ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠶᠤᠯᠲᠠᠢ ᠬᠢᠮᠢ ᠶᠢᠨ ᠪᠣᠳᠠᠰ ᠤᠨ ᠬᠦᠷᠢᠶ᠎ᠡ ᠪᠣᠯᠣᠨ ᠭᠠᠯ ᠤᠨᠲᠠᠷᠠᠭᠠᠬᠤ ᠬᠦᠷᠢᠶ᠎ᠡ ᠶᠢᠨ ᠲᠤᠰᠬᠠᠢ ᠲᠦᠷᠦᠯ ᠤᠨ ᠰᠢᠮᠳᠠᠭᠤᠯᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/3/8
      ᠣᠶᠢᠷ᠎ᠠ ᠶᠢᠨ ᠬᠤᠭᠤᠴᠠᠭᠠᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠤᠰᠬᠠᠢ ᠮᠡᠷᠭᠡᠵᠢᠯᠲᠡᠨ ᠢ ᠤᠷᠢᠵᠤ ᠬᠠᠷᠢᠶ᠎ᠠ ᠣᠷᠣᠨ ᠤ ᠪᠠᠨ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠬᠦᠷᠢᠶᠡᠨ ᠳᠠᠬᠢ ᠠᠶᠤᠯᠲᠠᠢ ᠬᠢᠮᠢ ᠶᠢᠨ ᠪᠣᠳᠠᠰ ᠢ ᠬᠠᠳᠠᠭᠠᠯᠠᠵᠤ ᠬᠡᠷᠡᠭᠯᠡᠵᠦ ᠪᠠᠶᠢᠭ᠎ᠠ ᠪᠠᠶᠢᠳᠠᠯ ᠳᠤ ᠲᠤᠰᠬᠠᠢ ᠰᠢᠪᠠᠳᠠᠨ ᠪᠠᠶᠢᠴᠠᠭᠠᠯᠲᠠ ᠥᠷᠨᠢᠭᠦᠯᠪᠡ᠃
     ᠲᠤᠰ ᠤᠳᠠᠭ᠎ᠠ ᠰᠢᠶᠠᠨ ᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠬᠦᠴᠢᠯᠲᠥ᠋ᠷᠥᠭᠴᠢ ᠦᠢᠯᠡᠳᠬᠦ ᠲᠠᠰᠤᠭ᠂ ᠠᠶᠤᠯᠲᠠᠢ ᠬᠢᠮᠢ ᠶᠢᠨ ᠪᠣᠳᠠᠰ ᠤᠨ ᠬᠠᠳᠠᠭᠠᠯᠠᠮᠵᠢ ᠶᠢᠨ ᠬᠥᠮᠥᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠨᠳᠦᠰᠦᠲᠡᠨ ᠤ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠬᠢᠮᠢ ᠶᠢᠨ ᠲᠤᠷᠰᠢᠯᠲᠠ ᠶᠢᠨ ᠲᠠᠰᠤᠭ᠂ ᠬᠢᠮᠢ ᠶᠢᠨ ᠪᠣᠳᠠᠰ ᠤᠨ ᠬᠠᠳᠠᠭᠠᠯᠠᠮᠵᠢ ᠶᠢᠨ ᠬᠤᠷᠭᠤ ᠵᠡᠷᠭᠡ ᠠᠶᠤᠯ  ᠲᠠᠢ ᠬᠢᠮᠢ ᠶᠢᠨ ᠪᠣᠳᠠᠰ ᠢ ᠬᠠᠳᠠᠭᠠᠯᠠᠬᠤ᠂ ᠬᠡᠷᠡᠭᠯᠡᠬᠦ ᠵᠡᠷᠭᠡ ᠭᠤᠣᠯᠳᠠᠯᠭ᠎ᠠ  ᠲᠠᠢ ᠣᠷᠣᠨ ᠪᠠᠶᠢᠷᠢ᠂ ᠬᠠᠳᠠᠭᠠᠯᠠᠬᠤ ᠪᠠ ᠬᠡᠷᠡᠭᠯᠡᠬᠦ ᠶᠠᠪᠤᠴᠠ ᠶᠢᠨ ᠠᠮᠤᠷ ᠲᠦᠪᠰᠢᠨ ᠤ ᠬᠢᠨᠠᠨ ᠡᠵᠡᠮᠳᠡᠬᠦ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠠᠶᠤᠯᠲᠠᠢ ᠬᠢᠮᠢ ᠶᠢᠨ ᠪᠣᠳᠠᠰ ᠢ ᠬᠠᠳᠠᠭᠠᠯᠠᠬᠤ ᠣᠷᠴᠢᠨ ᠠᠬᠤᠢ ᠶᠢᠨ ᠲᠣᠬᠢᠷᠠᠭᠤᠯᠤᠯᠲᠠ ᠶᠢ ᠬᠢᠨᠠᠨ ᠡᠵᠡᠮᠳᠡᠬᠦ ᠠᠷᠭ᠎ᠠ ᠬᠡᠮᠵᠢᠶ᠎ᠡ᠂ ᠠᠶᠤᠯᠲᠠᠢ ᠬᠢᠮᠢ ᠶᠢᠨ ᠪᠣᠳᠠᠰ ᠢ ᠬᠥᠮᠥᠷᠭᠡ ᠳᠤ ᠣᠷᠣᠭᠤᠯᠤᠭᠰᠠᠨ ᠲᠡᠮᠳᠡᠭᠯᠡᠯ ᠵᠢᠴᠢ ᠬᠠᠳᠠᠭᠠᠯᠠᠭᠰᠠᠨ ᠨᠢ ᠵᠢᠷᠤᠮᠵᠢᠭᠤᠨ ᠡᠰᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠶᠢᠴᠠᠭᠠᠯᠲᠠ ᠬᠢᠭᠰᠡᠨ ᠤ ᠬᠠᠮᠲᠤ ᠭᠠᠯ ᠤᠨᠲᠠᠷᠠᠭᠠᠬᠤ ᠲᠠᠯᠠᠪᠤᠷ ᠤᠨ ᠠᠮᠤᠷ ᠲᠦᠪᠰᠢᠨ ᠢᠶᠠᠷ ᠭᠠᠷᠬᠤ ᠡᠭᠦᠳᠡ ᠪᠠ ᠲᠠᠷᠬᠠᠭᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠴᠢᠳᠠᠭᠰᠠᠨ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠵᠢᠴᠢ ᠪᠠᠭᠠᠵᠢ ᠬᠡᠷᠡᠭᠰᠡᠯ ᠤᠨ ᠪᠦᠷᠢᠨ ᠪᠦᠲᠦᠨ ᠪᠦᠲᠦᠮᠵᠢᠲᠡᠶ ᠪᠠᠶᠢᠬᠤ ᠶᠢ ᠪᠠᠲᠤᠯᠠᠵᠤ ᠴᠢᠳᠠᠭᠰᠠᠨ ᠡᠰᠡᠬᠦ ᠵᠡᠷᠭᠡ ᠪᠠᠶᠢᠳᠠᠯ ᠳᠤ ᠴᠢᠩᠭ᠎ᠠ ᠨᠢᠮᠪᠠᠢ ᠪᠠᠶᠢᠴᠠᠭᠠᠯᠲᠠ ᠬᠢᠭᠰᠡᠨ ᠪᠠᠶᠢᠨ᠎ᠠ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠶᠢ ᠰᠢᠮᠳᠠᠭᠤᠯᠵᠦ ᠪᠠᠶᠢᠭᠠᠳ ᠢᠯᠡᠷᠡᠭᠦᠯᠦᠭᠰᠡᠨ ᠠᠰᠠᠭᠤᠳᠠᠯ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠂ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃
     ᠳᠠᠷᠠᠭᠠᠴᠢ ᠶᠢᠨ ᠠᠯᠬᠤᠮ ᠳᠤ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠠᠶᠤᠯᠲᠠᠢ ᠬᠢᠮᠢ ᠶᠢᠨ ᠪᠣᠳᠠᠰ ᠢ ᠬᠠᠳᠠᠭᠠᠯᠠᠬᠤ᠂ ᠬᠡᠷᠡᠭᠯᠡᠬᠦ ᠵᠡᠷᠭᠡ ᠲᠠᠯᠠᠪᠤᠷ ᠤᠨ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1