ᠲᠣᠭᠲᠠᠬᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠲᠥᠪ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠣᠭᠤᠷᠢᠭ ᠲᠤ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/3/7
      ᠤᠷᠢᠬᠠᠨ ᠬᠠᠪᠤᠷ ᠤᠨ ᠭᠤᠷᠪᠠᠨ ᠰᠠᠷ᠎ᠠ ᠳᠤ᠂ ᠡᠬᠡ ᠭᠠᠵᠠᠷ ᠳᠤᠯᠠᠭᠠᠷᠠᠵᠤ ᠡᠪᠦᠯ ᠤᠨ ᠡᠳᠦᠷ ᠤᠨ ᠰᠡᠭᠦᠯᠴᠢ ᠶᠢᠨ ᠳᠠᠭᠤᠨ ᠢ ᠳᠠᠭᠠᠯᠳᠤᠨ ᠬᠤᠯᠠᠳᠴᠤ᠂ ᠶᠡᠭᠡ ᠭᠠᠵᠠᠷ ᠤᠨ ᠬᠦᠢᠲᠡᠨ ᠬᠢᠷᠠᠭᠤ ᠶᠢᠨ ᠬᠢᠷᠬᠢᠷ᠎ᠡ ᠨᠣᠶᠢᠷ ᠠᠴᠠ ᠪᠠᠨ ᠰᠡᠷᠢᠭᠡᠳ ᠮᠠᠨ ᠤ ᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠴᠦ ᠠᠭᠠᠵᠢᠮ ᠢᠶᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠱᠠᠲᠤᠨ ᠳᠤ ᠣᠷᠣᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠲᠦᠷᠦᠭᠦᠬᠡᠨ᠂ ᠲᠣᠭᠲᠠᠬᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠲᠥᠪ ᠤᠨ ᠠᠵᠢᠯᠲᠠᠨ ᠪᠣᠯᠣᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠲᠠᠷᠢᠶᠠᠨ ᠭᠠᠵᠠᠷ ᠲᠤ ᠭᠦᠨᠵᠡᠭᠡᠶᠢᠷᠡᠵᠦ᠂ 2023 ᠣᠨ ᠳᠤ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ ᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠳᠤ ᠪᠠᠶᠢᠴᠠᠭᠠᠯᠲᠠ ᠬᠢᠵᠦ᠂ ᠪᠠᠷᠢᠯᠭ᠎ᠠ ᠶᠢᠨ ᠪᠡᠯᠡᠳᠬᠡᠮᠵᠢ ᠲᠥᠬᠦᠭᠡᠷᠦᠮᠵᠢ ᠶᠢᠨ ᠪᠦᠷᠢᠨ ᠲᠡᠭᠦᠯᠳᠡᠷ᠂ ᠠᠵᠢᠯᠯᠠᠭᠠᠨ ᠤ ᠰᠠᠶᠢᠨ ᠪᠠᠶᠢᠬᠤ ᠶᠢ ᠦᠨᠡᠨᠬᠦ ᠪᠠᠲᠤᠯᠠᠵᠤ᠂ ᠲᠠᠷᠢᠶᠠᠴᠢᠨ ᠡᠷᠦᠬᠡ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠤᠭᠤᠴᠠᠭᠠᠨ ᠳᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠡᠪ ᠤᠨ ᠪᠠᠶᠢᠳᠠᠯ ᠢᠶᠠᠷ ᠡᠳ᠋ᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠪᠡ᠃
     ᠪᠠᠶᠢᠴᠠᠭᠠᠬᠤ ᠠᠵᠢᠯᠲᠠᠳ ᠲᠥᠷᠥᠯ ᠵᠦᠢᠯ ᠤᠨ ᠲᠣᠭᠤᠷᠢᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠬᠦᠭᠡᠷᠦᠮᠵᠢ ᠳᠤ ᠪᠦᠬᠦ ᠲᠠᠯ᠎ᠠ ᠶᠢᠨ ᠨᠠᠷᠢᠨ ᠨᠢᠮᠪᠠᠢ ᠰᠢᠯᠭᠠᠨ ᠪᠠᠶᠢᠴᠠᠭᠠᠯᠲᠠ ᠪᠠ ᠦᠨᠡᠯᠡᠯᠲᠡ ᠬᠢᠵᠦ᠂ ᠡᠭᠦᠨ ᠤ ᠬᠠᠮᠲᠤ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠠᠴᠠ ᠨᠢᠳᠤᠨᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠬᠦᠭᠡᠷᠦᠮᠵᠢ ᠶᠢᠨ ᠬᠡᠷᠡᠭᠯᠡᠯᠲᠡ ᠪᠠ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠪᠠ ᠦᠯᠢᠭᠡᠷ ᠠᠪᠴᠤ ᠪᠠᠶᠢᠴᠠᠭᠠᠨ ᠰᠢᠯᠭᠠᠬᠤ ᠪᠠᠷ ᠳᠡᠮᠵᠢᠨ᠂ ᠣᠯᠠᠩᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠬᠦᠭᠡᠷᠦᠮᠵᠢ ᠶᠢᠨ ᠶᠠᠰᠤ ᠴᠢᠨᠠᠷ ᠨᠢ ᠴᠥᠮ ᠵᠢᠱᠢᠭᠰᠡᠨ ᠪᠠᠷᠢᠮᠵᠢᠶ᠎ᠠ ᠳᠤ ᠬᠦᠷᠴᠦ᠂ ᠡᠭᠦᠨ ᠤ ᠵᠡᠷᠭᠡᠴᠡᠭᠡᠪᠡᠷ ᠪᠠᠰᠠ ᠵᠠᠷᠢᠮ ᠥᠭᠡᠷᠡᠴᠢᠯᠡᠨ ᠰᠠᠶᠢᠵᠢᠷᠠᠭᠤᠯᠬᠤ ᠴᠢᠬᠤᠯᠠᠲᠠᠢ ᠭᠠᠵᠠᠷ ᠣᠷᠣᠨ ᠢ ᠣᠯᠵᠤ ᠮᠡᠳᠡᠪᠡ᠂ ᠵᠢᠱᠢᠶᠡᠯᠡᠪᠡᠯ ᠬᠡᠰᠡᠭ ᠲᠠᠷᠢᠶᠠᠨ ᠭᠠᠵᠠᠷ ᠤᠨ ᠤᠰᠤᠯᠠᠯᠲᠠ ᠶᠢᠨ ᠲᠥᠬᠦᠭᠡᠷᠦᠮᠵᠢ ᠳᠤ ᠡᠪᠳᠡᠷᠡᠵᠦ ᠰᠦᠢᠳᠦᠭᠰᠡᠨ ᠪᠠ ᠭᠡᠭᠡᠭᠳᠡᠵᠦ ᠤᠷᠬᠢᠭᠳᠠᠭᠰᠠᠨ ᠪᠠᠶᠢᠳᠠᠯ ᠣᠷᠣᠰᠢᠵᠤ᠂ ᠬᠡᠰᠡᠭ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠥᠩ ᠰᠢᠮ᠎ᠡ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠡᠪᠳᠡᠷᠡᠵᠦ ᠰᠦᠢᠳᠦᠭᠰᠡᠨ ᠪᠠ ᠬᠡᠷᠡᠭᠯᠡᠬᠦ ᠶᠢ  ᠨᠢ ᠨᠥᠯᠥᠭᠡᠯᠡᠭᠰᠡᠨ ᠲᠥᠬᠦᠭᠡᠷᠦᠮᠵᠢ ᠶᠢ ᠣᠯᠵᠤ ᠮᠡᠳᠡᠪᠡᠯ᠂ ᠲᠡᠷᠡ ᠳᠠᠷᠤᠢ ᠳᠤᠨᠢ ᠪᠠᠷᠢᠯᠭ᠎ᠠ ᠶᠢᠨ ᠨᠢᠭᠡᠴᠡ ᠲᠠᠢ ᠬᠠᠷᠢᠯᠴᠠᠵᠤ ᠴᠡᠭᠴᠡᠯᠡᠨ ᠵᠠᠰᠠᠵᠤ ᠰᠡᠯᠪᠢᠨ ᠵᠠᠰᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠬᠦᠴᠦᠲᠡᠢ ᠪᠠᠲᠤᠯᠠᠭ᠎ᠠ ᠬᠠᠩᠭᠠᠪᠠ᠃      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ᠂ ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢ ᠲᠦᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠰᠠᠭᠤᠷᠢ ᠴᠢᠨᠠᠷᠲᠠᠢ ᠢᠨᠵᠧᠨᠧᠷᠢᠩ ᠮᠥᠨ᠂ ᠲᠠᠷᠢᠶᠠᠯᠠᠩ ᠤᠨ ᠣᠳᠣᠬᠢᠴᠢᠯᠠᠯᠲᠠ ᠶᠢ ᠪᠡᠶᠡᠯᠡᠭᠦᠯᠬᠦ ᠴᠢᠬᠤᠯᠠ ᠠᠷᠭ᠎ᠠ ᠪᠠᠷᠢᠯ ᠤᠨ ᠨᠢᠭᠡ ᠮᠥᠨ᠂ ᠤᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ 2019 ᠣᠨ ᠠᠴᠠ ᠨᠠᠰᠢ᠂ ᠮᠠᠨ ᠤ ᠰᠢᠶᠠᠨ ︽ᠠᠮᠤ ᠪᠤᠳᠠᠭ᠎ᠠ ᠭᠠᠵᠠᠷ ᠰᠢᠷᠣᠢ ᠳᠤ  ᠲᠦᠰᠢᠭᠯᠡᠬᠦ᠂ ᠠᠮᠤ ᠪᠤᠳᠠᠭ᠎ᠠ ᠮᠡᠷᠭᠡᠵᠢᠯ ᠳᠤ ᠲᠦᠰᠢᠭᠯᠡᠬᠦ︾ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ︽ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ᠂ ᠤᠰᠤᠨ ᠤ ᠬᠡᠮᠵᠢᠶ᠎ᠡ ᠶᠢ ᠦᠨᠳᠦᠰᠦᠯᠡᠨ ᠤᠷᠤᠭᠰᠢᠯᠠᠬᠤ︾ ᠦᠷᠭᠦᠯᠵᠢᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠴᠢᠳ ᠤᠨ ᠰᠠᠨᠠᠭᠠᠨ ᠳᠤ ᠨᠡᠶᠢᠴᠡᠭᠰᠡᠨ ︽ᠠᠷᠠᠳ ᠤᠨ ᠰᠡᠳᠬᠢᠯ︾ ᠤᠨ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠲᠥᠬᠦᠭᠡᠷᠦᠮᠵᠢ ᠢᠵᠢ ᠪᠦᠷᠢᠳᠦᠭᠰᠡᠨ᠂ ᠥᠨᠳᠥᠷ ᠲᠣᠭᠲᠠᠭᠤᠨ ᠬᠤᠷᠢᠶᠠᠯᠲᠠ ᠲᠠᠢ᠂ ᠠᠮᠢ ᠠᠬᠤᠢ ᠰᠠᠶᠢᠨ᠂ ᠭᠠᠮᠰᠢᠭ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠢ ᠨᠡᠶᠢᠲᠡ 