ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠵᠦ᠂ | ᠠᠷᠢᠭᠤᠨ ᠴᠢᠬᠡᠴᠢ ᠪᠠᠷ ᠴᠡᠷᠢᠭ ᠡᠯᠰᠡᠬᠦ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠢᠭᠤᠨ ᠴᠢᠬᠡᠴᠢ ᠪᠠᠷ ᠴᠡᠷᠢᠭ | ᠡᠯᠰᠡᠬᠦ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ | ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠴᠢ ᠪᠠ ︽ᠠᠰᠠᠭᠤᠳᠠᠯ ᠦᠭᠡᠢ ᠮᠡᠳᠡᠭᠦᠯᠦᠯᠳᠡ︾ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠭᠴᠢ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠶᠢᠨ | ᠲᠦᠯᠦᠭᠡ᠂ ᠬᠠᠮᠢᠶ᠎ᠠ ᠪᠦᠬᠦᠢ ᠨᠢᠭᠡᠴᠡ ᠶᠢᠨ ᠲᠠᠨᠢᠯᠴᠠᠭᠤᠯᠭ᠎ᠠ ᠪᠠᠷ ᠲᠣᠭᠲᠠᠬᠤ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠴᠡᠷᠢᠭ ᠡᠯᠰᠡᠬᠦ ᠠᠯᠪᠠᠨ ᠭᠡᠷ ᠠᠴᠠ ᠬᠢᠨᠠᠨ ᠲᠣᠭᠲᠠᠭᠠᠭᠠᠳ᠂ ᠠᠷᠢᠭᠤᠨ ᠴᠢᠬᠡᠴᠢ ᠪᠠᠷ ᠴᠡᠷᠢᠭ | ᠡᠯᠰᠡᠬᠦ ᠳᠤ ᠬᠢᠨᠠᠯᠲᠠ ᠲᠠᠯᠪᠢᠭᠴᠢ ᠶᠢᠨ ᠨᠡᠷᠡᠰ ᠢ ᠳᠣᠣᠷᠠᠬᠢ ᠮᠡᠲᠦ ᠨᠡᠶᠢᠲᠡᠯᠡᠶ᠎ᠡ᠃ | ᠳᠡᠭᠡᠷᠡᠬᠢ ᠠᠷᠢᠭᠤᠨ ᠴᠢᠬᠡᠴᠢ ᠪᠠᠷ ᠴᠡᠷᠢᠭ ᠡᠯᠰᠡᠬᠦ ᠠᠵᠢᠯ ᠳᠤ ᠬᠢᠨᠠᠯᠲᠠ ᠲᠠᠯᠪᠢᠭᠴᠢ ᠲᠤᠰᠢᠶᠠᠯ | ᠬᠠᠪᠰᠤᠷᠭᠠᠭᠰᠠᠨ ᠬᠢᠨᠠᠯᠲᠠ ᠲᠠᠯᠪᠢᠭᠴᠢ ᠪᠣᠯᠤᠭᠰᠠᠨ ᠤ ᠬᠤᠪᠢ ᠳᠤ᠂ ᠣᠯᠠᠨ ᠲᠦᠮᠡᠨ ᠤ ᠬᠢᠨᠠᠯᠲᠠ ᠲᠠᠯᠪᠢᠬᠤ ᠡᠭᠦᠷᠭᠡ | ᠴᠢᠳᠠᠪᠤᠷᠢ ᠶᠢ ᠭᠦᠢᠴᠡᠳᠬᠡᠵᠦ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠵᠢᠯᠴᠠᠨ | ᠴᠡᠷᠢᠭ ᠲᠤ ᠡᠯᠰᠡᠬᠦ ᠰᠠᠯᠠᠭ᠎ᠠ ᠮᠥᠴᠢᠷ ᠪᠠ ᠴᠡᠷᠢᠭ ᠲᠤ ᠡᠯᠰᠡᠬᠦ ᠠᠵᠢᠯᠲᠠᠨ ᠤ ᠠᠷᠢᠭᠤᠨ ᠴᠢᠬᠡᠴᠢ ᠪᠠᠷ ᠴᠡᠷᠢᠭ | ᠡᠯᠰᠡᠬᠦ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠳᠤ ᠭᠤᠣᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠭᠠᠳ | ᠣᠯᠠᠨ ᠲᠦᠮᠡᠨ ᠤ ᠳᠡᠷᠭᠡᠳᠡ ᠡᠭᠦᠰᠦᠭᠰᠡᠨ ᠦᠨᠳᠦᠰᠦᠨ ᠱᠠᠲᠤᠨ ᠤ ᠴᠡᠷᠢᠭ ᠡᠯᠰᠡᠬᠦ ᠳᠤ ︽ᠪᠢᠴᠢᠯ ᠢᠯᠵᠠᠷᠠᠯ︾ ︽ | ᠳᠠᠯᠳᠠ ᠢᠯᠵᠠᠷᠠᠯ︾ ᠤᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠵᠢᠭᠠᠵᠤ ᠭᠠᠷᠭᠠᠬᠤ ᠶᠢᠨ ᠬᠠᠮᠲᠤ | ᠲᠡᠭᠦᠨ ᠳᠤ ᠣᠷᠣᠯᠴᠠᠨ᠎ᠠ᠃ ᠥᠷᠭᠡᠨ ᠤᠯᠠᠨ ᠲᠦᠮᠡᠨ ᠬᠡᠷᠪᠡ ᠴᠡᠷᠢᠭ ᠡᠯᠰᠡᠬᠦ ᠬᠠᠤᠯᠢ ᠰᠠᠬᠢᠯᠭ᠎ᠠ ᠠᠴᠠ ᠵᠥᠷᠢᠴᠡᠭᠰᠡᠨ | ᠶᠠᠮᠠᠷᠪᠠ ᠰᠦᠪᠡᠭᠴᠢ ᠪᠤᠶᠤ ᠠᠷᠢᠭᠤᠨ ᠴᠢᠬᠡᠴᠢ ᠪᠤᠰᠤ ᠴᠡᠷᠢᠭ ᠡᠯᠰᠡᠬᠦ ᠠᠰᠠᠭᠤᠳᠠᠯ ᠢ ᠣᠯᠵᠤ ᠮᠡᠳᠡᠪᠡᠯ᠂ ᠳᠡᠭᠡᠷ᠎ᠡ | ᠳᠤᠷᠠᠳᠤᠭᠰᠠᠨ ᠠᠷᠢᠭᠤᠨ ᠴᠢᠬᠡᠴᠢ ᠪᠠᠷ ᠴᠡᠷᠢᠭ ᠡᠯᠰᠡᠬᠦ ᠠᠵᠢᠯ ᠳᠤ ᠬᠢᠨᠠᠯᠲᠠ ᠲᠠᠯᠪᠢᠭᠴᠢ ᠳᠤ ᠰᠢᠭᠤᠳ ᠢᠯᠡᠴᠢᠯᠡᠨ | ᠮᠡᠳᠡᠭᠦᠯᠵᠦ ᠲᠤᠰᠬᠠᠵᠤ ᠪᠣᠯᠣᠨ᠎ᠠ᠃ | ᠠᠷᠢᠭᠤᠨ ᠴᠢᠬᠡᠴᠢ ᠪᠠᠷ ᠴᠡᠷᠢᠭ ᠡᠯᠰᠡᠬᠦ ︽ᠠᠷᠪᠠ ᠶᠢ ᠴᠢᠩᠭ᠎ᠠ ᠴᠠᠭᠠᠵᠠᠯᠠᠬᠤ︾ | 1᠂ ᠡᠷᠬᠡ ᠲᠤᠰᠢᠶᠠᠯ ᠤᠨ ᠢᠶᠠᠨ ᠲᠦᠭᠦᠮ ᠢ ᠠᠰᠢᠭᠯᠠᠨ ᠲᠣᠭᠲᠠᠭᠠᠯ ᠢ ᠵᠥᠷᠢᠴᠡᠨ ᠴᠡᠷᠢᠭ ᠡᠯᠰᠡᠬᠦ | ᠶᠠᠪᠤᠳᠠᠯ ᠳᠤ ᠭᠠᠷ ᠲᠦᠷᠦᠭᠦ ᠶᠢ ᠴᠢᠩᠭ᠎ᠠ ᠴᠠᠭᠠᠵᠠᠯᠠᠨ᠎ᠠ︔ | 2᠂ ᠣᠷᠣᠨ ᠲᠤᠭ᠎ᠠ ᠶᠢ ᠳᠤᠷ᠎ᠠ ᠪᠠᠷ ᠢᠶᠠᠨ ᠦᠯᠡᠳᠡᠭᠡᠨ ᠠᠪᠬᠤ᠂ ᠨᠡᠭᠦᠯᠭᠡᠨ ᠬᠡᠷᠡᠭᠯᠡᠬᠦ ᠪᠠ ᠳᠤᠷ᠎ᠠ ᠪᠠᠷ ᠢᠶᠠᠨ | ᠬᠤᠪᠢᠶᠠᠨ ᠴᠤᠭᠯᠠᠭᠤᠯᠬᠤ ᠶᠢ ᠴᠢᠩᠭ᠎ᠠ ᠴᠠᠭᠠᠵᠠᠯᠠᠨ᠎ᠠ︔ | 3᠂ ᠴᠡᠷᠢᠭ ᠡᠯᠰᠡᠬᠦ ᠨᠥᠬᠦᠴᠡᠯ ᠢ ᠳᠤᠷ᠎ᠠ ᠪᠠᠷ ᠢᠶᠠᠨ ᠠᠭᠤᠵᠢᠭᠤ ᠲᠠᠯᠪᠢᠵᠤ᠂ ᠴᠡᠷᠢᠭ ᠡᠯᠰᠡᠬᠦ ᠪᠠᠷᠢᠮᠵᠢᠶ᠎ᠠ ᠶᠢ | ᠪᠠᠭᠤᠷᠠᠭᠤᠯᠤᠨ᠂ ᠴᠡᠷᠢᠭ ᠡᠯᠰᠡᠬᠦ ᠵᠢᠷᠤᠮ ᠢ ᠳᠥᠭᠦᠮᠴᠢᠯᠡᠬᠦ ᠶᠢ ᠴᠢᠩᠭ᠎ᠠ ᠴᠠᠭᠠᠵᠠᠯᠠᠨ᠎ᠠ︔ | 4᠂ ᠢᠯᠡ ᠪᠠᠷ ᠵᠠᠷᠯᠠᠨ ᠨᠡᠶᠢᠲᠡᠯᠡᠬᠦ ᠲᠣᠭᠲᠠᠭᠠᠯ ᠠᠴᠠ ᠵᠥᠷᠢᠴᠡᠨ ᠳᠠᠯᠳᠠᠭᠤᠷ ᠦᠢᠯᠡᠳᠬᠦ ᠶᠢ ᠴᠢᠩᠭ᠎ᠠ | ᠴᠠᠭᠠᠵᠠᠯᠠᠨ᠎ᠠ︔ | 5᠂ ᠴᠡᠷᠢᠭ ᠲᠤ ᠡᠯᠰᠡᠭᠳᠡᠬᠦ ᠵᠠᠯᠠᠭᠤᠴᠤᠳ ᠢ ᠬᠠᠪᠰᠤᠷᠤᠨ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠵᠤ᠂ | ᠥᠯᠥ ᠭᠡᠷᠡᠴᠢᠯᠡᠬᠦ ᠭᠡᠷᠡᠴᠢᠯᠡᠯ ᠬᠠᠩᠭᠠᠬᠤ ᠶᠢ ᠴᠢᠩᠭ᠎ᠠ ᠴᠠᠭᠠᠵᠠᠯᠠᠨ᠎ᠠ︔ | 6᠂ ᠴᠡᠷᠢᠭ ᠲᠤ ᠡᠯᠰᠡᠭᠳᠡᠭᠰᠡᠨ ᠵᠠᠯᠠᠭᠤᠴᠤᠳ ᠤᠨ ᠭᠡᠷ ᠪᠦᠯᠢ ᠶᠢᠨ ᠬᠢᠨ ᠲᠠᠢ ᠲᠤᠰᠠᠭᠠᠷ ᠰᠤᠷᠪᠤᠯᠵᠢᠯᠠᠬᠤ | ᠪᠤᠶᠤ ᠪᠣᠯᠵᠣᠨ ᠠᠭᠤᠯᠵᠠᠬᠤ ᠶᠢ ᠴᠢᠩᠭ᠎ᠠ ᠴᠠᠭᠠᠵᠠᠯᠠᠨ᠎ᠠ︔ | 7᠂ ᠴᠡᠷᠢᠭ ᠲᠤ ᠡᠯᠰᠡᠭᠳᠡᠬᠦ ᠵᠠᠯᠠᠭᠤᠴᠤᠳ ᠵᠢᠴᠢ ᠲᠡᠳᠡᠨ ᠤ ᠭᠡᠷ ᠪᠦᠯᠢ ᠶᠢᠨ ᠬᠢᠨ ᠤ ᠵᠣᠭᠤᠰ ᠮᠥᠩᠭᠦ ᠡᠳ᠋ | ᠪᠣᠳᠠᠰ ᠢ ᠶᠠᠮᠠᠷᠪᠠ ᠰᠢᠯᠲᠠᠭᠠᠨ ᠢᠶᠠᠷ ᠨᠡᠬᠡᠨ ᠠᠪᠬᠤ ᠪᠠ ᠬᠦᠯᠢᠶᠡᠨ ᠠᠪᠬᠤ ᠶᠢ ᠴᠢᠩᠭ᠎ᠠ ᠴᠠᠭᠠᠵᠠᠯᠠᠨ᠎ᠠ︔ | 8᠂ ᠴᠡᠷᠢᠭ ᠲᠤ ᠡᠯᠰᠡᠭᠳᠡᠬᠦ ᠵᠠᠯᠠᠭᠤᠴᠤᠳ ᠵᠢᠴᠢ ᠲᠡᠳᠡᠨ ᠤ ᠭᠡᠷ ᠪᠦᠯᠢ ᠶᠢᠨ ᠬᠢᠨ ᠤ ᠲᠣᠬᠢᠷᠠᠭᠤᠯᠤᠭᠰᠠᠨ | ᠳᠠᠶᠢᠯᠠᠯᠭ᠎ᠠ᠂ ᠵᠤᠭ᠎ᠠ ᠴᠡᠩᠭᠡᠯ᠂ ᠵᠤᠭᠠᠴᠠᠯ ᠵᠡᠷᠭᠡ ᠠᠵᠢᠯᠯᠠᠭ᠎ᠠ ᠶᠢ ᠬᠦᠯᠢᠶᠡᠨ ᠠᠪᠬᠤ ᠶᠢ ᠴᠢᠩᠭ᠎ᠠ ᠴᠠᠭᠠᠵᠠᠯᠠᠨ᠎ᠠ︔ | 9᠂ ᠲᠣᠭᠲᠠᠭᠠᠭᠰᠠᠨ ᠵᠢᠷᠤᠮ ᠤᠨ ᠡᠷᠬᠡ ᠮᠡᠳᠡᠯ ᠤᠨ ᠬᠡᠪᠴᠢᠶ᠎ᠡ ᠶᠢ ᠵᠢᠷᠤᠮᠯᠠᠬᠤ ᠦᠭᠡᠢ ᠪᠠᠷ ᠳᠤᠷ᠎ᠠ ᠪᠠᠷ ᠢᠶᠠᠨ | ᠴᠡᠷᠢᠭ ᠲᠣᠭᠲᠠᠭᠠᠬᠤ ᠪᠠ ᠴᠡᠷᠢᠭ ᠤᠨ ᠬᠠᠮᠢᠭᠠᠰᠢ ᠶᠠᠪᠤᠬᠤ ᠭᠠᠵᠠᠷ ᠢ ᠳᠤᠷ᠎ᠠ ᠪᠠᠷ ᠢᠶᠠᠨ ᠲᠣᠬᠢᠷᠠᠭᠤᠯᠬᠤ ᠶᠢ ᠴᠢᠩᠭ᠎ᠠ | ᠴᠠᠭᠠᠵᠠᠯᠠᠨ᠎ᠠ︔ | 10᠂ ᠰᠢᠨ᠎ᠡ ᠴᠡᠷᠢᠭ ᠢ ᠲᠤᠰᠴᠤ ᠬᠦᠷᠭᠡᠬᠦ ᠳᠤᠮᠳᠠ ᠡᠯᠳᠡᠪ ᠵᠦᠢᠯ ᠤᠨ ᠰᠦᠢᠳᠬᠡᠯ ᠬᠤᠷᠢᠶᠠᠬᠤ ᠶᠢ | ᠴᠢᠩᠭ᠎ᠠ ᠴᠠᠭᠠᠵᠠᠯᠠᠨ᠎ᠠ᠃ | ᠢᠯᠡᠴᠢᠯᠡᠨ ᠮᠡᠳᠡᠭᠦᠯᠬᠦ ᠤᠲᠠᠰᠤ᠄ 0471 ︱ 8519103 0471 ︱ 8523560 | ᠬᠢᠨᠠᠯᠲᠠ ᠲᠠᠯᠪᠢᠬᠤ ᠬᠦᠴᠦᠨ ᠲᠠᠢ ᠬᠤᠭᠤᠴᠠᠭ᠎ᠠ ᠨᠢ᠄ 2024 ᠣᠨ ᠤ 1 ᠳ᠋ᠤᠭᠡᠷ ᠰᠠᠷ᠎ᠠ ᠶᠢᠨ 1 ᠤ | ᠡᠳᠦᠷ ᠠᠴᠠ 2024 ᠣᠨ ᠤ 12 ᠳ᠋ᠤᠭᠠᠷ ᠰᠠᠷ᠎ᠠ 31 ᠤ ᠡᠳᠦᠷ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ |