︽ᠯᠧᠢ ᠹᠧᠩ  ᠠᠴᠠ ᠰᠤᠷᠤᠯᠴᠠᠶ᠎ᠠ · ᠪᠣᠯᠪᠠᠰᠤᠨ ᠢᠶᠠᠷ ᠥᠪᠡᠷ ᠤᠨ ᠠᠵᠢᠯᠯᠠᠭ᠎ᠠ ᠪᠠᠨ ᠦᠢᠯᠡᠳᠦᠯᠭᠡᠵᠢᠭᠦᠯᠦᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ ᠰᠢᠶᠠᠩ ᠾᠧ ᠨᠡᠶᠢᠭᠡᠮ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2024/3/6
      ᠭᠤᠷᠪᠠᠨ ᠰᠠᠷ᠎ᠠ ᠶᠢᠨ ᠬᠠᠪᠤᠷ ᠤᠨ ᠤᠷᠢᠬᠠᠨ ᠰᠠᠯᠬᠢᠨ ᠳᠤ ᠯᠧᠢ ᠹᠧᠩ ᠤᠨ ᠵᠣᠷᠢᠭ ᠰᠠᠨᠠᠭ᠎ᠠ ᠳᠠᠭᠤᠷᠢᠰᠤᠨ᠎ᠠ᠃ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠡᠷᠬᠢᠮ ᠰᠤᠷᠲᠠᠯ ᠰᠢᠨ᠎ᠡ ᠰᠤᠷᠲᠠᠯ ᠢ ᠰᠠᠨᠠᠭᠠᠴᠢᠯᠠᠨ ᠪᠤᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠨᠳᠤᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ   ᠶᠢ ᠦᠢᠯᠡᠳᠦᠯᠭᠡᠵᠢᠭᠦᠯᠬᠦ ᠶᠢᠨ ᠲᠦᠯᠦᠭᠡ᠂ 3 ᠳ᠋ᠤᠭᠠᠷ ᠰᠠᠷ᠎ᠠ ᠶᠢᠨ 5 ᠤ ᠡᠳᠦᠷ ᠤᠨ ︽ᠯᠧᠢ ᠹᠧᠩ ᠠᠴᠠ ᠰᠤᠷᠤᠯᠴᠠᠭᠰᠠᠨ ᠳᠤᠷᠠᠰᠬᠠᠯ ᠤᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠲᠣᠭᠲᠠᠬᠤ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠱᠤᠸᠠᠩ ᠾᠧ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠰᠢᠶᠠᠩ ᠾᠧ ᠨᠡᠶᠢᠭᠡᠮ ᠲᠣᠭᠤᠷᠢᠭ᠂ ᠫᠢᠩ ᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ ᠬᠠᠮᠲᠤᠷᠠᠨ 2024 ᠣᠨ ᠤ ︽ᠯᠧᠢ ᠹᠧᠩ ᠠᠴᠠ ᠰᠤᠷᠤᠯᠴᠠᠭᠰᠠᠨ · ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠶᠢᠨ ᠳᠤᠮᠳᠠ ᠰᠠᠶᠢᠨ ᠳᠤᠷ᠎ᠠ ᠶᠢᠨ ᠦᠢᠯᠡᠴᠢᠯᠡᠭᠴᠢᠳ ᠪᠣᠯᠣᠨ ᠰᠠᠭᠤᠭᠠᠯᠢ ᠠᠷᠠᠳ ᠯᠧᠢ ᠹᠧᠩ ᠤᠨ ᠵᠣᠷᠢᠭ ᠰᠠᠨᠠᠭ᠎ᠠ ᠶᠢ ᠤᠬᠠᠭᠤᠯᠬᠤ ᠪᠠᠷ ᠭᠤᠣᠯ ᠰᠡᠳᠦᠪ ᠪᠣᠯᠭᠠᠭᠰᠠᠨ ᠺᠢᠨᠣ᠋ ᠶᠢ ᠦᠵᠡᠪᠡ᠃ ᠺᠢᠨᠣ᠋ ᠳᠤ ᠯᠧᠢ ᠹᠧᠩ ᠨᠥᠬᠦᠷ ᠤᠨ ᠬᠠᠷᠠᠮ ᠦᠭᠡᠢ ᠵᠣᠷᠢᠭᠤᠯᠬᠤ ᠪᠠ ᠪᠤᠰᠤᠳ ᠢ ᠬᠠᠪᠰᠤᠷᠬᠤ ᠵᠣᠷᠢᠭ ᠰᠠᠨᠠᠭ᠎ᠠ ᠨᠢ ᠦᠵᠡᠭᠴᠢᠳ ᠨᠢᠭᠡᠪᠦᠷᠢ ᠶᠢᠨ ᠰᠡᠳᠬᠢᠯ ᠢ ᠭᠦᠨ᠎ᠡ ᠬᠥᠳᠡᠯᠭᠡᠵᠦ᠂ ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠬᠥᠭᠵᠢᠭᠡᠵᠡᠢ᠃ ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠲᠣᠭᠲᠠᠬᠤ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠮᠴᠢ ᠨᠠᠷ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠵᠥᠪᠯᠡᠯᠭᠡ ᠥᠭᠬᠦ᠂ ᠴᠢᠰᠤᠨ ᠳᠠᠷᠤᠯᠲᠠ ᠶᠢ ᠬᠡᠮᠵᠢᠬᠦ ᠵᠡᠷᠭᠡ ᠦᠢᠯᠡᠴᠢᠯᠡᠭᠡ ᠬᠠᠩᠭᠠᠵᠤ᠂ ᠪᠣᠳᠠᠲᠠᠢ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠳᠠᠮᠵᠢᠭᠤᠯᠵᠠᠢ᠃ ᠬᠠᠮᠤᠭ ᠤᠨ ᠰᠡᠭᠦᠯ ᠳᠤ᠂ ᠰᠠᠶᠢᠨ ᠳᠤᠷ᠎ᠠ ᠶᠢᠨ ᠠᠵᠢᠯᠯᠠᠭᠴᠢᠳ ᠯᠧᠢ ᠹᠧᠩ ᠨᠥᠬᠦᠷ ᠤᠨ ᠨᠢᠭᠡ ᠨᠠᠰᠤᠨ ᠤ ᠦᠢᠯᠡ ᠠᠵᠢᠯᠯᠠᠭ᠎ᠠ ᠪᠣᠯᠣᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠯᠧᠢ ᠹᠧᠩ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠦᠢᠯᠡᠳᠦᠯᠭᠡᠵᠢᠭᠦᠯᠵᠦ᠂ ᠠᠬᠤᠢ ᠲᠠᠯᠠᠪᠠᠶ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠤᠯᠵᠠᠢ᠃      ᠲᠣᠰ ᠤᠳᠠᠭᠠᠨ ᠤ ︽ᠯᠧᠢ ᠹᠧᠩ ᠠᠴᠠ ᠰᠤᠷᠤᠯᠴᠠᠵᠤ · ᠪᠣᠯᠪᠠᠰᠤᠨ ᠢᠶᠠᠷ ᠥᠪᠡᠷ ᠤᠨ ᠠᠵᠢᠯᠯᠠᠭ᠎ᠠ ᠪᠠᠨ ᠦᠢᠯᠡᠳᠦᠯᠭᠡᠵᠢᠭᠦᠯᠦᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ ᠨᠢ ᠰᠠᠭᠤᠭᠠᠯᠢ ᠠᠷᠠᠳ ᠲᠤ ᠯᠧᠢ ᠹᠧᠩ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠺᠢᠨᠣ᠋ ᠦᠵᠡᠬᠦ᠂ ᠠᠯᠪᠠᠨ ᠵᠢᠷᠤᠮ ᠤᠨ ᠡᠮᠴᠢᠯᠡᠭᠡ ᠬᠢᠬᠦ ᠪᠠ ᠥᠯᠢᠭᠡᠷ ᠬᠤᠪᠢᠶᠠᠯᠴᠠᠨ ᠡᠳ᠋ᠯᠡᠬᠦ ᠳᠤᠮᠳᠠ   ᠠᠴᠠ ᠯᠧᠢ ᠹᠧᠩ ᠤᠨ ᠵᠣᠷᠢᠭ ᠰᠠᠨᠠᠭᠠᠨ ᠤ ᠬᠦᠴᠦᠨ ᠴᠢᠳᠠᠯ ᠢ ᠪᠡᠶ᠎ᠡ ᠪᠠᠷ ᠢᠶᠠᠨ ᠮᠡᠳᠡᠷᠡᠭᠦᠯᠦᠭᠰᠡᠨ ᠪᠠᠶᠢᠨ᠎ᠠ᠃ ᠰᠠᠭᠤᠭᠠᠯᠢ ᠠᠷᠠᠳ᠂ ᠡᠨᠡᠬᠦ ᠬᠠᠷᠠᠮ ᠦᠭᠡᠢ ᠵᠣᠷᠢᠭᠤᠯᠬᠤ᠂ ᠪᠤᠰᠤᠳ ᠢ ᠳᠤᠷᠠᠲᠠᠶ᠎ᠠ ᠲᠤᠰᠠᠯᠠᠬᠤ ᠵᠣᠷᠢᠭ ᠰᠠᠨᠠᠭ᠎ᠠ ᠶᠢ ᠡᠳᠦᠷ ᠳᠤᠳᠤᠮ ᠤᠨ ᠠᠮᠢᠳᠤᠷᠠᠯ ᠳᠤ ᠠᠭᠤᠰᠬᠠᠵᠤ᠂ ᠨᠡᠶᠢᠭᠡᠮ ᠲᠣᠭᠤᠷᠢᠭ ᠪᠣᠯᠣᠨ ᠨᠡᠶᠢᠭᠡᠮ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1