45 ᠲᠦᠮᠡᠨ ᠮᠦ ᠪᠠᠶᠢᠭᠤᠯᠵᠤ᠂ ᠮᠦ ᠪᠦᠷᠢ ᠶᠢᠨ ᠳᠤᠮᠳᠠᠴᠢ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ 10%︱20% ᠪᠠᠷ ᠨᠡᠮᠡᠭᠳᠡᠭᠦᠯᠵᠦ᠂ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ ᠶᠢ 120 ᠺᠢᠯᠣᠭ᠍ᠷᠠᠮ ᠣᠷᠴᠢᠮ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠵᠠᠮ ᠨᠡᠪᠲᠡᠷᠡᠯᠭᠡ ᠶᠢᠨ ᠬᠡᠮᠵᠢᠶ᠎ᠡ 100% ᠳᠤ ᠬᠦᠷᠴᠦ᠂ ᠲᠠᠷᠢᠶᠠᠯᠠᠩ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠤᠷᠮ᠎ᠠ ᠶᠢ 100% ᠪᠣᠯᠲᠠᠯ᠎ᠠ ᠳᠡᠭᠡᠭᠰᠢᠯᠡᠭᠦᠯᠵᠦ᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠲᠠᠷᠢᠶᠠᠯᠠᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠤᠷᠮ᠎ᠠ ᠶᠢ 100% ᠳᠤ ᠬᠦᠷᠭᠡᠵᠦ᠂ ᠮᠦ ᠪᠦᠷᠢ ᠳᠤᠮᠳᠠᠴᠢ ᠪᠠᠷ ᠤᠰᠤ ᠶᠢ 10% - 20% ᠪᠠᠷ ᠠᠷᠪᠢᠯᠠᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠠᠰᠢᠭᠯᠠᠯᠲᠠ ᠶᠢᠨ ᠨᠤᠷᠮ᠎ᠠ ᠶᠢ 20% ᠪᠠᠷ ᠳᠡᠭᠡᠭᠰᠢᠯᠡᠭᠦᠯᠵᠦ᠂ ᠤᠨᠢᠨ ᠳᠡᠭᠡᠷ᠎ᠡ ᠨᠢ ᠪᠣᠷᠳᠣᠭᠤᠷ ᠣᠷᠣᠭᠤᠯᠬᠤ ᠳᠤ ᠪᠣᠷᠳᠣᠭᠤᠷ ᠤᠨ ᠠᠰᠢᠭᠯᠠᠯᠲᠠ ᠶᠢᠨ ᠨᠤᠷᠮ᠎ᠠ ᠶᠢ 35% ᠪᠠᠷ ᠳᠡᠭᠡᠭᠰᠢᠯᠡᠭᠦᠯᠵᠦ᠂ ᠮᠦ ᠪᠦᠷᠢ ᠶᠢᠨ ᠳᠤᠮᠳᠠᠴᠢ ᠵᠢᠯ ᠤᠨ ᠣᠷᠣᠯᠭ᠎ᠠ ᠶᠢ 200 ᠲᠥᠭᠦᠷᠢᠭ ᠰᠢᠬᠠᠮ ᠨᠡᠮᠡᠭᠳᠡᠭᠦᠯᠵᠦ᠂ ᠲᠠᠷᠢᠶᠠᠴᠢᠳ ᠤᠨ ᠲᠠᠷᠢᠶᠠᠯᠠᠩ ᠤᠨ ᠦᠢᠯᠡᠳᠪᠦᠷᠢᠯᠡᠯ ᠳᠤ ᠲᠤᠶᠢᠯ ᠤᠨ ᠶᠡᠭᠡ ᠲᠦᠬᠦᠮ ᠦᠵᠡᠭᠦᠯᠵᠦ᠂ ᠮᠠᠨ ᠤ ᠰᠢᠶᠠᠨ ᠤ ᠠᠮᠤ ᠪᠤᠳᠠᠭᠠᠨ ᠤ ᠠᠶᠤᠯᠭᠦᠢ ᠦᠢᠯᠡᠳᠪᠦᠷᠢᠯᠡᠯ ᠢ ︽ᠬᠠᠮᠠᠭᠠᠯᠠᠵᠤ︾ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1