ᠦᠱᠸᠡᠨ ᠬᠠᠤᠯᠢ ᠴᠠᠭᠠᠵᠠ ᠶᠢᠨ ᠭᠠᠵᠠᠷ ᠨᠡᠶᠢᠭᠡᠮ ᠲᠣᠭᠤᠷᠢᠭ ᠤᠨ ᠲᠤᠰᠬᠠᠢ ᠰᠤᠷᠭᠠᠨ ᠬᠥᠮᠦᠵᠢᠯ ᠤᠨ ᠶᠠᠷᠢᠯᠴᠠᠭ᠎ᠠ ᠪᠠ ᠭᠡᠷ ᠤᠨ ᠰᠣᠷᠪᠤᠯᠵᠢᠯᠠᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/5
      ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠬᠠᠤᠯᠢ ᠴᠠᠭᠠᠵᠠ ᠶᠢᠨ ᠤᠬᠠᠮᠰᠠᠷ ᠪᠠ ᠥᠪᠡᠷ ᠢ ᠪᠠᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠦᠱᠸᠡᠨ ᠬᠠᠤᠯᠢ ᠴᠠᠭᠠᠵᠠ ᠶᠢᠨ ᠭᠠᠵᠠᠷ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠣᠨᠴᠠ ᠵᠠᠷᠢᠮ ᠰᠤᠷᠭᠠᠨ ᠬᠥᠮᠦᠵᠢᠯ ᠤᠨ ᠶᠠᠷᠢᠯᠴᠠᠭ᠎ᠠ ᠪᠠ ᠭᠡᠷ ᠤᠨ ᠰᠣᠷᠪᠤᠯᠵᠢᠯᠠᠭ᠎ᠠ ᠶᠢᠨ ᠠᠵᠢᠯᠯᠠᠭ᠎ᠠ ᠥᠷᠨᠢᠭᠦᠯᠪᠡ᠃
     ᠰᠤᠷᠭᠠᠨ ᠬᠥᠮᠦᠵᠢᠯ ᠤᠨ ᠶᠠᠪᠤᠴᠠ ᠳᠤ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠠᠢ ᠨᠢᠭᠡ ᠨᠢᠭᠡ ᠪᠠᠷ ᠶᠠᠷᠢᠯᠴᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠠᠮᠢᠳᠤᠷᠠᠯ ᠤᠨ ᠪᠠᠶᠢᠳᠠᠯ᠂ ᠦᠵᠡᠯ ᠰᠠᠨᠠᠭᠠᠨ ᠤ ᠪᠠᠶᠢᠳᠠᠯ ᠪᠠ ᠵᠠᠯᠠᠷᠠᠭᠤᠯᠬᠤ ᠬᠤᠭᠤᠴᠠᠭᠠᠨ ᠳᠤ ᠲᠣᠬᠢᠶᠠᠯᠳᠤᠭᠰᠠᠨ ᠠᠰᠠᠭᠤᠳᠠᠯ ᠢ ᠨᠠᠷᠢᠨ ᠨᠢᠭᠲᠠ ᠣᠶᠢᠯᠠᠭᠠᠪᠠ᠃ ᠨᠡᠶᠢᠭᠡᠮ ᠲᠣᠭᠤᠷᠢᠭ ᠨᠢᠭᠡᠪᠦᠷᠢ ᠶᠢᠨ ᠵᠠᠯᠠᠷᠠᠭᠤᠯᠬᠤ ᠡᠲᠡᠭᠡᠳ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠠᠴᠠ ᠬᠠᠨᠳᠤᠯᠭᠠᠲᠤ ᠴᠢᠨᠠᠷᠲᠠᠢ ᠬᠥᠮᠦᠵᠢᠯ ᠪᠠ ᠵᠢᠯᠣᠭᠤᠳᠤᠯᠭ᠎ᠠ ᠥᠭᠭᠦᠭᠰᠡᠨ ᠪᠥᠭᠡᠳ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠢᠳᠡᠪᠬᠢᠲᠡᠢ ᠬᠠᠮᠵᠢᠯᠴᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠭᠰᠠᠨ ᠪᠠᠶᠢᠨ᠎ᠠ
     ᠡᠭᠦᠨ ᠠᠴᠠ ᠭᠠᠳᠠᠨ᠎ᠠ᠂ ᠭᠡᠷ ᠪᠦᠯᠢ ᠶᠢᠨ ᠰᠣᠷᠪᠤᠯᠵᠢᠯᠠᠭ᠎ᠠ ᠬᠢᠬᠦ ᠶᠠᠪᠤᠴᠠ ᠳᠤ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠭᠡᠷ ᠪᠦᠯᠢ ᠳᠤ ᠭᠦᠨᠵᠡᠭᠡᠶᠢᠷᠡᠨ᠂ ᠭᠡᠷ ᠪᠦᠯᠢ ᠶᠢᠨ ᠬᠢᠨ ᠲᠠᠢ ᠨᠢ ᠭᠦᠨᠵᠡᠭᠡᠢ ᠶᠠᠷᠢᠯᠴᠠᠪᠠ᠃ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠵᠢᠴᠢ ᠲᠡᠭᠦᠨ ᠤ ᠭᠡᠷ ᠪᠦᠯᠢ ᠶᠢᠨ ᠬᠢᠨ ᠲᠠᠢ ᠨᠡᠪᠲᠡᠷᠡᠯᠴᠡᠨ ᠰᠣᠯᠢᠯᠴᠠᠬᠤ ᠪᠠᠷ ᠳᠡᠮᠵᠢᠨ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠵᠠᠯᠠᠷᠠᠭᠤᠯᠬᠤ ᠬᠤᠭᠤᠴᠠᠭᠠᠨ ᠳᠠᠬᠢ ᠢᠯᠡᠷᠡᠯ᠂ ᠠᠮᠢᠳᠤᠷᠠᠯ ᠤᠨ ᠬᠦᠴᠢᠷᠳᠡᠯ ᠵᠢᠴᠢ ᠦᠵᠡᠯ ᠰᠠᠨᠠᠭᠠᠨ ᠤ ᠬᠥᠳᠡᠯᠦᠯ ᠪᠠᠶᠢᠳᠠᠯ ᠵᠡᠷᠭᠡ ᠪᠠᠶᠢᠳᠠᠯ ᠢ ᠬᠥᠳᠡᠯᠦᠩᠭᠦᠢ ᠪᠠᠷ ᠡᠵᠡᠮᠰᠢᠪᠡ᠃ ᠡᠭᠦᠨ ᠤ ᠵᠡᠷᠭᠡᠴᠡᠭᠡᠪᠡᠷ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠪᠠᠰᠠ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠭᠡᠷ ᠪᠦᠯᠢ ᠶᠢᠨ ᠬᠢᠨ ᠳᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠠᠨᠢᠯᠴᠠᠭᠤᠯᠵᠤ᠂ ᠵᠠᠯᠠᠷᠠᠭᠤᠯᠬᠤ ᠶᠠᠪᠤᠴᠠ ᠳᠠᠬᠢ ᠭᠡᠷ ᠪᠦᠯᠢ ᠶᠢᠨ ᠴᠢᠬᠤᠯᠠ ᠦᠢᠯᠡᠳᠦᠯ ᠢ ᠴᠢᠬᠤᠯᠠᠴᠢᠯᠠᠵᠤ᠂ ᠭᠡᠷ ᠪᠦᠯᠢ ᠶᠢᠨ ᠬᠢᠨ ᠤ ᠬᠠᠤᠯᠢ ᠴᠠᠭᠠᠵᠠ ᠶᠢᠨ ᠭᠠᠵᠠᠷ ᠤᠨ ᠠᠵᠢᠯ ᠳᠤ ᠢᠳᠡᠪᠬᠢᠲᠡᠢ ᠬᠠᠮᠵᠢᠯᠴᠠᠬᠤ ᠶᠢ ᠵᠣᠷᠢᠭᠵᠢᠭᠤᠯᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠬᠠᠮᠲᠤ ᠪᠠᠷ ᠬᠠᠪᠰᠤᠷᠴᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠤᠷᠤᠭᠰᠢᠲᠠᠢ ᠪᠡᠶᠡᠯᠡᠭᠦᠯᠬᠦ ᠶᠢ ᠵᠣᠷᠢᠭᠵᠢᠭᠤᠯᠵᠠᠢ᠃
     ᠲᠠᠷᠠᠭᠠᠴᠢ ᠶᠢᠨ ᠠᠯᠬᠤᠮ ᠳᠤ᠂ ᠦᠱᠸᠡᠨ ᠬᠠᠤᠯᠢ ᠴᠠᠭᠠᠵᠠ ᠶᠢᠨ ᠭᠠᠵᠠᠷ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠣᠨᠴᠠ ᠵᠠᠷᠢᠮ ᠰᠤᠷᠭᠠᠨ ᠬᠥᠮᠦᠵᠢᠯ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ ᠰᠤᠷᠭᠠᠨ ᠬᠥᠮᠦᠵᠢᠯ ᠤᠨ ᠠᠷᠭ᠎ᠠ ᠮᠠᠶ᠋ᠢᠭ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠬᠦ ᠪᠠ ᠰᠢᠨ᠎ᠡ ᠶᠢ ᠡᠭᠦᠳᠴᠦ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠬᠠᠪᠰᠤᠷᠤᠨ ᠨᠡᠶᠢᠭᠡᠮ ᠳᠤ ᠨᠠᠩ ᠰᠠᠶᠢᠨ ᠵᠣᠬᠢᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠳᠤ ᠠᠴᠢ ᠬᠠᠷᠢᠭᠤᠯᠬᠤ ᠪᠠᠷ ᠴᠢᠷᠮᠠᠶᠢᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠤᠪᠢ ᠨᠡᠮᠡᠷᠢ ᠪᠠᠨ ᠦᠵᠡᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1