ᠲᠣᠭᠲᠠᠬᠤ ᠰᠢᠶᠠᠨ᠄ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ ᠬᠦᠴᠢᠷᠳᠡᠯ ᠢ ᠨᠢ ᠰᠢᠢᠳᠪᠦᠷᠢᠯᠡᠵᠦ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/3/8
       ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠰᠢᠶᠠᠨ ᠢ ᠵᠠᠰᠠᠬᠤ ᠠᠯᠪᠠᠨ ᠭᠡᠷ ᠠᠴᠠ ᠠᠵᠤ ᠠᠬᠤᠶᠢᠯᠠᠯ ᠳᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠠᠳᠬᠤᠬᠤ ᠳᠤ ᠰᠠᠭᠤᠷᠢᠯᠠᠨ᠂ ︽ᠦᠪᠦᠷ ᠮᠣᠩᠭᠤᠯ ᠤᠨ ᠠᠵᠤ ᠠᠬᠤᠶᠢᠯᠠᠯ︾ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠭᠤᠮᠣᠳᠠᠯ ᠱᠠᠭᠠᠷᠳᠠᠯᠭ᠎ᠠ ᠶᠢ ᠬᠦᠴᠦᠯᠡᠨ ᠰᠢᠢᠳᠪᠦᠷᠢᠯᠡᠪᠡ᠃      ︽ᠥᠪᠥᠷ ᠮᠣᠩᠭᠤᠯ ᠤᠨ ᠠᠵᠤ ᠠᠬᠤᠶᠢᠯᠠᠯ ︾ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠬᠡᠷᠡᠭᠵᠢᠭᠦᠯᠬᠦ ᠶᠠᠪᠤᠴᠠ ᠳᠤ᠂ ᠰᠢᠶᠠᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠰᠢᠶᠠᠨ ᠢ ᠵᠠᠰᠠᠬᠤ ᠠᠯᠪᠠᠨ ᠭᠡᠷ ᠨᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠭᠦᠯᠬᠦ ᠦᠢᠯᠡᠳᠦᠯ ᠢᠶᠠᠨ ᠪᠠᠳᠠᠷᠠᠭᠤᠯᠬᠤ ᠶᠢ ᠠᠵᠤ ᠠᠬᠤᠶᠢᠯᠠᠯ ᠤᠨ ᠬᠢᠨ ᠠᠰᠠᠭᠤᠳᠠᠯ ᠤᠨ ᠲᠤᠬᠠᠢ ᠭᠤᠮᠣᠳᠠᠯ ᠱᠠᠭᠠᠷᠳᠠᠯᠭ᠎ᠠ ᠪᠠᠨ ᠳᠡᠭᠡᠭᠰᠢ ᠳᠠᠮᠵᠢᠭᠤᠯᠬᠤ ᠦᠶ᠎ᠡ ᠳᠤ᠂ ᠬᠠᠤᠯᠢ ᠶᠣᠰᠣᠭᠠᠷ ᠰᠢᠶᠠᠨ ᠤ ᠠᠯᠪᠠᠨ ᠭᠡᠷ ᠠᠴᠠ ᠵᠠᠰᠠᠭ ᠤᠨ ᠣᠷᠳᠣᠨ ᠤ ᠠᠯᠪᠠᠨ ᠭᠡᠷ ᠲᠠᠢ ᠴᠠᠭ ᠲᠤᠬᠠᠢ ᠳᠤᠨᠢ ᠨᠡᠪᠲᠡᠷᠡᠯᠴᠡᠵᠦ᠂ ᠠᠵᠤ ᠠᠬᠤᠶᠢᠯᠠᠯ ᠤᠨ ᠲᠤᠰᠬᠠᠭᠰᠠᠨ ᠤᠴᠢᠷ ᠶᠠᠪᠤᠳᠠᠯ ᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠬᠦ ᠶᠢ ᠦᠨᠡᠨ ᠬᠦ ᠪᠠᠲᠤᠯᠠᠵᠤ ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠪᠡ᠃ ᠡᠭᠦᠨ ᠤ ᠬᠠᠮᠲᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠰᠢᠪᠠᠳᠠᠨ ᠰᠢᠢᠳᠪᠦᠷᠢᠯᠡᠭᠦᠯᠬᠦ ᠵᠠᠬᠢᠳᠠᠯ ᠪᠠᠭᠤᠯᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠰᠠᠭᠤᠳᠠᠯ ᠢ ᠰᠢᠢᠳᠪᠦᠷᠢᠯᠡᠵᠦ ᠳᠠᠭᠤᠰᠬᠠᠬᠤ ᠨᠣᠷᠮ᠎ᠠ ᠶᠢ ᠨᠡᠮᠡᠭᠳᠡᠭᠦᠯᠪᠡ᠃ ᠣᠲᠣ ᠪᠣᠯᠲᠠᠯ᠎ᠠ᠂ ︽ᠥᠪᠥᠷ ᠮᠣᠩᠭᠤᠯ ᠤᠨ ᠠᠵᠤ ᠠᠬᠤᠶᠢᠯᠠᠯ︾ ᠲᠠᠪᠴᠠᠩ ᠤᠨ ᠲᠣᠭᠲᠠᠬᠤ ᠰᠢᠶᠠᠨ ᠤ ᠲᠠᠩᠰᠠᠨ ᠨᠣᠮᠧᠷ ᠲᠤ ᠨᠡᠶᠢᠲᠡ 6 ᠬᠡᠷᠡᠭ ᠢ ᠭᠥᠯᠢᠶᠡᠨ ᠠᠪᠴᠤ ᠰᠢᠢᠳᠪᠦᠷᠢᠯᠡᠵᠦ᠂ 5 ᠬᠡᠷᠡᠭ ᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ ᠦᠯᠡᠳᠡᠭᠰᠡᠨ 1 ᠬᠡᠷᠡᠭ ᠢ ᠨᠢ ᠶᠠᠭ ᠰᠢᠢᠳᠪᠦᠷᠢᠯᠡᠵᠦ ᠪᠣᠶ᠃ ︽ᠥᠪᠥᠷ ᠮᠣᠩᠭᠤᠯ ᠤᠨ ᠠᠵᠤ ᠠᠬᠤᠶᠢᠯᠠᠯ ︾ ᠲᠠᠪᠴᠠᠩ ᠤᠨ ᠬᠡᠷᠡᠭᠯᠡᠯᠲᠡ ᠨᠢ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠦᠨᠡᠨᠴᠢ ᠢᠲᠡᠭᠡᠮᠵᠢᠲᠡᠢ ᠪᠠᠷ ᠭᠡᠷ᠎ᠡ ᠪᠠᠨ ᠭᠦᠢᠴᠡᠳᠬᠡᠬᠦ ᠲᠣᠭᠲᠠᠴᠠ ᠶᠢ ᠴᠢᠩᠭᠠᠷᠠᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠮᠵᠢ ᠶᠢ ᠬᠠᠮᠠᠭᠠᠯᠠᠵᠤ᠂ ᠨᠡᠶᠢᠭᠡᠮ ᠳᠠᠶᠠᠭᠠᠷ ᠲᠤ ᠦᠨᠡᠨᠴᠢ ᠢᠲᠡᠭᠡᠮᠵᠢᠲᠡᠢ ᠪᠠᠶᠢᠬᠤ ᠰᠤᠷᠲᠠᠯ ᠢ ᠪᠣᠶ ᠪᠣᠯᠭᠠᠪᠠ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠨᠠᠮ ᠤᠨ ᠬᠤᠷᠢᠶ᠎ᠠ ᠶᠢᠨ ᠬᠠᠤᠯᠢ ᠪᠠᠷ ᠰᠢᠶᠠᠨ ᠢ ᠵᠠᠰᠠᠬᠤ ᠠᠯᠪᠠᠨ ᠭᠡᠷ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠭᠦᠨᠵᠡᠭᠡᠶᠢᠷᠡᠭᠦᠯᠵᠦ᠂  ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠢᠯᠭᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠢᠯᠢᠳᠡᠭ ᠰᠠᠶᠢᠨ᠂ ᠥᠨᠳᠥᠷ ᠪᠦᠲᠦᠮᠵᠢᠲᠡᠢ ᠬᠠᠤᠯᠢᠵᠢᠯ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃ ᠡᠭᠦᠨ ᠤ ᠬᠠᠮᠲᠤ᠂ ᠪᠠᠰᠠ ᠡᠯ᠎ᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1