ᠡᠨᠧᠷᠭᠢ ᠶᠢᠨ ᠤᠮᠳᠠᠭᠠᠨ ᠵᠠᠯᠠᠭᠤᠴᠤᠳ ᠤᠨ ᠨᠦᠢᠷ ᠢ ᠬᠠᠷᠰᠢᠯᠠᠨ᠎ᠠ
ᠨᠡᠶᠢᠲᠡᠯᠡᠭᠰᠡᠨ ᠴᠠᠭ᠄
2024/3/8
      ᠭᠠᠳᠠᠭᠠᠳᠤ ᠶᠢᠨ ᠨᠢᠭᠡᠨ ᠰᠡᠳᠬᠦᠯ ᠤᠨ ᠣᠶᠢᠷ᠎ᠠ ᠳᠤ ᠨᠡᠶᠢᠲᠡᠯᠡᠭᠰᠡᠨ ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠡᠨᠧᠷᠭᠢ ᠶᠢᠨ ᠤᠮᠳᠠᠭᠠᠨ ᠤᠤᠭᠤᠬᠤ ᠨᠢ ᠵᠠᠯᠠᠭᠤᠴᠤᠳ ᠤᠨ ᠨᠦᠢᠷ ᠮᠠᠭᠤᠲᠠᠬᠤ ᠲᠠᠢ ᠬᠤᠯᠪᠤᠭ᠎ᠠ ᠲᠠᠢ᠃ ᠡᠶᠢᠮᠦ ᠤᠮᠳᠠᠭᠠᠨ ᠢ ᠭᠡᠳᠦ ᠤᠯᠠᠨ ᠤᠤᠭᠤᠪᠠᠯ ᠵᠠᠯᠠᠭᠤᠴᠤᠳ ᠤᠨ ᠤᠨᠲᠠᠬᠤ ᠴᠠᠭ ᠨᠢ ᠲᠡᠳᠦᠢ ᠪᠠᠭ᠎ᠠ ᠪᠣᠯᠵᠤ᠂ ᠰᠠᠷ᠎ᠠ ᠳᠤ 1 - 3 ᠤᠳᠠᠭ᠎ᠠ ᠯᠡ ᠤᠤᠭᠤᠭᠰᠠᠨ ᠴᠦ ᠨᠦᠢᠷ ᠢ ᠬᠠᠷᠰᠢᠯᠠᠬᠤ ᠲᠦᠭᠰᠢᠭᠦᠷᠢ ᠲᠠᠢ ᠭᠡᠵᠡᠢ᠃      ᠡᠨᠧᠷᠭᠢ ᠶᠢᠨ ᠤᠮᠳᠠᠭᠠᠨ ᠤ ᠳᠤᠮᠳᠠᠴᠢ ᠺᠤᠹᠤᠶ᠋ᠢᠨ ᠤ ᠠᠭᠤᠯᠤᠭᠳᠠᠴᠠ ᠨᠢ ᠯᠢᠳ᠋ᠷ ᠪᠦᠷᠢ ᠳᠤ 150 ᠮᠢᠯᠢᠭᠷᠡᠮ ᠪᠠᠶᠢᠵᠤ᠂ ᠪᠠᠰᠠ ᠰᠢᠬᠢᠷ᠂ ᠸᠢᠲ᠋ᠠᠮᠢᠨ᠂ ᠡᠷᠦᠳᠡᠰᠦ ᠪᠠ ᠰᠢᠪᠲᠦᠷᠲᠦ ᠬᠦᠴᠢᠯ ᠵᠡᠷᠭᠡ ᠶᠢ ᠠᠭᠤᠯᠳᠠᠭ᠃ ᠬᠦᠴᠦ ᠲᠠᠮᠢᠷ ᠰᠡᠯᠪᠢᠵᠦ᠂ ᠴᠤᠭ ᠵᠢᠪᠬᠤᠭ᠎ᠠ ᠶᠢ ᠰᠡᠷᠭᠦᠭᠡᠬᠦ ᠡᠮ ᠪᠣᠯᠤᠭᠰᠠᠨ ᠤ ᠬᠤᠪᠢ ᠳᠤ᠂ ᠡᠨᠧᠷᠭᠢ ᠶᠢᠨ ᠤᠮᠳᠠᠭᠠᠨ ᠨᠢ ᠵᠠᠯᠠᠭᠤᠴᠤᠳ ᠤᠨ ᠪᠠᠭ᠋ᠠᠷᠬᠠᠯ ᠢ ᠶᠡᠬᠡᠳᠡ ᠲᠠᠲᠠᠳᠠᠭ᠃      ᠰᠤᠳᠤᠯᠭᠠᠨ ᠤ ᠠᠵᠢᠯᠲᠠᠨ 18 - 