᠡ 14 ᠰᠢᠶᠠᠩ ︵ᠪᠠᠯᠭᠠᠰᠤ᠂ ᠰᠤᠮᠤ︶ ᠳᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠰᠢᠶᠠᠩ ᠪᠠᠯᠭᠠᠰᠤ︾ ᠶᠢᠨ ᠴᠣᠯᠠ ᠣᠯᠭᠤᠪᠠ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠠᠬᠢᠭᠤᠯᠬᠤ᠂ ᠬᠤᠲᠠ ᠬᠥᠳᠡᠭᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠬᠦᠴᠦᠲᠡᠢ ᠭᠠᠷᠳᠠᠴᠠ ᠪᠣᠯᠤᠭᠰᠠᠨ ᠤ ᠬᠤᠪᠢ ᠳᠤ᠂ 2020 ᠣᠨ ᠤ 4 ᠳ᠋ᠤᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠬᠠᠮᠲᠤᠷᠠᠨ ᠮᠡᠳᠡᠭᠳᠡᠯ ᠪᠠᠭᠤᠯᠭᠠᠵᠤ᠂ ᠪᠥᠬᠦ ᠣᠷᠣᠨ ᠤ ᠬᠡᠪᠴᠢᠶᠡᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠣᠶ ᠰᠢᠭᠤᠢ ᠶᠢᠨ ᠬᠤᠲᠠ᠂ ᠣᠶ ᠰᠢᠭᠤᠢ ᠶᠢᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠪᠡ᠃ ᠡᠭᠦᠳᠦᠨ ᠪᠠᠶᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠭᠠᠵᠠᠷ ᠤᠨ ᠬᠢᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠶᠢ ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠤᠢ ᠰᠢᠭᠤᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠮᠢ ᠠᠬᠤᠢ ᠶᠢᠨ ᠦᠢᠯᠡᠴᠢᠯᠡᠭᠡᠨ ᠤ ᠴᠢᠳᠠᠮᠵᠢ ᠶᠢ ᠦᠨᠡᠨ ᠬᠦ ᠴᠢᠩᠭᠠᠷᠠᠭᠤᠯᠵᠤ᠂ ᠤᠢ ᠰᠢᠭᠤᠢ ᠶᠢᠨ ᠬᠤᠳᠠ᠂ ᠤᠢ ᠰᠢᠭᠤᠢ ᠶᠢᠨ ᠰᠢᠶᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠠ ᠦᠭᠡᠢ ᠲᠦᠯᠬᠢᠨ ᠠᠬᠢᠭᠤᠯᠪᠠ᠃ 2024 ᠣᠨ ᠳᠤ᠂ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠲᠠᠰ ᠤᠨ ᠣᠶ ᠰᠢᠭᠤᠢ ᠶᠢᠨ ᠬᠤᠲᠠ 4᠂ ᠣᠶ ᠰᠢᠭᠤᠢ ᠶᠢᠨ ᠰᠢᠶᠠᠩ ᠪᠠᠯᠭᠠᠰᠤ 15 ᠶᠢ ᠦᠷᠭᠦᠯᠵᠢᠯᠡᠨ ᠡᠭᠦᠳᠦᠨ ᠪᠠᠶᠢᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1