ᠬᠦᠢᠲᠡᠨ ᠠᠭᠤᠷ ᠠᠮᠢᠰᠬᠤᠯ ᠪᠠ ᠬᠥᠯᠳᠡᠵᠦ ᠮᠥᠰᠥᠳᠥᠬᠦ ᠴᠠᠭ ᠠᠭᠤᠷ ᠮᠥᠨ ᠯᠡ ᠥᠷᠭᠦᠯᠵᠢᠯᠡᠬᠦ ᠪᠤᠯᠤᠨ᠎ᠠ
ᠨᠡᠶᠢᠲᠡᠯᠡᠭᠰᠡᠨ ᠴᠠᠭ᠄
2024/3/4
      ᠲᠥᠪ ᠤᠨ ᠴᠠᠭ ᠠᠭᠤᠷ ᠤᠨ ᠰᠲ᠋ᠠᠨᠼ 23 ᠤ ᠡᠳᠣᠷ ᠤᠨ 6 ᠴᠠᠭ ᠲᠤ ᠬᠥᠢᠳᠡᠨ ᠠᠭᠤᠷ ᠠᠮᠢᠰᠬᠤᠯ ᠪᠠ ᠬᠥᠯᠳᠡᠵᠦ ᠮᠥᠰᠥᠳᠥᠬᠦ ᠰᠢᠷ᠎ᠠ ᠥᠩᠭᠡ ᠶᠢᠨ ᠰᠡᠷᠡᠮᠵᠢ ᠶᠢ ᠥᠷᠭᠦᠯᠵᠢᠯᠡᠨ ᠨᠡᠶᠢᠳᠡᠯᠡᠭᠰᠡᠨ ᠪᠠᠶᠢᠨ᠎ᠠ᠃ ᠣᠯᠣᠰ ᠤᠨ ᠭᠠᠮᠰᠢᠭ ᠢ ᠰᠡᠷᠭᠡᠶᠢᠯᠡᠵᠦ ᠭᠠᠮᠰᠢᠭ ᠤᠨ ᠬᠤᠬᠢᠷᠠᠯ ᠢ ᠪᠠᠭᠠᠰᠬᠠᠵᠦ ᠭᠠᠮᠰᠢᠭ ᠠᠴᠠ ᠠᠪᠤᠷᠠᠬᠤ ᠠᠵᠢᠯ ᠤᠨ ᠺᠤᠮᠢᠰ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠵᠦ ᠬᠠᠮᠢᠶᠠᠷᠬᠤ ᠶᠠᠮᠤᠨ ᠠᠴᠠ ᠠᠷᠠᠳ ᠣᠯᠠᠨ ᠤ ᠠᠮᠥᠷ ᠲᠥᠪᠰᠢᠨ ᠶᠠᠪᠤᠵᠦ ᠰᠠᠭᠤᠬᠤ ᠶᠢ ᠪᠠᠳᠣᠯᠠᠵᠦ᠂ ᠪᠠᠷᠢᠯᠭ᠎ᠠ ᠪᠠᠶᠢᠰᠢᠩ ᠨᠤᠷᠠᠬᠤ᠂ ᠠᠭᠤᠯᠠ ᠨᠤᠷᠠᠵᠦ ᠶᠡᠭᠦᠷᠡᠬᠦ ᠵᠡᠷᠭᠡ ᠲᠠᠭᠠᠯᠳᠠ ᠭᠠᠮᠰᠢᠭ ᠢ ᠰᠡᠷᠭᠡᠶᠢᠯᠡᠬᠦ ᠶᠢ ᠱᠠᠭᠠᠷᠳᠠᠬᠰᠠᠨ ᠪᠠᠶᠢᠨ᠎ᠠ᠃      ᠡᠨᠡ ᠣᠳᠠᠭ᠎ᠠ ᠶᠢᠨ ᠴᠠᠰᠣ ᠪᠤᠷᠤᠭ᠎ᠠ ᠢᠯᠡᠷᠬᠡᠢ ᠨᠠᠮᠳᠠᠬᠰᠠᠨ ᠪᠤᠯᠪᠠᠴᠤ ᠬᠥᠢᠳᠡᠨ ᠠᠭᠤᠷ ᠠᠮᠢᠰᠬᠤᠯ ᠪᠠ ᠬᠥᠯᠳᠡᠵᠦ ᠮᠥᠰᠥᠳᠥᠬᠦ ᠴᠠᠭ ᠠᠭᠤᠷ ᠮᠥᠨ ᠯᠡ ᠥᠷᠭᠦᠯᠵᠢᠯᠡᠬᠦ ᠪᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠵᠦ ᠪᠠᠶᠢᠬᠤ ᠪᠠᠷ᠂ ᠡᠮᠥᠨᠡᠳᠣ ᠤᠷᠤᠨ ᠤ ᠬᠥᠢᠳᠡᠨ ᠠᠭᠤᠷ ᠠᠮᠢᠰᠬᠤᠯ 27 ᠤ ᠡᠳᠣᠷ ᠪᠤᠯᠳᠠᠯ᠎ᠠ ᠥᠷᠭᠦᠯᠵᠢᠯᠡᠬᠦ ᠪᠤᠯᠤᠨ᠎ᠠ᠃ ᠲᠥᠪ ᠤᠨ ᠴᠠᠭ ᠠᠭᠤᠷ ᠤᠨ ᠰᠲ᠋ᠠᠨᠼ ᠤᠨ ᠠᠬᠠᠯᠠᠬᠴᠢ ᠮᠡᠳᠡᠭᠡᠯᠡᠭᠴᠢ ᠳ᠋ᠥᠩ ᠴᠢᠤᠸᠠᠨ ᠲᠠᠨᠢᠯᠴᠠᠭᠤᠯᠬᠤ ᠳᠠᠭᠠᠨ᠂ ᠬᠥᠢᠳᠡᠨ ᠤᠷᠤᠰᠬᠠᠯ ᠤᠨ ᠨᠥᠯᠥᠭᠡ ᠠᠭᠠᠵᠢᠮ ᠢᠶᠠᠷ ᠡᠮᠥᠨᠡᠰᠢᠯᠡᠵᠦ᠂ ᠴᠠᠰᠤ ᠪᠤᠷᠤᠭ᠎ᠠ ᠤᠷᠤᠵᠦ ᠬᠥᠯᠳᠡᠵᠦ ᠮᠥᠰᠥᠳᠥᠬᠦ ᠴᠠᠭ ᠠᠭᠤᠷ ᠶᠡᠷᠥᠩᠬᠡᠢ ᠳᠡᠭᠡᠨ ᠨᠠᠮᠳᠠᠬᠰᠠᠨ ᠪᠤᠯᠪᠠᠴᠤ ᠪᠠᠰᠠ ᠯᠡ ᠲᠠᠭᠤᠰᠤᠭ᠎ᠠ ᠦᠭᠡᠢ ᠪᠠᠶᠢᠬᠰᠠᠭᠠᠷ᠃ ᠴᠠᠰᠣ ᠤᠷᠤᠬᠤ ᠬᠡᠪᠴᠢᠶ᠎ᠠ ᠪᠠᠭᠠᠰᠴᠤ ᠭᠤᠤᠯᠳᠠᠭᠤ ᠵᠢᠶᠠᠩᠰᠣ ᠠᠨᠾᠥ᠋ᠢ ᠳᠤ ᠲᠥᠪᠯᠡᠷᠡᠵᠦ ᠪᠠᠶᠢᠨ᠎ᠠ᠃ ᠰᠡᠭᠦᠯ ᠤᠨ ᠬᠡᠳᠣᠨ ᠬᠤᠨᠤᠭ ᠲᠤ ᠡᠮᠥᠨᠡᠳᠣ ᠤᠷᠤᠨ ᠳᠤ ᠪᠠᠭ᠎ᠠ ᠪᠤᠷᠤᠭ᠎ᠠ ᠪᠤᠶᠤ ᠲᠤᠮᠳᠠ ᠵᠡᠷᠭᠡ ᠶᠢᠨ ᠪᠤᠷᠤᠭ᠎ᠠ ᠤᠷᠤᠵᠦ᠂ ᠬᠤᠨᠠᠨ ᠳᠤ ᠥᠷᠭᠦᠯᠵᠢᠯᠡᠨ ᠬᠥᠢᠳᠡᠨ ᠪᠤᠷᠤᠭ᠎ᠠ ᠤᠷᠤᠵᠦ ᠬᠥᠯᠳᠡᠬᠦ ᠪᠤᠯᠤᠨ᠎ᠠ᠃ ᠶᠡᠭᠡ ᠬᠡᠪᠴᠢᠶ᠎ᠠ ᠪᠠᠷ ᠶᠡᠭᠡ ᠴᠠᠰᠤ ᠪᠤᠷᠤᠭ᠎ᠠ ᠤᠷᠤᠬᠤ ᠴᠠᠭ ᠠᠭᠤᠷ 23 ᠤ ᠡᠳᠣᠷ ᠠᠴᠠ ᠬᠤᠶᠢᠰᠢ ᠥᠨᠳᠣᠰᠣᠨ ᠳᠡᠭᠡᠨ ᠲᠠᠭᠤᠰᠬᠤ ᠪᠤᠯᠤᠨ᠎ᠠ ᠭᠡᠵᠡᠢ᠃      ᠡᠨᠡ ᠣᠳᠠᠭᠠᠨ ᠤ ᠴᠠᠰᠣ ᠪᠤᠷᠤᠭ᠎ᠠ ᠤᠷᠤᠵᠦ ᠬᠥᠯᠳᠡᠵᠦ ᠮᠥᠰᠥᠳᠥᠭᠰᠡᠨ ᠴᠠᠭ ᠠᠭᠤᠷ ᠵᠠᠷᠢᠮ ᠭᠠᠵᠠᠷ ᠤᠷᠤᠨ ᠢ ᠨᠠᠯᠢᠶᠠᠳ ᠤᠷᠳᠣ ᠬᠤᠭᠤᠴᠠᠭ᠎ᠠ ᠨᠥᠯᠥᠭᠡᠯᠡᠵᠦ᠂ ᠬᠤᠪᠸᠢ᠂ ᠬᠤᠨᠠᠨ ᠵᠡᠷᠭᠡ ᠭᠠᠵᠠᠷ ᠤᠨ ᠵᠠᠮ ᠬᠠᠷᠢᠯᠴᠠᠭ᠎ᠠ ᠶᠢ ᠣᠳᠣ ᠪᠤᠯᠳᠠᠯ᠎ᠠ ᠬᠠᠷᠰᠢᠯᠠᠵᠦ ᠪᠠᠶᠢᠭ᠎ᠠ ᠪᠤᠯᠬᠤᠷ ᠭᠠᠢ ᠭᠠᠮᠰᠢᠭ ᠤᠨ ᠠᠶᠤᠯ ᠲᠥᠭᠰᠢᠭᠦᠷᠢ ᠮᠥᠨ ᠯᠡ ᠶᠡᠭᠡ ᠪᠠᠶᠢᠨ᠎ᠠ᠃ ᠤᠳᠤ ᠴᠠᠭᠠᠨ ᠰᠠᠷ᠎ᠠ ᠶᠢᠨ ᠠᠶᠠᠨᠴᠢᠳ ᠤᠨ ᠡᠷᠬᠢᠵᠦ ᠪᠤᠴᠠᠬᠤ ᠤᠷᠬᠢᠯ ᠥᠶ᠎ᠡ ᠪᠤᠯᠬᠤᠷ ᠴᠠᠭ ᠠᠭᠤᠷ ᠤᠨ ᠤᠷᠢᠳᠴᠢᠯᠠᠬᠰᠠᠨ ᠮᠡᠳᠡᠭᠡ ᠪᠤᠯᠤᠨ ᠰᠡᠷᠡᠮᠵᠢ ᠶᠢ ᠴᠠᠭ ᠲᠤᠬᠠᠢ ᠳᠤᠨᠢ ᠠᠩᠬᠠᠷᠴᠤ᠂ ᠶᠠᠪᠤᠬᠤ ᠰᠠᠭᠤᠬᠤ ᠪᠠᠨ ᠵᠤᠬᠢᠴᠠᠭᠤᠯᠬᠤ ᠶᠢ ᠲᠥᠪ ᠤᠨ ᠴᠠᠭ ᠠᠭᠤᠷ ᠤᠨ ᠰᠲ᠋ᠠᠨᠼ ᠰᠠᠨᠠᠭᠤᠯᠵᠦ ᠪᠠᠶᠢᠨ᠎ᠠ᠃ ᠣᠮᠠᠷᠠᠳᠣ ᠤᠷᠤᠨ ᠳᠤ ᠴᠠᠰᠣ ᠨᠠᠯᠢᠶᠠᠳ ᠶᠡᠭᠡ ᠬᠤᠷᠠᠬᠰᠠᠨ ᠪᠤᠯᠬᠤᠷ ᠪᠠᠷᠢᠯᠭ᠎ᠠ ᠪᠠᠶᠢᠰᠢᠩ ᠲᠡᠭᠡᠷᠡᠬᠢ ᠴᠠᠰᠣ ᠮᠥᠰᠣ ᠶᠢ ᠴᠠᠭ ᠲᠤᠬᠠᠢ ᠳᠤᠨᠢ ᠠᠷᠢᠯᠭᠠᠵᠦ ᠴᠡᠪᠡᠷᠯᠡᠬᠦ ᠶᠢ ᠮᠥᠨ ᠰᠠᠨᠠᠭᠤᠯᠵᠦ ᠪᠠᠶᠢᠨ᠎ᠠ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1