35 ᠨᠠᠰᠤᠨ ᠤ 53266 ᠣᠷᠣᠯᠴᠠᠭᠰᠠᠳ ᠤᠨ ᠲᠤᠭ᠎ᠠ ᠪᠠᠷᠢᠮᠲᠠ ᠶᠢ ᠠᠰᠢᠭᠯᠠᠵᠠᠢ᠃ ᠣᠷᠣᠯᠴᠠᠭᠰᠠᠳ ᠡᠨᠧᠷᠭᠢ ᠶᠢᠨ ᠤᠮᠳᠠᠭᠠᠨ ᠤᠤᠭᠤᠬᠤ ᠳᠠᠪᠲᠠᠮᠵᠢ ᠵᠢᠴᠢ ᠤᠨᠲᠠᠬᠤ ᠵᠠᠭᠪᠤᠷ ᠤᠨ ᠲᠤᠬᠠᠢ ᠨᠠᠷᠢᠨ ᠲᠣᠳᠣᠷᠬᠠᠢ ᠠᠰᠠᠭᠤᠯᠲᠠ ᠳᠤ ᠬᠠᠨᠳᠤᠵᠤ᠂ ᠰᠥᠨᠢ ᠪᠦᠷᠢ ᠶᠢᠨ ᠶᠡᠷᠦᠩᠬᠡᠢ ᠤᠨᠲᠠᠬᠤ ᠴᠠᠭ ᠪᠣᠯᠣᠨ ᠬᠡᠪᠲᠡᠬᠦ ᠴᠠᠭ ᠢ ᠦᠨᠳᠦᠰᠦᠯᠡᠨ ᠤᠨᠲᠠᠬᠤ ᠨᠣᠷᠮ᠎ᠠ ᠶᠢ ᠪᠤᠳᠤᠨ᠎ᠠ᠃ ᠨᠢᠭᠡ ᠭᠠᠷᠠᠭ ᠲᠤ ᠠᠳᠠᠭ ᠪᠠᠭ᠎ᠠ ᠳᠠᠭᠠᠨ 3 ᠰᠥᠨᠢ ᠤᠨᠲᠠᠵᠤ ᠣᠷᠣᠬᠤ ᠦᠭᠡᠢ ᠪᠤᠶᠤ ᠡᠷᠲᠡ ᠪᠤᠰᠬᠤ᠂ ᠨᠢᠭᠡ ᠭᠠᠷᠠᠭ ᠲᠤ ᠠᠳᠠᠭ ᠪᠠᠭ᠎ᠠ ᠳᠠᠭᠠᠨ 3 ᠡᠳᠦᠷ ᠨᠢ ᠮᠠᠩᠰᠢᠭᠤᠷᠠᠬᠤ ᠪᠠ ᠶᠠᠳᠠᠷᠠᠵᠤ ᠴᠢᠯᠡᠭᠡᠷᠬᠡᠬᠦ᠂ ᠡᠨᠡ ᠮᠡᠲᠦ ᠪᠠᠷ ᠨᠠᠭᠠᠲᠤ ᠵᠠᠬ᠎ᠠ ᠳᠠᠭᠠᠨ 3 ᠰᠠᠷ᠎ᠠ ᠦᠷᠭᠦᠯᠵᠢᠯᠡᠪᠡᠯ ᠨᠦᠢᠷ ᠬᠤᠯᠵᠢᠭᠰᠠᠨ ᠳᠤ ᠲᠣᠭᠠᠴᠢᠪᠠ᠃      ᠪᠠᠶᠢᠴᠠᠭᠠᠯᠲᠠ ᠪᠠᠷ ᠢᠯᠡᠷᠡᠭᠦᠯᠦᠭᠰᠡᠨ ᠨᠢ᠂ ᠡᠨᠧᠷᠭᠢ ᠶᠢᠨ ᠤᠮᠳᠠᠭᠠᠨ ᠤ ᠬᠡᠷᠡᠭᠯᠡᠭᠡ ᠳᠤ ᠬᠦᠢᠰᠦ ᠢᠯᠭᠠᠯ ᠤᠨ ᠢᠯᠡᠷᠬᠡᠢ ᠵᠥᠷᠢᠶ᠎ᠡ ᠣᠷᠣᠰᠢᠵᠤ ᠵᠢᠱᠢᠶᠡᠯᠡᠪᠡᠯ᠂ ᠡᠮᠡᠭᠲᠡᠶᠢᠴᠦᠳ ᠡᠷᠡᠭᠲᠡᠶᠢᠴᠦᠳ ᠠᠴᠠ ᠨᠠᠩ ᠴᠥᠭᠡᠨ ᠪᠤᠶᠤ ᠶᠡᠷᠦ ᠠᠴᠠ ᠡᠨᠧᠷᠭᠢ ᠶᠢᠨ ᠤᠮᠳᠠᠭᠠᠨ ᠢ ᠤᠤᠭᠤᠳᠠᠭ ᠦᠭᠡᠢ᠃ ᠡᠳᠡᠭᠡᠷ ᠤᠮᠳᠠᠭᠠᠨ ᠢ ᠦᠨᠡᠬᠡᠷ ᠤᠤᠭᠤᠵᠤ ᠥᠩᠭᠡᠷᠡᠭᠰᠡᠨ ᠭᠡᠵᠦ ᠬᠠᠷᠢᠭᠤᠯᠤᠭᠰᠠᠨ ᠬᠥᠮᠥᠰ ᠤᠨ ᠳᠣᠲᠣᠷ᠎ᠠ᠂ 5.5% ᠶᠢᠨ ᠡᠮᠡᠭᠲᠡᠶᠢᠴᠦᠳ ᠭᠠᠷᠠᠭ ᠪᠦᠷᠢ 4 - 6 ᠤᠳᠠᠭ᠎ᠠ ᠤᠤᠭᠤᠵᠤ᠂ 3% ᠠᠴᠠ ᠢᠯᠡᠭᠦᠦ ᠡᠮᠡᠭᠲᠡᠶᠢᠴᠦᠳ ᠡᠳᠦᠷ ᠪᠦᠷᠢ ᠡᠶᠢᠮᠦ ᠤᠮᠳᠠᠭᠠᠨ ᠤᠤᠭᠤᠳᠠᠭ ᠭᠡᠵᠡᠢ᠂ ᠡᠷᠡᠭᠲᠡᠶᠢᠴᠦᠳ ᠤᠨ ᠬᠠᠷᠢᠴᠠᠯ ᠲᠤᠭ᠎ᠠ  ᠨᠢ ᠲᠤᠰᠪᠦᠷᠢ 8% ᠪᠠ 5% ᠪᠣᠯᠣᠨ᠎ᠠ᠃      ᠡᠨᠧᠷᠭᠢ ᠶᠢᠨ ᠤᠮᠳᠠᠭᠠᠨ ᠤ ᠬᠡᠷᠡᠭᠯᠡᠭᠡ ᠬᠢᠭᠡᠳ ᠤᠨᠲᠠᠬᠤ ᠴᠠᠭ ᠪᠠᠭᠠᠰᠬᠤ ᠶᠢᠨ ᠬᠤᠭᠤᠷᠣᠨᠳᠤ ᠢᠯᠡᠷᠬᠡᠢ ᠲᠤᠰᠬᠠᠯ ᠤᠨ ᠬᠠᠷᠢᠴᠠᠭ᠎ᠠ ᠲᠠᠢ ᠪᠠᠶᠢᠳᠠᠭ᠄ ᠡᠳᠦᠷ ᠪᠦᠷᠢ ᠤᠤᠭᠤᠳᠠᠭ ᠭᠡᠵᠦ ᠮᠡᠳᠡᠭᠦᠯᠦᠭᠰᠡᠨ ᠡᠷᠡᠭᠲᠡᠢ ᠡᠮᠡᠭᠲᠡᠢ ᠨᠢ ᠴᠥᠮ ᠬᠠᠶᠠ ᠵᠠᠷᠢᠮ ᠳᠠᠭᠠᠨ ᠤᠤᠭᠤᠳᠠᠭ ᠪᠤᠶᠤ ᠶᠡᠷᠦ ᠠᠴᠠ ᠤᠤᠭᠤᠳᠠᠭ ᠦᠭᠡᠢ ᠭᠡᠵᠦ ᠮᠡᠳᠡᠭᠦᠯᠦᠭᠰᠡᠨ ᠡᠷᠡᠭᠲᠡᠢ ᠡᠮᠡᠭᠲᠡᠢ ᠠᠴᠠ ᠬᠠᠭᠠᠰ ᠴᠠᠭ ᠣᠷᠴᠢᠮ ᠳᠤᠲᠠᠭᠤ ᠤᠨᠲᠠᠳᠠᠭ᠂ ᠡᠨᠧᠷᠭᠢ ᠶᠢᠨ ᠤᠮᠳᠠᠭᠠᠨ ᠤ ᠬᠡᠷᠡᠭᠯᠡᠭᠡ ᠶᠢᠨ ᠨᠡᠮᠡᠭᠳᠡᠯ ᠨᠢ ᠨᠦᠢᠷ ᠮᠠᠭᠤᠲᠠᠬᠤ ᠲᠠᠢ ᠰᠢᠭᠤᠳ ᠬᠤᠯᠪᠤᠭ᠎ᠠ ᠲᠠᠢ ᠪᠠᠶᠢᠵᠤ᠂ ᠰᠥᠨᠢ ᠰᠡᠷᠢᠭᠦ ᠳᠠᠪᠲᠠᠮᠵᠢ ᠪᠠ ᠤᠨᠲᠠᠬᠤ ᠳᠤ ᠬᠡᠷᠡᠭᠰᠡᠬᠦ ᠴᠠᠭ ᠨᠢ ᠬᠠᠷᠢᠴᠠᠩᠭᠤᠢ ᠪᠠᠷ ᠨᠡᠮᠡᠭᠳᠡᠳᠡᠭ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1