ᠪᠥᠬᠦ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ | ᠠᠵᠢᠯ ᠢ ᠨᠠᠷᠢᠯᠢᠭ ᠣᠨᠣᠴᠠᠲᠠᠶ ᠪᠠᠷ ᠰᠠᠶᠢᠲᠤᠷ ᠬᠢᠬᠦ ᠶᠢᠨ ᠲᠤᠰᠠᠳᠠ᠂ ᠴᠡᠷᠢᠭ ᠠᠴᠠ ᠬᠠᠯᠠᠭᠳᠠᠭᠰᠠᠳ ᠤᠨ | ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠰᠤᠳᠤᠯᠤᠨ ᠲᠣᠭᠲᠠᠭᠠᠬᠤ ᠪᠠᠷ ᠳᠡᠮᠵᠢᠨ᠂ | ᠬᠥᠬᠡᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠴᠢᠳᠠᠪᠤᠷᠢ ᠶᠢᠨ ᠬᠡᠪ ᠴᠢᠨᠠᠷ ᠢ ᠳᠡᠭᠡᠭᠰᠢᠯᠡᠭᠦᠯᠬᠦ ︵ᠠᠯᠪᠠᠨ ᠤ | ᠰᠢᠯᠭᠠᠯᠲᠠ ᠶᠢᠨ ᠬᠠᠮᠲᠤᠷᠠᠭᠰᠠᠨ ᠰᠢᠯᠭᠠᠯᠲᠠ︶ ᠪᠣᠯᠪᠠᠰᠤᠷᠠᠭᠤᠯᠤᠯ ᠤᠨ ᠠᠩᠭᠢ ᠶᠢ ᠵᠣᠬᠢᠶᠠᠨ ᠪᠠᠶᠢᠭᠤᠯᠵᠤ | ᠡᠷᠭᠢᠯᠡᠬᠦ ᠪᠠᠷ ᠪᠣᠶ᠃ ᠡᠳᠦᠭᠡ ᠪᠣᠳᠠᠲᠠᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠪᠣᠯᠪᠠᠰᠤᠷᠠᠭᠤᠯᠬᠤ ᠡᠲᠡᠭᠡᠳ | 1. ᠲᠥᠪᠬᠢᠨᠡᠭᠦᠯᠬᠦ ᠭᠠᠵᠠᠷ ᠨᠢ ᠬᠥᠬᠡᠬᠤᠲᠠ ᠳᠤ ᠪᠠᠶᠢᠭ᠎ᠠ ᠨᠢᠭᠡᠨᠲᠡ 2024 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠤᠯᠭ᠎ᠠ ︵ᠠᠯᠪᠠᠨ ᠳᠤ ᠣᠷᠣᠯᠴᠠᠭᠰᠠᠨ ᠨᠢᠭᠡᠴᠢ︶ ᠶᠢᠨ | ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠭᠰᠠᠨ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢ᠃ | 2. ᠲᠥᠪᠬᠢᠨᠡᠭᠦᠯᠬᠦ ᠭᠠᠵᠠᠷ ᠨᠢ ᠬᠥᠬᠡᠬᠤᠲᠠ ᠳᠤ ᠪᠠᠶᠢᠭ᠎ᠠ ᠡᠯ᠎ᠡ ᠲᠥᠷᠥᠯ ᠤᠨ ᠠᠯᠪᠠᠨ ᠤ ᠰᠢᠯᠭᠠᠯᠲᠠ ᠶᠢᠨ | ᠬᠠᠮᠲᠤᠷᠠᠭᠰᠠᠨ ᠰᠢᠯᠭᠠᠯᠲᠠ ᠳᠤ ᠣᠷᠣᠯᠴᠠᠬᠤ ᠰᠠᠨᠠᠭ᠎ᠠ ᠲᠠᠢ ᠪᠤᠰᠤᠳ ᠨᠥᠬᠦᠴᠡᠯ ᠳᠤ ᠨᠡᠶᠢᠴᠡᠬᠦ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢ᠃ | ᠬᠤᠶᠠᠷ᠂ ᠪᠣᠯᠪᠠᠰᠤᠷᠠᠭᠤᠯᠤᠯ ᠤᠨ ᠠᠭᠤᠯᠭ᠎ᠠ | 1. ᠥᠨᠳᠥᠷ ᠳᠠᠪᠲᠠᠮᠵᠢ ᠶᠢᠨ ᠰᠢᠯᠭᠠᠯᠲᠠ ᠶᠢᠨ ᠴᠡᠭ ᠤᠨ ᠵᠠᠳᠠᠯᠤᠯᠲᠠ᠄ ᠠᠯᠪᠠᠲᠠᠨ ᠤ ᠰᠢᠯᠭᠠᠯᠲᠠ ᠶᠢᠨ | ᠥᠩᠭᠡᠷᠡᠭᠰᠡᠨ ᠵᠢᠯ ᠤᠳ ᠤᠨ ᠵᠢᠩᠬᠢᠨᠢ ᠰᠡᠳᠦᠪ ᠪᠠ ᠲᠥᠷᠥ ᠶᠢᠨ ᠪᠣᠳᠣᠯᠭ᠎ᠠ ᠶᠢᠨ ᠵᠠᠳᠠᠯᠤᠯᠲᠠ ᠳᠤ ᠴᠢᠭᠯᠡᠭᠦᠯᠦᠨ᠂ | ᠰᠢᠯᠭᠠᠭᠤᠯᠤᠭᠴᠢ ᠶᠢ ᠬᠠᠪᠰᠤᠷᠤᠨ ᠥᠨᠳᠥᠷ ᠳᠠᠪᠲᠠᠮᠵᠢ ᠶᠢᠨ ᠰᠢᠯᠭᠠᠯᠲᠠ ᠶᠢᠨ ᠴᠡᠭ ᠢ ᠣᠶᠢᠯᠠᠭᠠᠭᠤᠯᠵᠤ᠂ ᠰᠡᠳᠦᠪ | ᠪᠤᠳᠤᠬᠤ ᠤᠷ᠎ᠠ ᠮᠡᠷᠭᠡᠵᠢᠯ ᠢ ᠡᠵᠡᠮᠰᠢᠭᠦᠯᠦᠨ᠎ᠡ᠃ | 2. ᠠᠵᠢᠯ ᠲᠥᠷᠥᠯ ᠤᠨ ᠰᠢᠯᠭᠠᠯᠲᠠ ᠶᠢᠨ ᠤᠷ᠎ᠠ ᠮᠡᠷᠭᠡᠵᠢᠯ ᠤᠨ ᠪᠣᠯᠪᠠᠰᠤᠷᠠᠯ᠄ ᠵᠠᠰᠠᠭ ᠵᠠᠬᠢᠷᠭᠠᠨ ᠤ ᠠᠵᠢᠯ | ᠮᠡᠷᠭᠡᠵᠢᠯ ᠤᠨ ᠴᠢᠳᠠᠪᠤᠷᠢ ᠶᠢᠨ ᠰᠢᠯᠭᠠᠯᠲᠠ ᠳᠤ ᠴᠢᠭᠯᠡᠭᠦᠯᠦᠨ᠂ ᠰᠠᠭᠤᠷᠢ ᠶᠢ ᠪᠠᠬᠢᠵᠢᠭᠦᠯᠬᠦ᠂ ᠰᠡᠳᠦᠪ ᠢ ᠢᠯᠭᠠᠨ | ᠴᠢᠩᠭᠠᠷᠠᠭᠤᠯᠬᠤ᠂ ᠰᠢᠯᠭᠠᠯᠲᠠ ᠠᠴᠠ ᠡᠮᠦᠨ᠎ᠡ ᠰᠢᠪᠲᠤᠯᠤᠯᠲᠠ ᠬᠢᠬᠦ ᠵᠡᠷᠭᠡ ᠪᠣᠯᠪᠠᠰᠤᠷᠠᠯ ᠢ ᠬᠢᠵᠦ᠂ ᠲᠤᠰᠬᠠᠶ | ᠲᠥᠷᠥᠯ ᠤᠨ ᠤᠷ᠎ᠠ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠎ᠠ᠂ ᠡᠭᠦᠨ ᠳᠤ ᠬᠡᠯᠡᠨ ᠤ ᠣᠶᠢᠯᠠᠭᠠᠯᠲᠠ ᠪᠠ | ᠢᠯᠡᠳᠬᠡᠯ᠂ ᠲᠤᠭ᠎ᠠ ᠬᠡᠮᠵᠢᠶᠡᠨ ᠤ ᠬᠠᠷᠢᠴᠠᠭ᠎ᠠ᠂ ᠮᠠᠭᠠᠳᠯᠠᠯᠲᠠ ᠮᠥᠷᠳᠡᠯᠭᠡ ᠵᠡᠷᠭᠡ ᠰᠢᠯᠭᠠᠯᠲᠠ ᠶᠢᠨ ᠴᠡᠭ ᠤᠨ | ᠲᠠᠶᠢᠯᠤᠮᠵᠢ ᠪᠠ ᠪᠣᠯᠪᠠᠰᠤᠷᠠᠯ ᠢ ᠪᠠᠭᠲᠠᠭᠠᠵᠤ᠂ ᠰᠢᠯᠭᠠᠯᠲᠠ ᠶᠢᠨ ᠰᠡᠳᠦᠪ ᠬᠢᠬᠦ ᠬᠤᠷᠳᠤᠴᠠ ᠶᠢ ᠳᠡᠭᠡᠭᠰᠢᠯᠡᠭᠦᠯᠦᠨ᠎ᠡ᠃ | 3. ᠵᠣᠬᠢᠶᠠᠨ ᠪᠢᠴᠢᠯᠭᠡ ᠶᠢᠨ ᠥᠭᠦᠯᠡᠯᠲᠡ ᠶᠢᠨ ᠵᠢᠯᠣᠭᠤᠳᠣᠯᠭ᠎ᠠ᠄ ᠥᠩᠭᠡᠷᠡᠭᠰᠡᠨ ᠵᠢᠯ ᠤᠳ ᠤᠨ | ᠰᠢᠯᠭᠠᠯᠲᠠ ᠶᠢᠨ ᠰᠡᠳᠦᠪ ᠢ ᠵᠠᠳᠠᠯᠤᠨ ᠰᠢᠨᠵᠢᠯᠡᠬᠦ ᠪᠠᠷ ᠳᠡᠮᠵᠢᠨ᠂ ᠵᠣᠬᠢᠶᠠᠨ ᠪᠢᠴᠢᠬᠦ ᠰᠡᠳᠬᠢᠮᠵᠢ ᠪᠠᠨ ᠲᠠᠶᠢᠯᠪᠤᠷᠢᠯᠠᠨ᠂ | ᠰᠢᠯᠭᠠᠯᠲᠠ ᠶᠢᠨ ᠬᠥᠲᠥᠯᠪᠦᠷᠢ ᠶᠢᠨ ᠲᠣᠭᠤᠷᠢᠨ ᠳᠤ ᠰᠢᠯᠭᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠡᠳᠦᠪ | ᠬᠠᠷᠢᠭᠤᠯᠬᠤ ᠪᠦᠲᠦᠴᠡ ᠪᠠ ᠤᠷ᠎ᠠ ᠮᠡᠷᠭᠡᠵᠢᠯ ᠢᠶᠠᠨ ᠪᠣᠯᠪᠠᠰᠤᠷᠠᠭᠤᠯᠵᠤ᠂ ᠰᠢᠯᠭᠠᠭᠤᠯᠤᠭᠴᠢ ᠶᠢ ᠬᠠᠪᠰᠤᠷᠤᠨ | ᠵᠣᠬᠢᠶᠠᠨ ᠪᠢᠴᠢᠬᠦ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃ | 4. ᠨᠢᠭᠤᠷᠲᠠᠨ ᠰᠢᠯᠭᠠᠯᠲᠠ ᠶᠢᠨ ᠬᠠᠪᠰᠤᠷᠤᠨ ᠵᠢᠯᠣᠭᠤᠳᠣᠯᠭ᠎ᠠ᠄ ᠪᠦᠲᠦᠴᠡ ᠶᠢᠨ ᠴᠢᠨᠠᠷᠲᠠᠶ ᠳᠠᠭᠤᠷᠢᠶᠠᠮᠠᠯ | ᠨᠢᠭᠤᠷᠲᠠᠨ ᠰᠢᠯᠭᠠᠯᠲᠠ᠂ ᠨᠢᠭᠤᠷᠲᠠᠨ ᠰᠢᠯᠭᠠᠯᠲᠠ ᠶᠢᠨ ᠮᠡᠳᠡᠯᠭᠡ ᠶᠢ ᠲᠠᠶᠢᠯᠪᠤᠷᠢᠯᠠᠬᠤ᠂ ᠨᠢᠭᠤᠷᠲᠠᠨ ᠰᠢᠯᠭᠠᠯᠲᠠ ᠶᠢᠨ | ᠤᠷ᠎ᠠ ᠮᠡᠷᠭᠡᠵᠢᠯ ᠤᠨ ᠵᠢᠯᠣᠭᠤᠳᠣᠯᠭ᠎ᠠ ᠵᠡᠷᠭᠡ ᠶᠢ ᠬᠠᠩᠭᠠᠵᠤ᠂ ᠰᠢᠯᠭᠠᠭᠤᠯᠤᠭᠴᠢ ᠶᠢ ᠬᠠᠪᠰᠤᠷᠤᠨ ᠨᠢᠭᠤᠷᠲᠠᠨ | ᠰᠢᠯᠭᠠᠯᠲᠠ ᠶᠢᠨ ᠢᠲᠡᠭᠡᠯ ᠢ ᠨᠢ ᠨᠡᠮᠡᠭᠳᠡᠭᠦᠯᠵᠦ᠂ ᠰᠢᠯᠭᠠᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | ᠭᠤᠷᠪᠠ᠂ ᠪᠣᠯᠪᠠᠰᠤᠷᠠᠭᠤᠯᠬᠤ ᠴᠠᠭ ᠪᠠ ᠭᠠᠵᠠᠷ | 1. ᠪᠣᠯᠪᠠᠰᠤᠷᠠᠭᠤᠯᠬᠤ ᠴᠠᠭ᠄ 2024 ᠣᠨ ᠤ 3 ᠳ᠋ᠤᠭᠠᠷ ᠰᠠᠷ᠎ᠠ ᠶᠢᠨ 5 ᠤ ᠡᠳᠦᠷ ᠠᠴᠠ 14 ᠤ ᠡᠳᠦᠷ | ᠪᠣᠯᠲᠠᠯ᠎ᠠ᠂ ᠡᠭᠦᠨ ᠳᠤ 5 ᠡᠳᠦᠷ ᠵᠠᠰᠠᠭ ᠵᠠᠬᠢᠷᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠬᠡᠮᠵᠢᠨ ᠪᠠᠶᠢᠴᠠᠭᠠᠯᠲᠠ᠂ | 4 ᠡᠳᠦᠷ ᠰᠢᠭᠦᠨ ᠦᠭᠦᠯᠡᠬᠦᠢ᠂ 1 ᠡᠳᠦᠷ ᠨᠢᠭᠤᠷᠲᠠᠨ ᠰᠢᠯᠭᠠᠵᠤ᠂ ᠨᠡᠶᠢᠲᠡ 10 ᠡᠳᠦᠷ ᠪᠣᠯᠪᠠᠰᠤᠷᠠᠭᠤᠯᠤᠨ᠎ᠠ᠃ | 2. ᠪᠣᠯᠪᠠᠰᠤᠷᠠᠭᠤᠯᠤᠯ ᠤᠨ ᠭᠠᠵᠠᠷ᠄ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠃ | ᠳᠥᠷᠪᠡ᠂ ᠪᠤᠰᠤᠳ ᠱᠠᠭᠠᠷᠳᠠᠯᠭ᠎ᠠ | 1. ᠲᠣᠰ ᠤᠳᠠᠭᠠᠨ ᠤ ᠪᠣᠯᠪᠠᠰᠤᠷᠠᠭᠤᠯᠤᠯ ᠳᠤ ᠪᠦᠷᠢᠨ ᠪᠢᠲᠡᠭᠦᠮᠵᠢᠯᠡᠭᠰᠡᠨ ᠲᠥᠪᠯᠡᠷᠡᠭᠦᠯᠦᠨ | ᠪᠣᠯᠪᠠᠰᠤᠷᠠᠭᠤᠯᠬᠤ ᠬᠡᠯᠪᠡᠷᠢ ᠶᠢ ᠬᠡᠷᠡᠭᠯᠡᠨ᠎ᠡ᠃ ᠪᠣᠯᠪᠠᠰᠤᠷᠠᠯ ᠳᠤ ᠣᠷᠣᠯᠴᠠᠬᠤ ᠰᠤᠷᠤᠭᠴᠢᠳ 3 ᠳ᠋ᠤᠭᠠᠷ ᠰᠠᠷ᠎ᠠ ᠶᠢᠨ | 4 ᠤ ᠡᠳᠦᠷ ᠤᠨ 15᠄ 00 — 18᠄ 00 ᠴᠠᠭ ᠲᠤ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠮᠢᠩ ᠳ᠋ᠧ ᠪᠠᠭᠤᠳᠠᠯ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠬᠦᠷᠴᠦ ᠨᠡᠷ᠎ᠡ | ᠮᠡᠳᠡᠭᠦᠯᠬᠦ ᠬᠡᠷᠡᠭᠲᠡᠶ᠃ | 2. ᠪᠣᠯᠪᠠᠰᠤᠷᠠᠭᠤᠯᠤᠯ ᠳᠤ ᠣᠷᠣᠯᠴᠠᠬᠤ ᠰᠤᠷᠤᠭᠴᠢᠳ ᠤᠷᠢᠳᠠᠪᠠᠷ ᠲᠥᠪᠬᠢᠨᠡᠭᠦᠯᠬᠦ ᠭᠠᠵᠠᠷ ᠤᠨ ᠬᠤᠰᠢᠭᠤ | ᠰᠢᠶᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠬᠦᠷᠴᠦ ︽ | ᠬᠥᠬᠡᠬᠤᠲᠠ ᠶᠢᠨ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠳ ᠤᠨ ᠬᠥᠮᠦᠵᠢᠯ | ᠪᠣᠯᠪᠠᠰᠤᠷᠠᠭᠤᠯᠤᠯ ᠤᠨ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ᠂ ᠬᠤᠰᠢᠭᠤ ᠰᠢᠶᠠᠨ ᠲᠣᠭᠤᠷᠢᠭ ᠤᠨ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠬᠢᠨᠠᠨ ᠬᠠᠷᠭᠤᠭᠤᠯᠵᠤ ᠲᠠᠮᠠᠭ᠎ᠠ ᠳᠠᠷᠤᠵᠤ᠂ | ᠠᠩᠭᠢ ᠡᠬᠢᠯᠡᠵᠦ ᠨᠡᠷ᠎ᠡ ᠮᠡᠳᠡᠭᠦᠯᠬᠦ ᠦᠶ᠎ᠡ ᠳᠤ ᠠᠪᠴᠤ ᠳᠡᠭᠡᠭᠰᠢ ᠲᠤᠰᠢᠶᠠᠨ᠎ᠠ᠃ | 3. ᠲᠣᠰ ᠤᠳᠠᠭᠠᠨ ᠤ ᠪᠣᠯᠪᠠᠰᠤᠷᠠᠭᠤᠯᠤᠯ ᠤᠨ ᠵᠢᠭᠠᠨ ᠰᠤᠷᠭᠠᠯᠲᠠ ᠶᠢᠨ ᠵᠠᠷᠤᠳᠠᠯ᠂ ᠬᠤᠭᠤᠯᠠ ᠬᠤᠨᠤᠭ ᠤᠨ | ᠵᠠᠷᠤᠳᠠᠯ ᠢ ᠭᠤᠤᠯᠯᠠᠨ ᠡᠷᠭᠢᠯᠡᠬᠦ ᠲᠠᠯ᠎ᠠ ᠠᠴᠠ ᠡᠭᠦᠷᠭᠡᠯᠡᠵᠦ᠂ ᠨᠠᠭᠠᠰᠢ ᠴᠠᠭᠠᠰᠢ ᠶᠠᠪᠤᠬᠤ ᠵᠠᠮ ᠬᠠᠷᠢᠯᠴᠠᠭᠠᠨ ᠤ | ᠵᠠᠷᠤᠳᠠᠯ ᠢ ᠰᠤᠷᠤᠭᠴᠢᠳ ᠥᠪᠡᠷ ᠢᠶᠠᠨ ᠬᠠᠷᠢᠭᠤᠴᠠᠨ᠎ᠠ᠃ | 4. ᠡᠯ᠎ᠡ ᠬᠤᠰᠢᠭᠤ ᠰᠢᠶᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠨᠢ ᠵᠣᠬᠢᠶᠠᠨ ᠪᠠᠶᠢᠭᠤᠯᠤᠨ ᠳᠠᠶᠢᠴᠢᠯᠠᠵᠤ ᠤᠬᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ 3 | ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨᠠᠬᠢ 5 ᠴᠠᠭ ᠠᠴᠠ ᠡᠮᠦᠨ᠎ᠡ ᠪᠣᠯᠪᠠᠰᠤᠷᠠᠭᠤᠯᠤᠯ ᠳᠤ | ᠣᠷᠣᠯᠴᠠᠬᠤ ᠰᠤᠷᠤᠭᠴᠢᠳ ᠤᠨ ᠨᠡᠷᠡᠰ ᠢ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠶᠢᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠰᠠᠯᠠᠭ᠎ᠠ ᠳᠤ ᠮᠡᠳᠡᠭᠦᠯᠦᠭᠡᠷᠡᠶ᠃ | ᠬᠥᠬᠡᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ | 2024 ᠣᠨ ᠤ 2 ᠳ᠋ᠤᠭᠠᠷ ᠰᠠᠷ᠎ᠠ ᠶᠢᠨ 27 ᠤ ᠡᠳᠦᠷ | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |