ᠲᠣᠭᠲᠠᠬᠤ ᠰᠢᠶᠠᠨ ᠪᠣᠯᠣᠨ ᠳᠤᠮᠳᠠᠳᠤ ᠤᠯᠤᠰ ᠤᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠨᠡᠶᠢᠭᠡᠮᠯᠢᠭ ᠲᠣᠭᠲᠠᠬᠤ ᠰᠢᠶᠠᠨ ᠤ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠬᠥᠭᠵᠢᠯᠲᠡ ᠶᠢ ᠬᠠᠮᠲᠤᠪᠠᠷ ᠠᠬᠢᠭᠤᠯᠬᠤ ᠵᠥᠪᠯᠡᠯᠴᠡᠭᠡᠷ ᠲᠣᠭᠲᠠᠵᠠᠢ
ᠨᠡᠶᠢᠲᠡᠯᠡᠭᠰᠡᠨ ᠴᠠᠭ᠄
2024/3/4
      2 ᠳ᠋ᠤᠭᠠᠷ ᠰᠠᠷ᠎ᠠ ᠶᠢᠨ 29  ᠤ ᠡᠳᠦᠷ᠂ ᠲᠣᠭᠲᠠᠬᠤ ᠰᠢᠶᠠᠨ ᠪᠣᠯᠣᠨ ᠳᠤᠮᠳᠠᠳᠤ ᠤᠯᠤᠰ ᠤᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠨᠡᠶᠢᠭᠡᠮᠯᠢᠭ ᠪᠡᠭᠡᠵᠢᠩ ᠳᠤ ᠲᠣᠭᠲᠠᠬᠤ ᠰᠢᠶᠠᠨ ᠤ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠬᠥᠭᠵᠢᠯᠲᠡ ᠶᠢ ᠬᠠᠮᠲᠤᠪᠠᠷ ᠠᠬᠢᠭᠤᠯᠬᠤ ᠵᠥᠪᠯᠡᠯᠴᠡᠭᠡᠷ ᠲᠣᠭᠲᠠᠵᠠᠢ      ᠬᠡᠯᠡᠯᠴᠡᠭᠡᠷ ᠤᠨ ᠪᠣᠯᠵᠤᠭ᠎ᠠ ᠶᠣᠰᠣᠭᠠᠷ᠂ ᠳᠤᠮᠳᠠᠳᠤ ᠤᠯᠤᠰ ᠤᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠨᠡᠶᠢᠭᠡᠮᠯᠢᠭ ᠠᠴᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠲᠣᠭᠲᠠᠬᠤ ᠰᠢᠶᠠᠨ ᠤ ᠠᠵᠦ ᠦᠢᠯᠡᠳᠪᠦᠷᠢ ᠶᠢᠨ ᠬᠦᠷᠢᠶᠡᠯᠡᠩ ᠳᠤ ᠣᠷᠣᠬᠤ ᠪᠠᠷ ᠪᠠᠶᠢᠭ᠎ᠠ ᠴᠢᠬᠤᠯᠠ ᠶᠡᠭᠡ ᠲᠥᠷᠥᠯ ᠵᠦᠢᠯ ᠢ ᠦᠨᠡᠯᠡᠨ ᠨᠤᠲᠠᠯᠠᠵᠤ᠂ ᠦᠵᠡᠭᠦᠯᠦᠯᠭᠡ ᠬᠠᠩᠭᠠᠵᠤ᠂ ᠠᠵᠢᠯ ᠲᠦᠷᠦᠯ ᠤᠨ ᠬᠤᠷᠠᠯ ᠢ ᠵᠣᠬᠢᠶᠠᠨ ᠪᠠᠶᠢᠭᠤᠯᠵᠤ᠂ ᠤᠯᠤᠰ ᠤᠨ ᠬᠤᠯᠪᠣᠭᠳᠠᠯ ᠪᠦᠬᠦᠢ ᠠᠵᠤ ᠦᠢᠯᠡᠰ ᠤᠨ ᠲᠦᠷᠦ ᠶᠢᠨ ᠪᠣᠳᠣᠯᠭ᠎ᠠ᠂ ᠮᠡᠷᠭᠡᠵᠢᠯ ᠤᠨ ᠲᠦᠷᠦ ᠶᠢᠨ ᠪᠣᠳᠣᠯᠭ᠎ᠠ᠂ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠬᠠᠨᠳᠤᠰᠢ ᠵᠡᠷᠭᠡ ᠲᠠᠯ᠎ᠠ ᠶᠢᠨ ᠯᠠᠪᠯᠠᠯᠭ᠎ᠠ ᠶᠢ ᠬᠠᠩᠭᠠᠵᠤ᠂ ᠬᠤᠯᠪᠣᠭᠳᠠᠯ ᠪᠦᠬᠦᠢ ᠠᠵᠢᠯ ᠲᠦᠷᠦᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠨᠠᠷᠢᠯᠢᠭᠵᠢᠭᠤᠯᠵᠤ᠂ ᠪᠡᠯᠡ ᠣᠷᠣᠭᠤᠯᠬᠤ ᠰᠠᠨᠠᠮᠵᠢ ᠲᠠᠢ ᠭᠡᠰᠢᠭᠦᠨ ᠨᠢᠭᠡᠴᠢ ᠶᠢ ᠲᠣᠭᠲᠠᠬᠤ ᠰᠢᠶᠠᠨ ᠳᠤ ᠣᠴᠢᠭᠤᠯᠵᠤ ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢ ᠲᠠᠨᠢᠯᠴᠠᠭᠤᠯᠤᠨ᠎ᠠ᠃      ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠨᠢ ᠲᠣᠭᠲᠠᠬᠤ ᠰᠢᠶᠠᠨ ᠤ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠦᠪᠡᠭᠴᠢᠯᠡᠬᠦ᠂ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1