ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2024/3/7
      ᠡᠨᠡ ᠵᠢᠯ ᠤᠨ 3 ᠳ᠋ᠤᠭᠠᠷ ᠰᠠᠷ᠎ᠠ   ᠶᠢᠨ 5 ᠤ ᠡᠳᠦᠷ ᠪᠣᠯ ᠪᠦᠬᠦ ᠤᠯᠤᠰ ᠤᠨ ᠯᠧᠢ ᠹᠧᠩ   ᠠᠴᠠ ᠰᠤᠷᠤᠯᠴᠠᠭᠰᠠᠨ 61 ᠳ᠋ᠤᠭᠡᠷ ᠳᠤᠷᠠᠰᠬᠠᠯ ᠤᠨ ᠡᠳᠦᠷ ᠪᠣᠯᠣᠨ᠎ᠠ᠃ ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ︽ᠡᠮᠡᠭᠲᠡᠶᠢᠴᠦᠳ ᠤᠨ ᠰᠠᠶᠢᠨ ᠳᠤᠷ᠎ᠠ ᠶᠢᠨ ᠬᠠᠶᠢᠷ᠎ᠠ ᠬᠠᠯᠠᠮᠵᠢ ᠶᠢᠨ ᠠᠶᠠᠯᠠᠯ︾ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠰᠢᠶᠠᠨ ᠤ ᠨᠠᠮ ᠤᠨ ᠬᠤᠷᠢᠶ᠎ᠠ᠂ ᠳ᠋ᠠ ᠲᠠᠩ ᠤᠨ ᠣᠯᠠᠨ ᠤᠯᠤᠰ ᠤᠨ ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ ᠺᠤᠮᠫᠠᠨᠢ ᠬᠠᠮᠳᠤᠷᠠᠨ ︽ᠭᠤᠷᠪᠠᠳᠤᠭᠠᠷ ᠰᠠᠷ᠎ᠠ ᠳᠤ ᠯᠧᠢ ᠹᠧᠩ ᠠᠴᠠ ᠰᠤᠷᠤᠯᠴᠠᠨ ᠥᠪᠡᠷ ᠢ ᠪᠠᠨ ᠦᠢᠯᠡᠳᠦᠯᠭᠡᠵᠢᠭᠦᠯᠬᠦ ᠠᠵᠢᠯᠯᠠᠭ᠎ᠠ︾ ᠭᠡᠬᠦ ᠭᠤᠣᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃      3 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ 20 ᠭᠠᠷᠤᠢ ᠰᠠᠶᠢᠨ ᠳᠤᠷ᠎ᠠ ᠶᠢᠨ ᠠᠵᠢᠯᠯᠠᠭᠴᠢ ᠰᠢᠶᠠᠩ ᠳ᠋ᠦᠩ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ ᠢᠷᠡᠵᠦ᠂ ᠨᠠᠰᠤᠲᠠᠶᠢᠴᠤᠳ ᠲᠤ 1000 ᠭᠠᠷᠤᠢ ᠲᠥᠭᠦᠷᠢᠭ ᠤᠨ ᠦᠨ᠎ᠡ ᠲᠠᠢ ᠦᠨᠢᠶᠡᠨ ᠰᠦ ᠬᠦᠷᠭᠡᠬᠦ ᠶᠢᠨ ᠬᠠᠮᠲᠤ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠥᠪᠡᠷ ᠥᠪᠡᠷ ᠤᠨ ᠳᠠᠪᠠᠭᠤᠯᠢᠭ ᠢᠶᠠᠨ ᠦᠵᠡᠭᠦᠯᠵᠦ᠂ ᠲᠡᠳᠡᠨ ᠤ ᠵᠠᠷᠢᠮ ᠨᠢ ᠰᠢᠯ ᠵᠦᠯᠭᠦᠵᠦ᠂ ᠵᠠᠷᠢᠮ ᠨᠢ ᠨᠠᠰᠤᠲᠠᠨ ᠤ ᠦᠰᠦ ᠶᠢ ᠵᠠᠰᠠᠵᠤ᠂ ᠵᠠᠷᠢᠮ ᠨᠢ ᠨᠠᠰᠤᠲᠠᠨ ᠤ ᠲᠣᠯᠣᠭᠠᠢ ᠶᠢ ᠤᠬᠢᠶᠠᠵᠤ᠂ ᠪᠠᠰᠠ ᠵᠠᠷᠢᠮ ᠨᠢ ᠡᠳ᠋ ᠪᠣᠳᠠᠰ ᠢ ᠨᠢ ᠲᠡᠭᠰᠢᠯᠡᠵᠦ  ᠦᠭᠪᠡ ᠁ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠬᠦᠷ ᠬᠥᠭᠵᠢᠶᠡᠨ ᠲᠠᠢ ᠪᠠᠶᠢᠯ᠎ᠠ᠃ ᠰᠠᠶᠢᠨ ᠳᠤᠷ᠎ᠠ ᠶᠢᠨ ᠠᠵᠢᠯᠯᠠᠭᠴᠢᠳ ᠠᠵᠢᠯ ᠬᠢᠬᠦ ᠶᠢᠨ ᠳᠠᠭᠠᠤ ᠨᠠᠰᠤᠲᠠᠶᠢᠴᠤᠳ ᠲᠠᠢ ᠵᠣᠭᠤᠭᠳᠠᠵᠤ᠂ ᠨᠡᠶᠢᠲᠡ ᠶᠢᠨ ᠪᠠᠶᠢᠷᠢ ᠳᠤ ᠪᠠᠶᠠᠷ ᠬᠦᠷ ᠢᠶᠠᠷ ᠪᠢᠯᠬᠠᠵᠤ᠂ ᠰᠠᠶᠢᠨ ᠳᠤᠷ᠎ᠠ ᠶᠢᠨ ᠠᠵᠢᠯᠯᠠᠭᠴᠢᠳ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠭᠡᠪᠡ᠃      ᠰᠠᠶᠢᠨ ᠳᠤᠷ᠎ᠠ ᠶᠢᠨ ᠦᠢᠯᠡᠴᠢᠯᠡᠭᠴᠢᠳ ᠢᠯᠡᠷᠬᠡᠶᠢᠯᠡᠭᠰᠡᠨ ᠨᠢ᠂ ᠥᠪᠡᠷ ᠤᠨ ᠵᠢᠵᠢᠭ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠬᠤ᠂ ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠬᠦᠰᠡᠵᠦ ᠪᠠᠶᠢᠨ᠎ᠠ ᠭᠡᠵᠡᠢ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠣᠯᠠᠨ ᠶᠠᠩᠵᠤ ᠶᠢᠨ ᠬᠡᠯᠪᠡᠷᠢ ᠲᠠᠢ᠂ ᠡᠯᠪᠡᠭ ᠪᠠᠶᠠᠯᠢᠭ ᠠᠭᠤᠯᠭ᠎ᠠ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠡᠮᠡᠭᠲᠡᠢ ᠰᠠᠶᠢᠨ ᠳᠤᠷ᠎ᠠ ᠶᠢᠨ ᠠᠵᠢᠯᠯᠠᠭᠴᠢ ᠶᠢ ᠳᠠᠶᠢᠴᠢᠯᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯᠯᠠᠭ᠎ᠠ ᠳᠤ ᠣᠷᠣᠯᠴᠠᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1