ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2024/3/6
      ᠨᠢᠭᠡ᠂ ᠰᠤᠷᠭᠠᠭᠤᠯᠢ ᠶᠢᠨ ᠲᠣᠪᠴᠢ ᠲᠠᠨᠢᠯᠴᠠᠭᠤᠯᠭ᠎ᠠ      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠭᠤᠷᠪᠠᠳᠤᠭᠠᠷ ᠳᠤᠮᠳᠠᠳᠤ ᠰᠤᠷᠭᠠᠭᠤᠯᠢ ᠶᠢ 2014 ᠣᠨ ᠤ 9 ᠳ᠋ᠤᠭᠡᠷ ᠰᠠᠷ᠎ᠠ ᠳᠤ ᠡᠬᠢᠯᠡᠨ ᠪᠠᠶᠢᠭᠤᠯᠵᠤ᠂ ᠬᠥᠬᠡᠬᠤᠲᠠ ᠶᠢᠨ ᠲᠣᠭᠲᠠᠬᠤ ᠰᠢᠶᠠᠨ ᠳᠤ᠂ ᠬᠥᠬᠡᠬᠤᠲᠠ ᠪᠤᠭᠤᠲᠤ ᠣᠷᠳᠣᠰ ᠤᠨ ᠠᠯᠲᠠᠨ ᠭᠤᠷᠪᠠᠯᠵᠢᠨ ᠨᠡᠭᠡᠭᠡᠨ ᠬᠥᠭᠵᠢᠭᠦᠯᠬᠦ ᠣᠷᠣᠨ ᠳᠤ ᠪᠠᠶᠢᠷᠢᠯᠠᠨ᠂ ᠶᠢᠰᠦᠨ ᠵᠢᠯ ᠤᠨ ᠳᠦᠷᠢᠮᠲᠦ ᠠᠯᠪᠠᠨ ᠠᠴᠠ ᠡᠷᠭᠢᠯᠡᠭᠰᠡᠨ ᠵᠢᠱᠢᠶ᠎ᠡ ᠦᠵᠡᠭᠦᠯᠬᠦ ᠴᠢᠨᠠᠷᠲᠠᠢ ᠰᠤᠷᠭᠠᠭᠤᠯᠢ ᠪᠣᠯᠣᠨ᠎ᠠ᠂ ᠰᠤᠷᠭᠠᠭᠤᠯᠢ ᠳᠤ ᠪᠠᠶᠢᠭ᠎ᠠ ᠰᠣᠷᠣᠭᠴᠢ 1900 ᠭᠠᠷᠤᠢ ᠪᠠᠶᠢᠵᠤ᠂ ᠥᠨᠳᠥᠷ ᠳᠤᠮᠳᠠᠳᠤ ᠶᠢᠨ ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠢ ᠬᠤᠪᠢ ᠨᠢ ᠵᠠᠯᠭᠠᠭ᠎ᠠ ᠪᠠᠷ ᠲᠤᠯᠤᠭᠠᠨ ᠵᠢᠯ ᠲᠣᠭᠲᠠᠬᠤ ᠰᠢᠶᠠᠨ ᠳᠤ ᠨᠢᠭᠡᠳᠦᠭᠡᠷ ᠲᠤ ᠣᠷᠣᠵᠤ᠂ ᠮᠠᠰᠢ ᠰᠠᠶᠢᠨ ᠨᠡᠶᠢᠭᠡᠮ ᠤᠨ ᠨᠡᠷ᠎ᠡ ᠬᠦᠨᠳᠦ ᠲᠠᠢ ᠶᠤᠮ᠃ ᠰᠤᠷᠭᠠᠭᠤᠯᠢ ᠶᠢᠨ ᠪᠠᠶᠢᠭ᠎ᠠ ᠭᠠᠵᠠᠷ ᠤᠨ ᠣᠷᠴᠢᠨ ᠲᠣᠭᠤᠷᠢᠨ ᠨᠢ ᠭᠤᠶᠢᠳᠠ ᠰᠠᠶᠢᠬᠠᠨ᠂ ᠵᠠᠮ ᠬᠠᠷᠢᠯᠴᠠᠭ᠎ᠠ ᠨᠢ ᠳᠥᠭᠦᠮᠬᠡᠨ᠂ ᠬᠥᠬᠡᠬᠤᠲᠠ ᠠᠴᠠ 55 ᠺᠢᠯᠣᠮᠧᠲᠷ ᠣᠷᠴᠢᠮ᠂ ᠲᠣᠭᠲᠠᠬᠤ ᠰᠢᠶᠠᠨ ᠤ ᠭᠠᠯᠲᠤ ᠲᠡᠷᠭᠡᠨ ᠦᠷᠳᠡᠭᠡ ᠠᠴᠠ 6 ᠺᠢᠯᠣᠮᠧᠲᠷ ᠰᠢᠬᠠᠮ ᠵᠠᠶᠢᠲᠠᠢ᠃ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠪᠦᠷᠢᠨ᠂ ᠡᠬᠢᠯᠡᠯᠲᠡ ᠶᠢᠨ ᠴᠡᠭ ᠥᠨᠳᠥᠷ᠂ ᠪᠠᠷᠢᠮᠵᠢᠶ᠎ᠠ ᠥᠨᠳᠥᠷ ᠪᠠᠶᠢᠵᠤ᠂ ᠪᠠᠭᠰᠢ ᠶᠢᠨ ᠡᠩᠨᠡᠭᠡᠨ ᠳᠤ ᠮᠠᠰᠲ᠋ᠧᠷ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠠᠭᠰᠢ ᠪᠠᠷᠤᠭ 26% ᠶᠢ ᠡᠵᠡᠯᠡᠵᠦ ᠪᠣᠶ᠃      ᠬᠤᠶᠠᠷ᠂ ᠬᠠᠮᠢᠶ᠎ᠠ ᠪᠦᠬᠦᠢ ᠲᠣᠳᠣᠷᠬᠠᠶᠢᠯᠠᠯᠲᠠ      ︵ᠨᠢᠭᠡ︶  ᠡᠯᠰᠡᠬᠦ ᠡᠲᠡᠭᠡᠳ ᠤᠨ ᠨᠥᠬᠦᠴᠡᠯ      1᠂ ᠰᠤᠷᠭᠠᠨ ᠬᠥᠮᠦᠵᠢᠯ ᠤᠨ ᠦᠢᠯᠡᠰ ᠢ ᠬᠠᠶᠢᠷᠠᠯᠠᠵᠤ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ ᠬᠢᠴᠢᠶᠡᠩᠭᠦᠶᠢᠯᠡᠨ ᠵᠢᠷᠤᠮᠯᠠᠵᠤ᠂ ᠵᠠᠩ ᠰᠤᠷᠲᠠᠯ ᠲᠥᠪ᠂ ᠬᠠᠷᠠᠮ ᠦᠭᠡᠢ ᠵᠢᠳᠬᠦᠵᠦ᠂ ᠦᠨᠡᠨᠴᠢ ᠢᠲᠡᠭᠡᠮᠵᠢ ᠶᠢ ᠡᠷᠬᠢᠮᠯᠡᠨ᠂ ᠬᠦᠴᠢᠷ ᠵᠣᠪᠠᠭᠤᠷᠢ ᠶᠢ ᠠᠮᠰᠠᠵᠤ᠂ ᠲᠤᠬᠠᠶᠢᠯᠠᠭᠰᠠᠨ ᠠᠵᠢᠯ ᠳᠠᠭᠠᠨ ᠭᠠᠷᠮᠠᠭᠠᠢ᠂ ᠯᠠᠪᠳᠠᠭᠤᠨ ᠲᠣᠭᠲᠠᠭᠤᠨ᠂ ᠪᠦᠬᠦ ᠲᠠᠯ᠎ᠠ ᠶᠢ ᠬᠠᠷᠠᠭᠠᠯᠵᠠᠬᠤ ᠬᠡᠷᠡᠭᠲᠡᠢ᠃      2᠂ ᠵᠢᠩᠬᠢᠨᠢ ᠠᠩᠭᠢ ᠪᠤᠶᠤ ᠠᠰᠫᠢᠷᠠᠨᠲ ᠨᠢ ᠲᠡᠷᠢᠭᠦᠨ ᠪᠦᠯᠦᠭ ᠳᠡᠭᠡᠳᠦ ᠰᠤᠷᠭᠠᠭᠤᠯᠢ ᠳᠤ ᠰᠤᠷᠤᠯᠴᠠᠭᠰᠠᠨ ᠪᠤᠶᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠪᠢ ᠨᠢ ᠲᠡᠷᠢᠭᠦᠨ ᠪᠦᠯᠦᠭ ᠤᠨ ᠰᠢᠯᠭᠠᠯᠲᠠ ᠶᠢᠨ  ᠬᠤᠪᠢ ᠠᠴᠠ ᠲᠡᠭᠡᠷ᠎ᠡ ᠪᠠᠶᠢᠬᠤ᠂ ᠪᠣᠯᠪᠠᠰᠤᠷᠠᠩᠭᠤᠢ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠪᠠ ᠬᠢᠴᠢᠶᠡᠯ ᠤᠨ ᠲᠢᠩᠬᠢᠮ ᠤᠨ ᠡᠵᠡᠮᠳᠡᠬᠦ ᠴᠢᠳᠠᠪᠤᠷᠢ ᠲᠠᠢ ᠪᠠᠶᠢᠵᠤ᠂ ᠰᠣᠷᠣᠭᠰᠠᠨ ᠲᠤᠰᠬᠠᠢ ᠮᠡᠷᠭᠡᠵᠢᠯ ᠨᠢ ᠭᠤᠶᠤᠴᠢᠯᠠᠭᠰᠠᠨ ᠰᠢᠨᠵᠢᠯᠡᠭᠡᠨ ᠤ ᠰᠠᠯᠠᠭ᠎ᠠ ᠲᠠᠢ ᠣᠶᠢᠷᠠᠯᠴᠠᠭ᠎ᠠ ᠪᠠᠶᠢᠳᠠᠭ᠃      3᠂ ᠥᠨᠳᠥᠷ ᠳᠠᠷᠤᠭᠠᠰᠤ ᠲᠠᠢ᠂ ᠥᠨᠳᠥᠷ ᠬᠦᠴᠦᠯᠡᠴᠡ ᠲᠠᠢ ᠠᠵᠢᠯ ᠢ ᠳᠠᠭᠠᠭᠠᠵᠤ ᠳᠡᠶᠢᠯᠬᠦ ᠮᠥᠷᠲᠡᠭᠡᠨ ᠪᠦᠯᠬᠦᠮ ᠨᠡᠶᠢᠲᠡ ᠶᠢᠨ ᠬᠠᠮᠲᠤᠷᠠᠨ ᠠᠵᠢᠯᠯᠠᠬᠤ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠢ᠃      4᠂ ᠨᠡᠯᠢᠶᠡᠳ ᠴᠢᠩᠭ᠎ᠠ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠ ᠨᠡᠶᠢᠭᠡᠮ ᠳᠤ ᠵᠣᠬᠢᠴᠠᠬᠤ ᠴᠢᠳᠠᠪᠤᠷᠢ ᠲᠠᠢ ᠪᠠᠶᠢᠵᠤ᠂ ᠬᠥᠬᠡᠬᠤᠲᠠ ᠶᠢᠨ ᠡᠷᠬᠢᠨ ᠲᠣᠭᠤᠷᠢᠨ ᠤ ᠭᠠᠵᠠᠷ ᠣᠷᠣᠨ ᠳᠤ ᠣᠷᠳᠣ ᠬᠤᠭᠤᠴᠠᠭ᠎ᠠ ᠪᠠᠷ ᠠᠵᠢᠯᠯᠠᠬᠤ ᠬᠦᠰᠡᠯ ᠲᠠᠢ ᠪᠠᠶᠢᠬᠤ ᠬᠡᠷᠡᠭᠲᠡᠢ᠃      5᠂ ᠨᠡᠶᠢᠲᠡᠯᠢᠭ ᠬᠡᠯᠡᠨ ᠤ ᠬᠤᠶᠠᠳᠤᠭᠠᠷ ᠳᠡᠰ ᠤᠨ ᠬᠥᠬᠡ ᠳᠡᠰ ᠠᠴᠠ ᠳᠡᠭᠡᠭᠰᠢᠬᠢ ᠦᠨᠡᠮᠯᠡᠯ ᠲᠠᠢ ᠬᠥᠮᠥᠰ ᠢ ᠤᠷᠢᠳ ᠢᠶᠠᠷ ᠰᠣᠩᠭᠤᠨ ᠬᠡᠷᠡᠭᠯᠡᠵᠦ᠂ ᠡᠯ᠎ᠡ ᠰᠢᠨᠵᠢᠯᠡᠭᠡᠨ ᠤ ᠰᠠᠯᠠᠭ᠎ᠠ ᠨᠢ ᠵᠠᠷᠴᠢᠮ ᠳᠡᠭᠡᠷ᠎ᠡ ᠪᠠᠨ ᠶᠡᠭᠡ ᠰᠤᠷᠭᠠᠭᠤᠯᠢ  ᠶᠢᠨ ᠠᠩᠭ᠍ᠯᠢ ᠬᠡᠯᠡᠨ ᠤ ᠳᠥᠷᠪᠡᠳᠦᠭᠡᠷ ᠳᠡᠰ ᠤᠨ ᠦᠨᠡᠮᠯᠡᠯ ᠲᠠᠢ ᠬᠥᠮᠥᠰ ᠢ ᠤᠷᠢᠳ ᠢᠶᠠᠷ ᠰᠣᠩᠭᠤᠨ ᠬᠡᠷᠡᠭᠯᠡᠨ᠎ᠡ᠃      6᠂ ᠠᠳᠠᠯᠢ ᠪᠤᠰᠤ ᠰᠤᠷᠤᠯᠭ᠎ᠠ ᠶᠢᠨ ᠬᠤᠭᠤᠴᠠᠭᠠᠨ ᠤ ᠵᠢᠭᠠᠨ ᠰᠤᠷᠭᠠᠯᠲᠠ ᠶᠢᠨ ᠠᠵᠢᠯ ᠢ ᠡᠭᠦᠷᠭᠡᠯᠡᠵᠦ ᠳᠡᠶᠢᠯᠬᠦ ᠪᠥᠭᠡᠳ ᠣᠯᠠᠨ ᠰᠢᠨᠵᠢᠯᠡᠭᠡᠨ ᠤ ᠬᠢᠴᠢᠶᠡᠯ ᠬᠥᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ ᠲᠠᠢ᠃      7᠂ ᠦᠨᠡᠨᠴᠢ ᠰᠡᠳᠬᠢᠯ ᠦᠭᠡᠢ ᠬᠥᠮᠥᠨ ᠲᠣᠪᠴᠢ ᠨᠠᠮᠲᠠᠷ ᠢᠶᠠᠨ ᠪᠢᠲᠡᠭᠡᠢ ᠲᠤᠰᠢᠶᠠᠭᠠᠷᠠᠢ᠃      ︵ᠬᠤᠶᠠᠷ︶ ᠤᠷᠢᠨ ᠬᠡᠷᠡᠭᠯᠡᠬᠦ ᠠᠵᠢᠯ ᠤᠨ ᠪᠠᠶᠢᠷᠢ      1᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠣᠭᠠᠨ ᠤ ᠤᠬᠠᠭᠠᠨ ᠤ ᠪᠠᠭᠰᠢ 1 ᠨᠠᠷᠠᠰ︔      2᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ 1 ᠨᠠᠷᠠᠰ︔      ︵ᠭᠤᠷᠪᠠ︶ ᠡᠯᠰᠡᠬᠦ ᠲᠠᠰ ᠳᠠᠷᠠᠭᠠᠯᠠᠯ      1᠂ ᠭᠠᠭᠴᠠ ᠬᠤᠪᠢ ᠡᠯᠧᠺᠲᠷᠣᠨ ᠲᠣᠪᠴᠢ ᠨᠠᠮᠲᠠᠷ ᠢ ᠬᠦᠷᠭᠡᠨ᠎ᠡ᠂ ᠡᠯᠧᠺᠲᠷᠣᠨ ᠲᠣᠪᠴᠢ ᠨᠠᠮᠲᠠᠷ ᠤᠨ ᠭᠤᠣᠯ ᠰᠡᠳᠦᠪ ᠨᠢ᠄ ᠰᠤᠷᠭᠠᠭᠤᠯᠢ + ᠰᠢᠨᠵᠢᠯᠡᠭᠡᠨ ᠤ ᠰᠠᠯᠠᠭ᠎ᠠ + ᠰᠤᠷᠤᠯᠭ᠎ᠠ   ᠶᠢᠨ ᠨᠠᠮᠲᠠᠷ + ᠣᠪᠣᠭ ᠨᠡᠷ᠎ᠡ᠃      2᠂ ᠡᠯᠰᠡᠭᠳᠡᠭᠰᠡᠳ ᠤᠨ ᠬᠢᠷᠢ ᠬᠡᠮ ᠢ ᠬᠢᠨᠠᠨ ᠪᠠᠶᠢᠴᠠᠭᠠᠵᠤ᠂ ᠨᠢᠭᠤᠷᠲᠠᠨ ᠰᠢᠯᠭᠠᠬᠤ ᠨᠡᠷᠡᠰ ᠢ ᠲᠣᠭᠲᠠᠭᠠᠨ᠎ᠠ      3᠂ ᠠᠵᠢᠯᠲᠠᠨ ᠡᠯᠰᠡᠬᠦ ᠳᠤᠭᠤᠶᠢᠯᠠᠩ ᠠᠴᠠ ᠡᠯᠰᠡᠭᠳᠡᠭᠰᠡᠳ ᠢ ᠨᠢᠭᠤᠷᠲᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ᠎ᠠ᠃      ︵ᠳᠥᠷᠪᠡ︶   ᠬᠦᠯᠦᠰᠦ ᠣᠯᠭᠤᠮᠵᠢ      ᠰᠣᠩᠭᠤᠨ ᠤᠷᠢᠭᠰᠠᠨ ᠬᠥᠮᠥᠰ ᠨᠢ ᠠᠵᠢᠯ ᠦᠢᠯᠡᠰ ᠤᠨ ᠨᠢᠭᠡᠴᠡ ᠶᠢᠨ ᠡᠳ᠋ ᠤᠨ ᠵᠠᠰᠠᠭ ᠠᠴᠠ ᠰᠠᠯᠭᠠᠨ ᠥᠭᠭᠦᠭᠰᠡᠨ ᠠᠳᠠᠯᠢ ᠲᠥᠷᠥᠯ ᠤᠨ ᠠᠵᠢᠯᠲᠠᠨ ᠠᠵᠢᠯᠴᠢᠨ ᠤ ᠴᠠᠯᠢᠩ ᠤᠨ ᠣᠯᠭᠤᠮᠵᠢ ︵ᠲᠠᠪᠤᠨ ᠳᠠᠭᠠᠳᠬᠠᠯ ᠨᠢᠭᠡ ᠮᠥᠩᠭᠦ ᠪᠠᠭᠲᠠᠨ᠎ᠠ︶ ᠶᠢ ᠭᠥᠷᠳᠡᠵᠦ᠂ ᠭᠠᠭᠴᠠ ᠬᠥᠮᠥᠨ ᠤ ᠨᠡᠶᠢᠲᠡ ᠶᠢᠨ ᠪᠠᠶᠢᠷᠢ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠨ᠎ᠠ᠃      ᠭᠤᠷᠪᠠ᠂ ᠬᠠᠷᠢᠯᠴᠠᠬᠤ ᠠᠷᠭ᠎ᠠ ᠮᠠᠶ᠋ᠢᠭ      ᠢᠮᠧᠯ᠄ TXQHX@163.com      ᠬᠠᠷᠢᠯᠴᠠᠬᠤ ᠬᠥᠮᠥᠨ᠄ ᠵᠦ ᠪᠠᠭᠰᠢ      ᠬᠠᠷᠢᠯᠴᠠᠬᠤ ᠤᠲᠠᠰᠤ᠄ 18847152983      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠭᠤᠷᠪᠠᠳᠤᠭᠠᠷ ᠳᠤᠮᠳᠠᠳᠤ ᠰᠤᠷᠭᠠᠭᠠᠤᠯᠢ             2024 ᠣᠨ ᠤ 3  ᠳ᠋ᠤᠭᠠᠷ ᠰᠠᠷ᠎ᠠ ᠶᠢᠨ 5 ᠤ ᠡᠳᠦᠷ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1