ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ 22 ᠵᠦᠢᠯ ᠤᠨ ᠠᠷᠭ᠎ᠠ ᠬᠡᠮᠵᠢᠶ᠎ᠡ ᠨᠡᠶᠢᠲᠡᠯᠡᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/3/8
      ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 4 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠤᠰᠤᠨ ᠠᠰᠢᠭᠯᠠᠯᠲᠠ ᠶᠢᠨ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠬᠤ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃      ︽ᠲᠥᠰᠥᠯ︾ ᠨᠢ ᠥᠪᠥᠷ ᠮᠣᠩᠭᠤᠯ ᠤᠨ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ  ᠪᠠᠷ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠤᠰᠤᠨ ᠠᠰᠢᠭᠯᠠᠯᠲᠠ ᠶᠢᠨ ᠰᠠᠭᠤᠷᠢ ᠶᠢ ᠪᠠᠬᠢᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠤᠰᠤᠨ ᠤ ᠭᠠᠮᠰᠢᠭ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠢ᠂ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠣᠣᠷ ᠢ ᠲᠦᠷᠭᠡᠳᠬᠡᠨ ᠪᠠᠶᠢᠭᠤᠯᠵᠤ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠴᠢᠳᠠᠪᠤᠷᠢ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ᠂ ᠤᠰᠤᠨ ᠤ ᠠᠮᠢ ᠠᠬᠤᠢ ᠶᠢ ᠬᠠᠮᠠᠭᠠᠯᠠᠨ ᠵᠠᠰᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠰᠤᠨ ᠤ ᠠᠮᠤᠷ ᠲᠦᠪᠰᠢᠨ ᠤ ᠬᠦᠴᠦᠲᠡᠢ ᠪᠠᠲᠤᠯᠠᠭ᠎ᠠ ᠬᠠᠩᠭᠠᠨ᠎ᠠ᠃      ︽ᠲᠥᠰᠥᠯ︾ ᠳᠤ ᠲᠣᠰ ᠲᠣᠰ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮᠵᠢ ᠶᠢ ᠲᠡᠭᠦᠯᠳᠡᠷᠵᠢᠭᠦᠯᠬᠦ ᠶᠢ ᠳᠡᠮᠵᠢᠬᠦ᠂ ᠥᠪᠥᠷ ᠮᠣᠩᠭᠤᠯ ᠤᠨ ᠤᠰᠤᠨ ᠤ ᠲᠣᠣᠷ ᠤᠨ ᠨᠢᠷᠤᠭᠤᠪᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ ᠠᠬᠢᠭᠤᠯᠬᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠳᠡᠮᠵᠢᠨ ᠠᠬᠢᠭᠤᠯᠬᠤ᠂ ᠭᠤᠣᠯ ᠨᠠᠭᠤᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ ᠶᠢ ᠲᠦᠷᠭᠡᠳᠬᠡᠬᠦ ᠶᠢ ᠳᠡᠮᠵᠢᠬᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ᠂ ᠣᠶᠤᠨᠲᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠵᠡᠷᠭᠡ 7 ᠲᠠᠯ᠎ᠠ ᠪᠠᠷ ᠭᠤᠣᠯᠳᠠᠯᠭ᠎ᠠ ᠲᠠᠢ ᠳᠡᠮᠵᠢᠬᠦ 22 ᠵᠦᠢᠯ ᠤᠨ ᠠᠷᠭ᠎ᠠ ᠬᠡᠮᠵᠢᠶ᠎ᠡ ᠶᠢ ᠪᠦᠷᠢᠯᠳᠦᠭᠦᠯᠪᠡ᠃      ︽ᠲᠥᠰᠥᠯ︾ ᠳᠤ ᠱᠠᠭᠠᠷᠳᠠᠭᠰᠠᠨ ᠨᠢ᠂ ᠤᠰᠤᠨ ᠠᠰᠢᠭᠯᠠᠯᠲᠠ ᠶᠢᠨ ᠶᠠᠮᠤᠨ ᠤ ᠪᠠᠶᠢᠭᠤᠯᠤᠯᠭ᠎ᠠ ᠶᠢᠨ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ᠪᠣᠯᠣᠨ ᠶᠠᠮᠤᠨ ᠤ ᠰᠢᠭᠤᠳ ᠬᠠᠷᠢᠶ᠎ᠠ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠠᠵᠢᠯ ᠢ ᠳᠡᠮᠵᠢᠵᠦ ᠵᠢᠯᠤᠭᠤᠳᠬᠤ ᠪᠠᠨ ᠴᠢᠩᠭᠠᠳᠬᠠᠵᠤ᠂ ᠮᠥᠷᠳᠡᠬᠦ ᠪᠠᠨ ᠴᠢᠩᠭᠠᠳᠬᠠᠨ᠂ ᠵᠣᠬᠢᠴᠠᠭᠤᠯᠬᠤ᠂ ᠬᠢᠨᠠᠯᠲᠠ ᠲᠠᠯᠪᠢᠬᠤ᠂ ᠵᠢᠯᠤᠭᠤᠳᠬᠤ ᠦᠢᠯᠡᠳᠦᠯ ᠢᠶᠠᠨ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠰᠠᠯᠠᠭ᠎ᠠ ᠮᠥᠴᠢᠷ ᠤᠨ ᠵᠣᠬᠢᠴᠠᠭᠤᠯᠭ᠎ᠠ ᠪᠠ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠴᠢᠩᠭᠠᠳᠬᠠᠨ᠂ ᠠᠵᠢᠯ ᠤᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠮᠡᠳᠡᠭᠦᠯᠵᠦ᠂ ᠡᠯ᠎ᠡ ᠵᠦᠢᠯ ᠤᠨ ᠠᠵᠢᠯ ᠢ ᠢᠳᠡᠪᠬᠢᠲᠡᠢ ᠰᠤᠳᠤᠯᠤᠨ ᠠᠬᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1