ᠲᠣᠭᠲᠠᠬᠤ ᠰᠢᠶᠠᠨ 2024 ᠣᠨ ᠤ ᠳᠤᠮᠳᠠᠳᠤ ᠤᠯᠤᠰ ᠤᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠮᠡᠷᠭᠡᠵᠢᠯ ᠤᠨ ᠶᠡᠭᠡ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/3/7
      3 ᠳ᠋ᠤᠭᠠᠷ ᠰᠠᠷ᠎ᠠ ᠶᠢᠨ 4 ᠤ ᠡᠳᠦᠷ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠭᠤᠣ ᠵᠧᠩ ᠱᠠᠨᠳᠦ᠋ᠩ ᠮᠤᠵᠢ ᠶᠢᠨ ᠵᠢᠨᠠᠨ ᠬᠤᠲᠠ ᠳᠤ ᠶᠠᠪᠤᠭᠳᠠᠭᠰᠠᠨ 2024 ᠣᠨ ᠤ ᠳᠤᠮᠳᠠᠳᠤ ᠤᠯᠤᠰ ᠤᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠮᠡᠷᠭᠡᠵᠢᠯ ᠤᠨ ᠶᠡᠭᠡ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ︽ᠬᠠᠮᠲᠤ ᠪᠠᠷ ᠡᠳ᠋ᠯᠡᠬᠦ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠵᠠ ᠲᠣᠬᠢᠶᠠᠯ᠂ ᠠᠮᠢᠳᠤ ᠪᠣᠳᠠᠰ ᠤᠨ ᠡᠮ ᠡᠮᠨᠡᠯᠭᠡ ᠶᠢᠨ ᠰᠢᠨ᠎ᠡ ᠢᠷᠡᠭᠡᠳᠦᠢ ᠶᠢ ᠬᠠᠮᠲᠤᠪᠠᠷ ᠰᠦᠪᠡᠭᠴᠢᠯᠡᠶ᠎ᠡ︾ ᠭᠡᠬᠦ ᠮᠡᠳᠡᠭᠦᠯᠦᠯᠲᠡ ᠳᠤ᠂ ᠲᠣᠭᠲᠠᠬᠤ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ᠂ ᠭᠤᠣᠯᠳᠠᠯᠭ᠎ᠠ ᠲᠠᠢ ᠲᠦᠷᠦᠯ ᠵᠦᠢᠯ᠂ ᠵᠢᠷᠭᠤᠭᠠᠨ ᠶᠡᠭᠡ ᠬᠥᠭᠵᠢᠯᠲᠡ ᠶᠢᠨ ᠳᠠᠪᠠᠭᠤᠯᠢᠭ ᠢ ᠲᠠᠨᠢᠯᠴᠠᠭᠤᠯᠤᠭᠰᠠᠨ ᠪᠥᠭᠡᠳ ᠠᠮᠢᠳᠤ ᠪᠣᠳᠠᠰ ᠤᠨ ᠢᠰᠬᠡᠯᠲᠡ ᠶᠢᠨ ᠠᠵᠢᠯ ᠲᠦᠷᠦᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠲᠣᠭᠲᠠᠬᠤ ᠰᠢᠶᠠᠨ ᠳᠤ ᠤᠷᠢᠵᠤ ᠰᠢᠨᠵᠢᠯᠡᠨ ᠪᠠᠶᠢᠴᠠᠭᠠᠯᠭᠠᠵᠤ ᠵᠢᠭᠠᠨ ᠵᠢᠯᠤᠭᠤᠳᠴᠤ᠂ ᠦᠢᠯᠡᠰ ᠪᠣᠰᠬᠠᠵᠤ᠂ ᠳᠤᠮᠳᠠᠳᠤ ᠤᠯᠤᠰ ᠤᠨ ᠠᠮᠢᠳᠤ ᠪᠣᠳᠠᠰ ᠤᠨ ᠢᠰᠬᠡᠯᠲᠡ ᠶᠢᠨ ᠬᠦᠴᠦᠷᠬᠡᠭ ᠤᠯᠤᠰ ᠲᠡᠰᠢ ᠤᠷᠤᠭᠰᠢᠯᠠᠬᠤ ᠳᠤ ᠬᠠᠮᠲᠤᠪᠠᠷ ᠬᠤᠪᠢ ᠨᠡᠮᠡᠷᠢ ᠦᠵᠡᠭᠦᠯᠦᠶ᠎ᠡ ᠭᠡᠵᠡᠢ᠃      ᠲᠣᠰ ᠤᠳᠠᠭᠠᠨ ᠤ ᠶᠡᠭᠡ ᠬᠤᠷᠠᠯ ᠢ ᠳᠤᠮᠳᠠᠳᠤ ᠤᠯᠤᠰ ᠤᠨ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠨᠡᠶᠢᠭᠡᠮᠯᠢᠭ ᠠᠴᠠ ᠭᠤᠤᠯᠴᠢᠯᠠᠨ ᠡᠷᠭᠢᠯᠡᠵᠦ᠂ ᠬᠤᠸᠠ ᠰᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠠᠮᠵᠢᠯᠴᠠᠨ ᠡᠷᠭᠢᠯᠡᠪᠡ᠂ ᠬᠤᠷᠠᠯ ᠤᠨ ᠭᠤᠣᠯ ᠰᠡᠳᠦᠪ ᠨᠢ᠄ ︽ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠵᠤ ᠲᠠᠰ ᠳᠡᠪᠰᠢᠭᠦᠯᠬᠦ ᠶᠢ ᠳᠠᠪᠬᠤᠴᠠᠭᠤᠯᠤᠨ ᠤᠷᠤᠯᠠᠭᠤᠯᠤᠶ᠎ᠠ︾ ᠪᠤᠯᠤᠨ᠎ᠠ᠃ ᠤᠯᠤᠰ ᠤᠨ ᠳᠣᠲᠣᠭᠠᠳᠤ ᠶᠢᠨ ᠠᠮᠢᠳᠤ ᠪᠣᠳᠠᠰ ᠤᠨ ᠢᠰᠬᠡᠯᠲᠡ ᠶᠢᠨ ᠬᠦᠷᠢᠶᠡᠨ ᠤ ᠳᠥᠷᠪᠡᠨ ᠠᠺᠠᠳᠧᠮᠢᠴᠢ ᠪᠠ ᠠᠯᠳᠠᠷᠲᠤ ᠲᠤᠰᠬᠠᠢ ᠮᠡᠷᠭᠡᠵᠢᠯᠲᠡᠨ ᠡᠷᠳᠡᠮᠲᠡᠨ᠂ ᠠᠮᠢᠳᠤ ᠪᠣᠳᠠᠰ ᠤᠨ ᠢᠰᠬᠡᠯᠲᠡ ᠶᠢᠨ ᠠᠵᠢᠯ ᠲᠥᠷᠥᠯ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠶᠢ ᠤᠷᠢᠵᠤ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠠᠢ ᠲᠤᠰᠬᠠᠢ ᠰᠡᠳᠦᠪ ᠢᠶᠠᠷ ᠰᠣᠯᠢᠯᠴᠠᠭ᠎ᠠ ᠬᠢᠯᠭᠡᠵᠡᠢ᠃ ᠬᠥᠭᠵᠢᠯᠲᠡ ᠶᠢᠨ ᠲᠤᠷᠰᠢᠯᠭ᠎ᠠ ᠪᠠᠨ ᠬᠤᠪᠢᠶᠠᠯᠴᠠᠵᠤ᠂ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠬᠥᠭᠵᠢᠯᠲᠡ ᠶᠢ ᠬᠠᠮᠲᠤᠪᠠᠷ ᠠᠬᠢᠭᠤᠯᠵᠤ᠂ ᠪᠦᠬᠦ ᠤᠯᠤᠰ ᠤᠨ ᠡᠯ᠎ᠡ ᠭᠠᠵᠠᠷ ᠤᠨ ᠠᠮᠢᠳᠤ ᠪᠣᠳᠠᠰ ᠤᠨ ᠢᠰᠬᠡᠯᠲᠡ ᠵᠢᠴᠢ ᠬᠤᠯᠪᠣᠭᠳᠠᠯ ᠪᠦᠬᠦᠢ ᠠᠵᠢᠯ ᠲᠦᠷᠦᠯ ᠤᠨ ᠦᠢᠯᠡᠳᠪᠦᠷᠢᠯᠡᠯ ᠤᠨ ᠠᠵᠤ ᠠᠬᠤᠶᠢᠯᠠᠯ᠂ ᠬᠡᠷᠡᠭᠯᠡᠭᠡᠨ ᠤ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠵᠡᠷᠭᠡ ᠶᠢᠨ ᠲᠥᠯᠥᠭᠡᠯᠡᠭᠴᠢ 400 ᠭᠠᠷᠤᠢ ᠬᠥᠮᠥᠨ ᠶᠡᠭᠡ ᠬᠤᠷᠠᠯ ᠳᠤ ᠣᠷᠣᠯᠴᠠᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1