—2024 ᠣᠨ ᠤ 1 ᠳ᠋ᠦ᠋ᠭᠡᠷ ᠰᠠᠷ᠎ᠠ ᠶᠢᠨ 18 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ | ᠳᠡᠭᠡᠷ᠎ᠡ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠾᠧ ᠬᠠᠢ ᠳ᠋ᠦᠩ | | | | ᠲᠥᠯᠥᠭᠡᠯᠡᠭᠴᠢᠳ ᠠ᠋᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ | ᠪᠣᠯᠣᠨ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2023 ᠣᠨ ᠪᠣᠯ ᠬᠥᠬᠡᠬᠤᠲᠠ ᠶᠢᠨ ᠬᠥᠭᠵᠢᠯᠲᠡ ᠶᠢᠨ ᠶᠠᠪᠤᠴᠠ ᠳᠠᠬᠢ | ᠲᠤᠶᠢᠯ ᠤᠨ ᠴᠢᠬᠤᠯᠠ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠰᠢᠨᠵᠢᠯᠡᠨ | ᠪᠠᠶᠢᠴᠠᠭᠠᠭᠰᠠᠨ ᠨᠢ ᠪᠢᠳᠡᠨ ᠳᠤ ᠲᠤᠶᠢᠯ ᠤᠨ ᠶᠡᠭᠡ ᠤᠯᠤᠰ ᠲᠦᠷᠦ ᠶᠢᠨ ᠬᠠᠯᠠᠮᠵᠢᠯᠠᠯ ᠪᠠ ᠡᠷᠬᠢᠮ ᠨᠠᠨᠳᠢᠨ | ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠵᠤ ᠥᠭᠴᠡᠢ᠃ ᠪᠦᠬᠦ ᠬᠤᠳᠠ ᠪᠠᠷ ᠢᠶᠠᠨ ︽ᠬᠤᠶᠠᠷ ᠶᠡᠭᠡ ᠶᠠᠪᠤᠳᠠᠯ︾ | ᠢ ᠰᠠᠶᠢᠲᠤᠷ ᠬᠢᠬᠦ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠤ ᠲᠥᠪ ᠬᠤᠲᠠ ᠶᠢ ︽ᠡᠮᠦᠨ᠎ᠡ ᠨᠢ ᠶᠠᠪᠤᠵᠤ᠂ | ᠦᠯᠢᠬᠡᠷ ᠳᠠᠭᠤᠷᠢᠶᠠᠯ ᠪᠣᠯᠬᠤ︾ ᠱᠠᠭᠠᠷᠳᠠᠯᠭ᠎ᠠ ᠶᠣᠰᠣᠭᠠᠷ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ ᠪᠣᠯᠣᠨ | ᠲᠡᠮᠡᠴᠡᠬᠦ ᠬᠠᠷᠠᠯᠲᠠ ᠶᠢ ᠭᠤᠶᠢᠪᠢᠰᠢ ᠦᠭᠡᠢ ᠪᠠᠷᠢᠮᠲᠠᠯᠠᠵᠤ᠂ ᠪᠦᠬᠦ ᠵᠢᠯ ᠤᠨ ᠡᠯ᠎ᠡ ᠵᠦᠢᠯ ᠤᠨ ᠡᠭᠦᠷᠭᠡ ᠬᠠᠷᠠᠯᠲᠠ ᠪᠠᠨ | ᠲᠡᠭᠦᠰ ᠠᠮᠵᠢᠯᠲᠠ ᠲᠠᠢ ᠪᠡᠶᠡᠯᠡᠭᠦᠯᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ︽ᠪᠠᠭᠲᠠᠭᠠᠮᠵᠢ ᠶᠢ ᠶᠡᠬᠡᠰᠬᠡᠬᠦ︾ ᠶᠢ ᠴᠢᠩᠭ᠎ᠠ ᠠᠩᠬᠠᠷᠴᠤ᠂ ᠠᠵᠤ | ᠠᠬᠤᠢ ᠶᠢᠨ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠠᠷᠪᠠᠨ ᠵᠢᠯ ᠤᠨ ᠲᠤᠷᠰᠢᠬᠢ ᠬᠠᠮᠤᠭ ᠤᠨ | ᠰᠠᠶᠢᠨ ᠬᠡᠮᠵᠢᠶᠡᠨ ᠳᠤ ᠬᠦᠷᠴᠡᠢ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 3802 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠨᠡᠮᠡᠭᠳᠡᠪᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 23.6% ᠨᠡᠮᠡᠭᠳᠡᠵᠦ᠂ ᠪᠥᠬᠦ ᠣᠷᠣᠨ ᠤ ᠨᠢᠭᠡᠳᠦᠭᠡᠷ ᠲᠤ ᠣᠷᠣᠪᠠ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25.5% ᠨᠡᠮᠡᠭᠳᠡᠵᠦ᠂ ᠪᠥᠬᠦ ᠣᠷᠣᠨ ᠤ ᠬᠤᠶᠠᠳᠤᠭᠠᠷ ᠲᠤ | ᠣᠷᠣᠪᠠ︔ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 13.5% ᠨᠡᠮᠡᠭᠳᠡᠵᠦ᠂ ᠪᠥᠬᠦ ᠣᠷᠣᠨ ᠤ ᠨᠢᠭᠡᠳᠦᠭᠡᠷ ᠲᠤ ᠣᠷᠣᠪᠠ︔ ᠠᠵᠤ | ᠠᠬᠤᠢ ᠶᠢᠨ ᠶᠡᠷᠦᠩᠬᠡᠢ ᠬᠡᠮᠵᠢᠶ᠎ᠡ ᠨᠢ ᠪᠥᠬᠦ ᠤᠯᠤᠰ ᠤᠨ ᠵᠠᠭᠤᠨ ᠬᠦᠴᠦᠷᠬᠡᠭ ᠬᠤᠲᠠ ᠶᠢᠨ ᠳᠣᠲᠣᠷᠠᠬᠢ ᠨᠡᠷᠡᠰ ᠶᠡᠭᠡ | ᠬᠡᠮᠵᠢᠶ᠎ᠡ ᠪᠠᠷ ᠳᠡᠭᠡᠭᠰᠢᠯᠡᠵᠦ᠂ ᠮᠤᠵᠢ ᠶᠢᠨ ᠲᠥᠪ ᠬᠤᠲᠠ ᠶᠢᠨ ᠳᠣᠲᠣᠷ᠎ᠠ 1 ᠨᠡᠷ᠎ᠡ ᠳᠡᠭᠡᠭᠰᠢᠯᠡᠪᠡ᠃ ᠪᠥᠬᠦ ᠵᠢᠯ ᠳᠤ | 1125 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 1355 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠪᠠ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠤᠳᠠᠯᠳᠤᠭᠠᠴᠢᠨ ᠤᠷᠢᠬᠤ ᠲᠥᠷᠥᠯ ᠵᠦᠢᠯ ᠢ 430 | ᠰᠢᠨ᠎ᠡ ᠪᠠᠷ ᠣᠷᠣᠭᠤᠯᠤᠨ ᠠᠪᠴᠢᠷᠠᠵᠤ᠂ 650 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠪᠣᠳᠠᠲᠠᠶᠢᠵᠢᠭᠤᠯᠪᠠ᠂ 700 ᠳ᠋ᠦᠩᠰᠢᠭᠤᠷ ᠢᠯᠡᠭᠦᠦ ᠲᠥᠭᠦᠷᠢᠭ ᠤᠨ ᠪᠡᠯᠡ ᠣᠷᠣᠭᠤᠯᠤᠭᠰᠠᠨ ᠬᠤᠸᠠ ᠸᠧᠢ ᠶᠢᠨ | ᠡᠭᠦᠯᠡᠨ ᠤ ᠬᠤᠷᠢᠨᠭᠡᠷ ᠳᠠᠬᠢ ᠲᠤᠭ᠎ᠠ ᠪᠠᠷᠢᠮᠲᠠ ᠶᠢᠨ ᠲᠥᠪ᠂ ᠠᠲ᠋ᠧᠰ᠂ ᠰᠠᠢ ᠱᠧᠩ ᠴᠠᠬᠢᠭᠤᠷ ᠤᠨ | ᠦᠢᠯᠡᠰ ᠭᠤᠷᠪᠠᠨ ᠠᠵᠤ ᠦᠢᠯᠡᠰ ᠤᠨ ᠲᠥᠷᠥᠯ ᠵᠦᠢᠯ ᠴᠥᠮ ᠲᠣᠰ ᠵᠢᠯ ᠳᠡᠭᠡᠨ ᠭᠡᠷ᠎ᠡ ᠲᠣᠭᠲᠠᠵᠤ᠂ ᠲᠣᠰ | ᠵᠢᠯ ᠳᠡᠭᠡᠨ ᠠᠵᠢᠯ ᠢᠶᠠᠨ ᠡᠬᠢᠯᠡᠭᠦᠯᠪᠡ᠃ ︽ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠳᠠ︾ | ᠪᠠᠷ ᠦᠨᠡᠯᠡᠭᠳᠡᠵᠦ᠂ ᠪᠦᠬᠦ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠠᠪᠰᠢᠯᠳᠠ ᠪᠠᠷ | ᠬᠠᠮᠤᠭ ᠤᠨ ᠢᠯᠡᠷᠬᠡᠢ ᠮᠤᠵᠢ ᠶᠢᠨ ᠲᠥᠪ ᠬᠤᠳᠠ ᠪᠣᠯᠪᠠ᠃ 12 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠰᠢᠨ᠎ᠡ ᠪᠠᠷ ᠪᠠᠶᠢᠭᠤᠯᠵᠤ᠂ 6 ᠲᠦᠮᠡᠨ ᠰᠠᠭᠠᠯᠢ ᠶᠢᠨ ᠦᠨᠢᠶ᠎ᠡ ᠶᠢ ᠰᠢᠨ᠎ᠡ ᠪᠠᠷ ᠨᠡᠮᠡᠭᠳᠡᠭᠦᠯᠵᠦ᠂ 8800 | ᠮᠦ ᠪᠡᠯᠡᠳᠬᠡᠮᠵᠢᠲᠦ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠶᠢᠨ ᠬᠡᠮᠵᠢᠶ᠎ᠡ ᠶᠢ ︽ | 20 ᠵᠢᠯ ᠳᠠᠷᠠᠭᠠᠯᠠᠨ ᠡᠯᠪᠡᠭ ᠬᠤᠷᠢᠶᠠᠯᠲᠠ︾ ᠳᠤ ᠬᠦᠷᠭᠡᠵᠦ᠂ ᠬᠤᠷᠢᠨᠭᠡᠷ ᠰᠢᠶᠠᠨ ᠤᠯᠤᠰ ᠤᠨ ᠣᠲᠣ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢᠶᠠᠷ ᠵᠥᠪᠰᠢᠶᠡᠷᠡᠭᠳᠡᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠪᠥᠬᠦ | ᠬᠦᠴᠦᠨ ᠢᠶᠠᠷ ᠢᠶᠠᠨ ᠪᠣᠶᠢᠵᠢᠭᠤᠯᠵᠤ᠂ ᠣᠷᠣᠨ ᠤ ᠲᠥᠪ ᠬᠤᠲᠠ ᠶᠢᠨ ᠬᠤᠶᠠᠳᠤᠭᠠᠷ ᠠᠵᠤ ᠦᠢᠯᠡᠰ ᠬᠦᠴᠦᠷᠬᠡᠭ | ᠪᠤᠰᠤ ᠪᠠᠶᠢᠭᠰᠠᠨ ᠰᠠᠨᠠᠭᠠᠴᠢᠯᠠᠭᠠᠲᠤ ᠪᠤᠰᠤ ᠪᠠᠶᠢᠳᠠᠯ ᠢ ᠬᠦᠴᠦᠲᠡᠢ ᠬᠤᠪᠢᠷᠠᠭᠤᠯᠪᠠ᠃ ᠪᠣᠬᠢᠷᠲᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠥᠭᠡᠮᠨᠡᠷᠡᠯ | ᠰᠢᠨ᠎ᠡ ᠳᠡᠭᠲᠡᠷ ᠲᠤ ᠭᠠᠷᠴᠤ᠂ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠪᠢᠰᠢᠯᠠᠭ | ᠦᠢᠯᠡᠳᠪᠦᠷᠢᠯᠡᠬᠦ ᠲᠠᠰᠤᠭ᠂ ᠰᠦᠨ ᠲᠠᠯᠬ᠎ᠠ ᠶᠢᠨ ᠬᠤᠶᠠᠳᠤᠭᠠᠷ ᠬᠤᠭᠤᠴᠠᠭ᠎ᠠ ᠶᠢ ᠪᠠᠶᠢᠭᠤᠯᠵᠤ ᠳᠠᠭᠤᠰᠬᠠᠨ | ᠠᠰᠢᠭᠯᠠᠯᠲᠠ ᠳᠤ ᠣᠷᠣᠭᠤᠯᠵᠤ᠂ ᠮᠧᠩ ᠨᠢᠦ ᠶᠢᠨ ᠰᠦ ᠶᠢᠨ ᠠᠵᠤ ᠦᠢᠯᠡᠰ ᠤᠨ ᠬᠦᠷᠢᠶᠡᠯᠡᠩ ᠤᠨ ᠲᠧ ᠺᠠᠩ ᠷᠦᠢ | ᠳᠡᠭᠡᠳᠦ ᠲᠡᠰ ᠤᠨ ᠴᠠᠭᠠᠨ ᠢᠳᠡᠭᠡᠨ᠂ ᠨᠠᠢ ᠲᠧ ᠣᠶᠣᠨᠴᠢᠯᠠᠨ ᠲᠡᠰ ᠳᠡᠪᠰᠢᠭᠦᠯᠬᠦ ᠮᠡᠷᠭᠡᠵᠢᠯ ᠤᠨ | ᠥᠭᠡᠷᠡᠴᠢᠯᠡᠯᠲᠡ ᠶᠢᠨ ᠲᠦᠷᠦᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠰᠦ ᠶᠢᠨ | ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ 2560 ᠳ᠋ᠦᠩᠰᠢᠭᠤᠷ | ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 14% ᠠᠴᠠ ᠳᠡᠭᠡᠭᠰᠢ ᠨᠡᠮᠡᠭᠳᠡᠪᠡ︔ ᠠᠩᠬᠠᠳᠤᠭᠠᠷ | ᠬᠤᠭᠤᠴᠠᠭᠠᠨ ᠤ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ︽ | ᠳᠡᠯᠡᠬᠡᠢ ᠶᠢᠨ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ︾ ︽ᠳᠤᠮᠳᠠᠳᠤ ᠤᠯᠤᠰ ᠤᠨ | ᠰᠦ ᠶᠢᠨ ᠦᠢᠯᠡᠰ ᠤᠨ ᠡᠭᠦᠯᠳᠡᠷ ᠪᠣᠶᠢᠵᠢᠭᠤᠯᠬᠤ ᠬᠤᠲᠠ︾ ᠶᠢᠨ ᠢᠷᠠᠭᠤ ᠠᠯᠳᠠᠷ ᠢ ᠭᠥᠷᠳᠡᠵᠦ᠂ ᠤᠯᠤᠰ ᠤᠨ | ᠰᠦ ᠶᠢᠨ ᠦᠢᠯᠡᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢᠶᠠᠷ ᠵᠥᠪᠰᠢᠶᠡᠷᠡᠭᠳᠡᠵᠦ᠂ | ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠳᠤ ᠰᠣᠩᠭᠤᠭᠳᠠᠵᠤ᠂ ︽ᠳᠤᠮᠳᠠᠳᠤ ᠤᠯᠤᠰ ᠤᠨ | ᠰᠦ ᠶᠢᠨ ᠬᠤᠲᠠ︾ ᠶᠢᠨ ᠨᠡᠷ᠎ᠡ ᠶᠢᠨ ᠬᠠᠭᠤᠳᠠᠰᠤ ᠶᠢ ᠤᠯᠠᠮ ᠠᠴᠠ ᠤᠯᠠᠮ ᠭᠡᠷᠡᠯᠲᠦᠭᠦᠯᠪᠡ᠃ ᠡᠯᠧᠺᠲᠷᠣᠨ ᠮᠡᠳᠡᠭᠡ | ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠤᠨ ᠦᠢᠯᠡᠳᠦᠯ ᠪᠦᠬᠦ ᠲᠠᠯ᠎ᠠ ᠪᠠᠷ ᠪᠠᠳᠠᠷᠠᠵᠤ᠂ ᠬᠤᠸᠠ | ᠸᠧᠢ ᠶᠢᠨ ᠤᠮᠠᠷᠠᠲᠤ ᠶᠢᠨ ᠬᠠᠮᠤᠭ ᠤᠨ ᠲᠣᠮᠣ ᠪᠣᠳᠣᠯᠭ᠎ᠠ ᠶᠢᠨ ᠬᠦᠴᠦᠨ ᠤ ᠬᠦᠢᠰᠦ ᠶᠢᠨ ᠲᠥᠷᠥᠯ ᠵᠦᠢᠯ ᠪᠣᠯᠬᠤ | ᠬᠤᠸᠠ ᠸᠧᠢ ᠶᠢᠨ ᠡᠭᠦᠯᠡᠨ ᠤ ᠬᠤᠷᠢᠨᠭᠡᠷ ᠳᠠᠬᠢ ᠲᠤᠭ᠎ᠠ ᠪᠠᠷᠢᠮᠲᠠ ᠶᠢᠨ ᠲᠥᠪ ᠲᠤ ᠠᠮᠵᠢᠯᠲᠠ ᠲᠠᠢ ᠪᠠᠷ ᠡᠷᠦᠬᠡ ᠠᠮᠠ | ᠣᠷᠣᠵᠤ᠂ ᠬᠡᠲᠦ ᠨᠡᠶᠢᠯᠡᠯᠲᠡ ᠶᠢᠨ ᠦᠢᠯᠡᠴᠢᠯᠡᠭᠦᠷ ᠤᠨ ᠤᠮᠠᠷᠠᠲᠤ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ | ᠪᠠᠩᠬᠢ ᠵᠡᠷᠭᠡ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠳᠠᠭᠤᠰᠴᠤ᠂ | ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠣᠶᠣᠨᠴᠢ ᠪᠣᠳᠣᠯᠭ᠎ᠠ ᠶᠢᠨ ᠲᠥᠪ᠂ ᠪᠢᠩ ᠰᠢᠩ ᠰᠢᠨᠵᠢᠯᠡᠬᠦ | ᠤᠬᠠᠭᠠᠨ ᠮᠡᠷᠭᠡᠵᠢᠯ ᠤᠨ ᠪᠣᠳᠣᠯᠭ᠎ᠠ ᠶᠢᠨ ᠬᠦᠴᠦᠨ ᠤ ᠰᠠᠭᠤᠷᠢᠨ ᠵᠡᠷᠭᠡ ᠲᠥᠷᠥᠯ ᠵᠦᠢᠯ ᠢ ᠪᠥᠬᠦ ᠲᠠᠯ᠎ᠠ ᠪᠠᠷ | ᠡᠬᠢᠯᠡᠭᠦᠯᠵᠦ᠂ 150 ᠲᠦᠮᠡᠨ ᠦᠢᠯᠡᠴᠢᠯᠡᠭᠦᠷ ᠤᠭᠰᠠᠷᠠᠵᠤ ᠳᠡᠶᠢᠯᠬᠦ ᠪᠣᠯᠪᠠ︔ ᠳᠤᠮᠳᠠᠳᠤ ᠤᠯᠤᠰ ᠤᠨ ᠪᠣᠬᠢᠷᠲᠤᠯ | ᠦᠭᠡᠢ ᠪᠣᠳᠣᠯᠭ᠎ᠠ ᠶᠢᠨ ᠬᠦᠴᠦᠨ ᠤ ᠶᠡᠭᠡ ᠬᠤᠷᠠᠯ ᠢ ᠠᠮᠵᠢᠯᠲᠠ ᠲᠠᠢ ᠡᠷᠬᠢᠯᠡᠨ᠂ ᠬᠤᠷᠢᠨᠭᠡᠷ ᠤᠨ ᠪᠣᠬᠢᠷᠲᠤᠯ ᠦᠭᠡᠢ | ᠪᠣᠳᠣᠯᠭ᠎ᠠ ᠶᠢᠨ ᠬᠦᠴᠦᠨ ᠤ ᠢᠯᠡᠳᠬᠡᠯ ᠲᠤᠭ᠎ᠠ ᠶᠢ ᠨᠡᠶᠢᠲᠡᠯᠡᠵᠦ᠂ ︽ᠳᠤᠮᠳᠠᠳᠤ ᠤᠯᠤᠰ ᠤᠨ ᠪᠣᠳᠣᠯᠭ᠎ᠠ ᠶᠢᠨ | ᠬᠦᠴᠦᠨ ᠤ ᠬᠤᠷᠢᠨ ᠬᠦᠴᠦᠷᠬᠡᠭ ᠬᠤᠳᠠ︾ ᠶᠢᠨ ᠨᠡᠷᠡᠰ ᠲᠤ ᠵᠢᠭᠰᠠᠭᠠᠭᠳᠠᠵᠤ᠂ 15 ᠳ᠋ᠤᠭᠠᠷ ᠲᠤ ᠣᠷᠣᠪᠠ᠃ | ᠰᠢᠨ᠎ᠡ ᠮᠠᠲ᠋ᠧᠷᠢᠶᠠᠯ ᠪᠣᠯᠣᠨ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠪᠥᠭᠡᠮᠨᠡᠷᠡᠯ ᠤᠨ ᠳᠠᠭᠠᠭᠤᠯᠤᠭᠴᠢ ᠳᠠᠶᠢᠴᠢᠯᠠᠬᠤ ᠦᠢᠯᠡᠳᠦᠯ ᠢᠯᠡᠷᠬᠡᠢ ᠪᠠᠶᠢᠵᠤ᠂ ᠶᠤᠸᠠᠨ ᠵᠢᠩ ᠣᠶᠤᠨᠲᠤ ᠦᠢᠯᠡᠳᠬᠦ | ᠠᠵᠤ ᠦᠢᠯᠡᠰ ᠤᠨ ᠬᠦᠷᠢᠶᠡᠯᠡᠩ᠂ ᠬᠤᠸᠠ ᠶᠣᠣ ᠬᠡᠷᠡᠯ ᠴᠠᠬᠢᠯᠭᠠᠨ ᠤ 12GW ᠲᠠᠩ ᠲᠠᠯᠠᠰᠲᠤ ᠴᠠᠬᠢᠭᠤᠷ ᠤᠨ | ᠢᠯᠲᠠᠰᠤ᠂ ᠰᠢᠨ ᠬᠤᠸᠠᠨ ᠤ 10 ᠲᠦᠮᠡᠨ ᠲᠣᠨ ᠤ ᠮᠥᠬᠦᠯᠢᠭᠲᠦ ᠴᠠᠬᠢᠭᠤᠷ ᠵᠡᠷᠭᠡ ᠲᠥᠷᠥᠯ ᠵᠦᠢᠯ ᠢ ᠪᠠᠶᠢᠭᠤᠯᠵᠤ | ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠰᠢᠨ ᠬᠤᠸᠠ ᠶᠢᠨ 1 ᠲᠦᠮᠡᠨ ᠲᠣᠨ ᠤ ᠡᠯᠧᠺᠲᠷᠣᠨ ᠲᠠᠰ ᠤᠨ | ᠣᠯᠠᠨ ᠲᠠᠯᠠᠰᠲᠤ ᠴᠠᠬᠢᠭᠤᠷ᠂ ᠵᠦᠩ ᠯᠢ ᠶᠢᠨ ᠭᠤᠷᠪᠠᠳᠤᠭᠠᠷ ᠬᠤᠭᠤᠴᠠᠭ᠎ᠠ᠂ ᠱᠧᠩ ᠹᠠᠨ ᠤ ᠳᠥᠷᠪᠡᠳᠦᠭᠡᠷ | ᠬᠤᠭᠤᠴᠠᠭ᠎ᠠ ᠵᠡᠷᠭᠡ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠳᠠᠭᠤᠰᠴᠤ᠂ ᠠᠲ᠋ᠧᠰ ᠬᠡᠷᠡᠯ ᠸᠣᠯᠲ ᠤᠨ | ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ᠂ ᠱᠤᠸᠠᠩ ᠵᠢᠶᠧ ᠴᠠᠬᠢᠯᠭᠠᠨ ᠬᠦᠴᠦᠨ ᠤ | ᠲᠣᠨᠣᠭᠯᠠᠯ ᠦᠢᠯᠡᠳᠬᠦ᠂ ᠭᠠᠨ ᠹᠧᠩ ᠯᠢᠲ᠋ᠢ ᠶᠢᠨ ᠴᠠᠬᠢᠯᠭᠠᠨ᠂ ᠭᠦᠸᠧ ᠵᠢᠶᠠ ᠨᠠᠨᠤ᠋ ᠪᠢᠯᠢᠭ ᠲᠤᠶᠢᠯ ᠤᠨ | ᠮᠠᠲ᠋ᠧᠷᠢᠶᠠᠯ ᠤᠨ ᠨᠢᠭᠡᠳᠦᠭᠡᠷ ᠬᠤᠭᠤᠴᠠᠭ᠎ᠠ᠂ ᠹᠦ᠋ ᠮᠢᠩ ᠣᠶᠤᠨᠴᠢ ᠦᠢᠯᠡᠳᠬᠦ ᠨᠢᠭᠡᠳᠦᠭᠡᠷ ᠬᠤᠭᠤᠴᠠᠭ᠎ᠠ ᠵᠡᠷᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠤᠨ ᠪᠥᠭᠡᠮᠨᠡᠷᠡᠯ ᠤᠨ ︽ᠳᠡᠭᠡᠳᠦ ᠨᠠᠷᠢᠯᠢᠭ ᠦᠵᠦᠭᠦᠷ︾ ᠲᠥᠷᠥᠯ ᠵᠦᠢᠯ ᠤᠨ ᠬᠡᠷᠡᠭᠵᠢᠭᠦᠯᠦᠯᠲᠡ ᠶᠢ | ᠲᠦᠷᠭᠡᠳᠬᠡᠵᠦ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠲᠡᠳᠬᠦᠬᠦ 10 ᠵᠤᠷᠪᠤᠰ ᠲᠥᠷᠥ ᠶᠢᠨ | ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠳ᠋ᠠ ᠲᠠᠩ ᠡᠮ ᠤᠨ ᠦᠢᠯᠡᠰ ᠤᠨ ᠡᠷᠡᠭᠦᠯ ᠮᠡᠨᠳᠦ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠴᠠᠩ ᠱᠧᠦ ᠡᠮ ᠤᠨ ᠦᠢᠯᠡᠰ ᠵᠡᠷᠭᠡ | ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠢ ᠳ᠋ᠥᠸᠧ ᠯᠢ ᠠᠮᠢᠳᠤ ᠪᠣᠳᠠᠰ ᠤᠨ | ᠢᠰᠬᠡᠭᠦᠷ ᠤᠨ ᠨᠠᠶᠢᠷᠠᠯᠲᠠ ᠵᠡᠷᠭᠡ ᠲᠥᠷᠥᠯ ᠵᠦᠢᠯ ᠤᠨ ᠭᠤᠣᠯ ᠴᠣᠭᠴᠠ ᠶᠢ ᠪᠠᠶᠢᠭᠤᠯᠤᠨ ᠳᠠᠭᠤᠰᠬᠠᠵᠤ᠂ ᠪᠥᠬᠦ | ᠳᠡᠯᠡᠬᠡᠢ ᠶᠢᠨ ᠬᠠᠮᠤᠭ ᠤᠨ ᠲᠣᠮᠣ ᠰᠢᠯᠦᠬᠡᠢ ᠡᠪᠡᠳᠴᠢᠨ ᠤ ᠸᠠᠺᠼᠢᠨ᠂ ᠳᠠᠭᠠᠯᠲᠠ ᠢᠰᠬᠡᠭᠦᠷ Q10᠂ ᠥᠨᠳᠥᠷ | ᠦᠷ᠎ᠡ ᠠᠰᠢᠭ ᠲᠠᠢ ᠶᠢᠨ ᠮᠧᠶ ᠰᠦ ᠦᠢᠯᠡᠳᠪᠦᠷᠢᠯᠡᠬᠦ ᠰᠠᠭᠤᠷᠢᠨ ᠭᠠᠵᠠᠷ ᠢ ᠪᠠᠶᠢᠭᠤᠯᠵᠤ ᠳᠠᠭᠤᠰᠬᠠᠪᠠ᠃ ᠴᠡᠪᠡᠷ | ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠪᠥᠭᠡᠮᠨᠡᠷᠡᠯ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ | ᠰᠢᠨ᠎ᠡ ᠵᠠᠮ ᠢᠶᠠᠷ ᠵᠠᠮᠨᠠᠵᠤ᠂ ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ᠂ ᠲᠢᠶᠠᠨ | ᠨᠧᠩ ᠬᠦᠨᠳᠦ ᠠᠵᠤ ᠦᠢᠯᠡᠳᠪᠦᠷᠢ᠂ ᠳ᠋ᠠ ᠳᠠᠩ ᠴᠢᠩ ᠱᠦᠢ ᠾᠧ ᠶᠢᠨ ᠸᠠᠨ ᠵᠢᠶᠠ ᠵᠠᠢ ᠵᠡᠷᠭᠡ ᠲᠥᠷᠥᠯ ᠵᠦᠢᠯ | ᠠᠰᠢᠭᠯᠠᠯᠲᠠ ᠳᠤ ᠣᠷᠣᠵᠤ᠂ ᠲᠣᠭᠲᠠᠬᠤ ᠴᠢᠩ ᠱᠦᠢ ᠾᠧ ᠶᠢᠨ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠡᠨᠧᠷᠭᠢ | ᠬᠠᠳᠠᠭᠠᠯᠠᠬᠤ ᠺᠣᠮᠫᠠᠨᠢ ᠶᠢᠨ ᠬᠠᠮᠲᠤᠪᠠᠷ ᠡᠳ᠋ᠯᠡᠬᠦ ᠡᠨᠧᠷᠭᠢ ᠬᠠᠳᠠᠭᠠᠯᠠᠬᠤ ᠲᠤᠰᠠᠭᠠᠷ ᠴᠠᠬᠢᠯᠭᠠᠨ ᠥᠷᠲᠡᠭᠡ᠂ ᠬᠤᠸᠠ | ᠳ᠋ᠢᠶᠠᠨ ᠤ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠨᠢᠭᠡᠳᠦᠭᠡᠷ | ᠬᠤᠭᠤᠴᠠᠭᠠᠨ ᠤ ᠪᠠᠷᠢᠯᠭ᠎ᠠ ᠶᠢ ᠡᠬᠢᠯᠡᠨ ᠪᠠᠶᠢᠭᠤᠯᠵᠤ᠂ ᠡᠨᠧᠷᠭᠢ ᠶᠢᠨ ᠡᠬᠢ ᠪᠠᠶᠠᠯᠢᠭ ᠤᠨ ᠶᠡᠷᠦᠩᠬᠡᠢ ᠬᠡᠯᠲᠡᠰ ᠤᠨ | ᠰᠠᠭᠤᠷᠢᠨ ᠭᠠᠵᠠᠷ ᠪᠠ ᠪᠣᠬᠢᠷᠲᠤᠯ ᠦᠭᠡᠢ ᠴᠠᠬᠢᠯᠭᠠᠨ ᠢ ᠰᠢᠩᠭᠡᠬᠡᠨ ᠠᠰᠢᠭᠯᠠᠬᠤ ᠵᠢᠱᠢᠶ᠎ᠡ ᠦᠵᠡᠭᠦᠯᠬᠦ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠪᠥᠬᠦ ᠣᠷᠣᠨ ᠳᠤ ᠬᠠᠮᠤᠭ ᠤᠷᠢᠳᠠᠪᠠᠷ ᠲᠦᠯᠬᠢᠨ ᠠᠬᠢᠭᠤᠯᠵᠤ᠂ ︽ᠨᠣᠭᠤᠭᠠᠨ | ᠦᠨᠡᠮᠯᠡᠯ︾ ᠤᠨ ᠠᠷᠠᠯᠵᠢᠶ᠎ᠠ ᠦᠭᠡᠢ ᠪᠠᠶᠢᠭᠰᠠᠨ ᠪᠠᠶᠢᠳᠠᠯ ᠢ ᠲᠦᠷᠦᠭᠦᠯᠡᠨ ᠰᠢᠪᠲᠤᠯᠪᠠ︔ ︽1+2+N︾ ᠰᠢᠨ᠎ᠡ | ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠠᠮᠢ ᠠᠬᠤᠢ ᠶᠢᠨ ᠬᠤᠯᠪᠣᠭ᠎ᠠ ᠶᠢ ᠲᠦᠷᠦᠭᠦᠯᠡᠨ ᠪᠠᠶᠢᠭᠤᠯᠵᠤ᠂ | ᠪᠦᠯᠬᠦᠮᠳᠡᠨ ᠬᠥᠭᠵᠢᠵᠦ᠂ ᠬᠠᠷᠢᠯᠴᠠᠨ ᠬᠠᠷᠠᠭᠠᠯᠠᠵᠤ ᠬᠠᠮᠲᠤᠪᠠᠷ ᠠᠰᠢᠭ ᠬᠦᠷᠲᠡᠪᠡ᠃ ᠣᠲᠣ ᠦᠶ᠎ᠡ ᠶᠢᠨ ᠬᠢᠮᠢ ᠶᠢᠨ | ᠠᠵᠤ ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ ᠣᠯᠠᠨ ᠬᠡᠯᠬᠢᠶ᠎ᠡ ᠪᠠᠷ ᠠᠭᠤᠰᠤᠯᠴᠠᠨ ᠬᠥᠭᠵᠢᠵᠦ᠂ | ᠵᠢᠦ ᠲᠠᠢ ᠡᠲ᠋ᠢᠯ ᠬᠤᠶᠠᠷᠴᠢ ᠠᠯᠺᠣᠣᠯ᠂ ᠰᠢᠦᠢ ᠶᠠᠩ ᠬᠡᠦᠷᠰᠢᠭᠦᠯᠬᠦ ᠵᠡᠷᠭᠡ ᠲᠥᠷᠥᠯ ᠵᠦᠢᠯ ᠦᠢᠯᠡᠳᠪᠦᠷᠢᠯᠡᠯ ᠢᠶᠠᠨ | ᠪᠡᠶᠡᠯᠡᠭᠦᠯᠦᠨ ᠦᠷ᠎ᠡ ᠠᠰᠢᠭ ᠣᠯᠵᠤ᠂ ᠰᠠᠨ ᠯᠢᠶᠠᠨ ᠬᠢᠮᠢ ᠶᠢᠨ ᠠᠵᠤ ᠦᠢᠯᠡᠳᠪᠦᠷᠢ ᠶᠢ ᠨᠡᠭᠦᠯᠭᠡᠬᠦ ᠲᠥᠷᠥᠯ | ᠵᠦᠢᠯ ᠤᠨ ᠭᠤᠣᠯ ᠴᠣᠭᠴᠠ ᠶᠢᠨ ᠠᠵᠢᠯ ᠳᠠᠭᠤᠰᠴᠤ᠂ ᠵᠢᠦ ᠲᠠᠢ ᠶᠢᠨ 30 ᠲᠦᠮᠡᠨ ᠲᠣᠨ ᠤ ᠬᠡᠯᠬᠢᠶ᠎ᠡ ᠶᠢ | ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠶᠢ ᠨᠢᠭᠡ ᠴᠣᠭᠴᠠᠵᠢᠭᠤᠯᠬᠤ᠂ ᠳᠤᠮᠳᠠᠳᠤ ᠤᠯᠤᠰ ᠤᠨ ᠴᠢᠯᠠᠭᠤᠨ | ᠲᠣᠰᠣᠨ ᠤ ᠺᠣᠮᠫᠠᠨᠢ ᠶᠢᠨ ᠬᠥᠬᠡᠬᠤᠲᠠ ᠳᠠᠬᠢ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ | ᠪᠥᠭᠡᠭᠡᠨᠡᠷᠡᠯ ᠮᠧᠲ᠋ᠠᠨᠠᠯ ᠤᠨ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠤᠨ ᠠᠬᠢᠴᠠ ᠤᠷᠤᠭᠰᠢᠲᠠᠢ | ᠶᠠᠪᠤᠭᠳᠠᠪᠠ᠃ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠦᠢᠯᠡᠳᠬᠦᠨ ᠤ ᠥᠷᠲᠡᠭ 2430 | ᠳ᠋ᠦᠩᠰᠢᠭᠤᠷ ᠲᠥᠭᠦᠷᠢᠭ ᠬᠦᠷᠴᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ | ᠥᠷᠲᠡᠭ ᠲᠤ ᠡᠵᠡᠯᠡᠬᠦ ᠬᠤᠪᠢ ᠶᠢᠨ ᠵᠢᠩ 90% ᠶᠢ ᠳᠠᠪᠠᠪᠠ︔ ᠪᠥᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠰᠢᠨ᠎ᠡ ᠪᠠᠷ 41 ᠨᠡᠮᠡᠭᠳᠡᠵᠦ᠂ ᠶᠡᠷᠦᠩᠬᠡᠢ ᠲᠤᠭ᠎ᠠ ᠨᠢ 322 ᠬᠦᠷᠴᠦ᠂ | ᠣᠷᠣᠨ ᠤ ᠲᠥᠪ ᠬᠤᠲᠠ ᠶᠢᠨ ᠠᠵᠤ ᠦᠢᠯᠡᠳᠪᠦᠷᠢ ᠶᠢᠨ ᠲᠤᠭ᠎ᠠ ᠬᠡᠮᠵᠢᠶ᠎ᠡ ᠲᠣᠭᠲᠠᠭᠤᠨ ᠨᠡᠮᠡᠭᠳᠡᠵᠦ ᠶᠠᠰᠤ ᠴᠢᠨᠠᠷ | ᠪᠦᠲᠦᠮᠵᠢᠲᠡᠶ ᠳᠡᠭᠡᠭᠰᠢᠯᠡᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ︽ᠲᠠᠪᠤᠨ ᠣᠷᠣᠨ ᠪᠦᠰᠡ ᠶᠢᠨ ᠲᠥᠪ︾ ᠢ ᠪᠥᠬᠦ | ᠬᠦᠴᠦᠨ ᠢᠶᠠᠷ ᠢᠶᠠᠨ ᠡᠭᠦᠳᠴᠦ᠂ ᠣᠷᠣᠨ ᠤ ᠲᠥᠪ ᠬᠤᠲᠠ ᠶᠢᠨ ᠬᠤᠲᠠ ᠶᠢᠨ ᠴᠠᠭᠠᠷᠢᠭ ᠤᠨ ᠨᠥᠯᠥᠭᠡᠯᠡᠬᠦ | ᠴᠢᠳᠠᠪᠤᠷᠢ ᠤᠯᠠᠮ ᠨᠢᠭᠡ ᠠᠯᠬᠤᠮ ᠲᠣᠮᠣᠷᠠᠭᠤᠯᠪᠠ᠃ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ︾ ᠢ ᠪᠠᠶᠢᠭᠤᠯᠬᠤ ᠳᠤ ᠰᠠᠭᠤᠷᠢᠯᠠᠨ᠂ ᠪᠥᠬᠦ ᠨᠡᠶᠢᠭᠡᠮ ᠢᠶᠠᠷ ᠢᠶᠠᠨ 63.8 ᠳ᠋ᠦᠩᠰᠢᠭᠤᠷ ᠲᠥᠭᠦᠷᠢᠭ ᠤᠨ | ᠰᠤᠳᠤᠯᠤᠨ ᠨᠡᠭᠡᠭᠡᠬᠦ ᠵᠠᠷᠤᠳᠠᠯ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 21% ᠨᠡᠮᠡᠭᠳᠡᠪᠡ︔ ᠪᠥᠬᠦ | ᠤᠯᠤᠰ ᠤᠨ ᠴᠣᠷ ᠤᠨ ᠭᠠᠭᠴᠠ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ | ᠪᠣᠳᠠᠲᠤ ᠴᠣᠭᠴᠠᠵᠢᠭᠰᠠᠨ ᠡᠵᠡᠩᠨᠡᠯᠲᠡ ᠪᠠᠨ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠪᠡᠰᠦᠨ ᠦᠷ᠎ᠡ ᠶᠢᠨ | ᠦᠢᠯᠡᠰ᠂ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠮᠵᠢᠯᠲᠠ ᠲᠠᠢ ᠪᠠᠷ | ᠵᠥᠪᠰᠢᠶᠡᠷᠡᠭᠳᠡᠪᠡ︔ 120 ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠲᠠᠢ ᠬᠠᠮᠲᠤᠷᠠᠯᠴᠠᠭ᠎ᠠ | ᠥᠷᠨᠢᠭᠦᠯᠵᠦ᠂ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠶᠢ ᠰᠢᠨ᠎ᠡ ᠪᠠᠷ 5 ᠨᠡᠮᠡᠨ᠂ | ᠠᠺᠠᠳᠧᠮᠢᠴᠢ 15᠂ ᠳᠡᠭᠡᠳᠦ ᠲᠡᠰ ᠳᠠᠪᠬᠤᠷᠭ᠎ᠠ ᠶᠢᠨ ᠪᠦᠯᠬᠦᠮ 125 ᠶᠢ ᠤᠷᠢᠵᠤ ᠢᠷᠡᠪᠡ︔ 44 ᠵᠦᠢᠯ ᠤᠨ | ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ 218 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠪᠠ︔ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 533᠂ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 649 ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠤᠰ ᠲᠤᠰ 15%᠂ 57% ᠨᠡᠮᠡᠭᠳᠡᠨ᠂ ᠰᠢᠨ᠎ᠡ ᠶᠢ ᠡᠭᠦᠳᠬᠦ ᠴᠢᠳᠠᠪᠤᠷᠢ ᠶᠢᠨ | ᠢᠯᠡᠳᠬᠡᠯ ᠲᠤᠭ᠎ᠠ ᠳᠡᠭᠡᠭᠰᠢᠯᠡᠭᠡᠳ ᠪᠦᠬᠦ ᠤᠯᠤᠰ ᠤᠨ 30 ᠳ᠋ᠤᠭᠠᠷ ᠲᠤ ᠣᠷᠣᠪᠠ᠃ ︽ᠵᠠᠮ ᠬᠠᠷᠢᠯᠴᠠᠭ᠎ᠠ ᠡᠳ᠋ | ᠪᠠᠷᠠᠭᠠᠨ ᠤ ᠭᠦᠢᠯᠭᠡᠭᠡᠨ ᠤ ᠲᠥᠪ︾ ᠢ ᠪᠠᠶᠢᠭᠤᠯᠬᠤ ᠳᠤ ᠰᠠᠭᠤᠷᠢᠯᠠᠨ᠂ ᠬᠥᠬᠡᠬᠤᠲᠠ ᠶᠢᠨ ᠰᠢᠨ᠎ᠡ ᠨᠢᠰᠬᠡᠯ ᠤᠨ | ᠪᠠᠭᠤᠳᠠᠯ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠨ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ | ᠲᠥᠪ᠂ ᠭᠠᠯᠲᠤ ᠲᠡᠷᠭᠡᠨ ᠤ ᠵᠡᠭᠦᠨ ᠥᠷᠲᠡᠭᠡ ᠶᠢᠨ ᠬᠤᠶᠢᠲᠤ ᠠᠭᠤᠳᠠᠮ ᠲᠠᠯᠠᠪᠠᠶ ᠶᠢ ᠠᠰᠢᠭᠯᠠᠯᠲᠠ ᠳᠤ ᠣᠷᠣᠭᠤᠯᠵᠤ | ᠂ ᠣᠷᠣᠨ ᠤ ᠲᠥᠪ ᠬᠤᠲᠠ ᠠᠴᠠ ᠨᠡᠶᠢᠰᠯᠡᠯ ᠬᠦᠷᠬᠦ ᠲᠦᠷᠭᠡᠨ ᠤ ᠭᠠᠯᠲᠤ ᠲᠡᠷᠭᠡ ᠶᠢᠨ ᠠᠶᠠᠯᠠᠬᠤ ᠴᠠᠭ 2 ᠴᠠᠭ ᠤᠨ | ᠳᠣᠲᠣᠷ᠎ᠠ ᠪᠣᠯᠣᠨ ᠪᠣᠭᠤᠨᠢᠰᠴᠤ᠂ ᠲᠦᠷᠭᠡᠨ ᠤ ᠭᠠᠯᠲᠤ ᠲᠡᠷᠭᠡ ᠬᠤᠷᠳᠤᠨ ᠤ ᠭᠠᠯᠲᠤ ᠲᠡᠷᠭᠡ ᠶᠢᠨ ᠶᠠᠪᠤᠬᠤ | ᠳᠠᠪᠲᠠᠮᠵᠢ ᠬᠠᠮᠤᠭ ᠣᠯᠠᠨ ᠳᠠᠭᠠᠨ ᠡᠳᠦᠷ ᠪᠦᠷᠢ 55 ᠬᠦᠷᠪᠡ︔ ᠢ ᠱᠦᠨ᠂ ᠶᠤᠸᠠᠨ ᠲᠦᠩ᠂ ᠵᠢᠦ ᠵᠧᠦ ᠲᠦᠩ | ᠂ ᠱᠢ ᠮᠧᠩ ᠬᠠᠩᠭᠠᠯᠭ᠎ᠠ ᠶᠢᠨ ᠬᠡᠯᠬᠢᠶ᠎ᠡ ᠵᠡᠷᠭᠡ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠴᠢᠩ ᠽᠢ ᠬᠦᠢᠲᠡᠨ ᠬᠡᠯᠬᠢᠶ᠎ᠡ᠂ ᠮᠢᠩ ᠫᠢᠨ ᠹᠦ᠋ | ᠪᠠᠷᠠᠭᠠᠨ ᠤ ᠭᠦᠢᠯᠭᠡᠭᠡ ᠵᠡᠷᠭᠡ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠪᠠ︔ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ 50 ᠤᠳᠠᠭ᠎ᠠ ᠠᠶᠠᠯᠠᠭᠤᠯᠵᠤ᠂ ᠠᠩᠬ᠎ᠠ ᠤᠳᠠᠭ᠎ᠠ ᠳᠤᠮᠳᠠᠳᠤ | ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ ᠨᠠᠪᠲᠠᠷᠡᠭᠦᠯᠵᠦ᠂ ᠬᠥᠬᠡᠬᠤᠲᠠ ᠶᠢᠨ ᠤᠯᠠᠨ ᠤᠯᠤᠰ ᠤᠨ ᠡᠬᠡ | ᠬᠠᠭᠤᠷᠠᠢ ᠶᠢᠨ ᠭᠠᠷᠠᠮ ᠤᠨ ᠡᠯᠡᠰᠦᠨ ᠳᠠᠪᠠᠭ᠎ᠠ᠂ ᠲᠢᠶᠧ ᠲᠦᠩ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ | ᠠᠵᠢᠯ ᠤᠨ ᠲᠠᠯᠠᠪᠤᠷ ᠢ ᠵᠢᠩᠬᠢᠨᠢ ᠪᠠᠷ ᠡᠬᠢᠯᠡᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠭᠠᠳᠠᠭᠠᠳᠤ ᠳᠤ ᠭᠠᠷᠭᠠᠵᠤ ᠭᠠᠳᠠᠭᠠᠳᠤ ᠠᠴᠠ ᠣᠷᠣᠭᠤᠯᠤᠭᠰᠠᠨ ᠶᠡᠷᠦᠩᠬᠡᠢ ᠬᠡᠮᠵᠢᠶ᠎ᠡ 65 ᠳ᠋ᠦᠩᠰᠢᠭᠤᠷ ᠲᠥᠭᠦᠷᠢᠭ | ᠬᠦᠷᠴᠦ᠂ ᠠᠳᠠᠯᠢ ᠬᠤᠭᠤᠴᠠᠭᠠᠨ ᠤ ᠬᠢ ᠠᠴᠠ 58.5% ᠨᠡᠮᠡᠭᠳᠡᠵᠦ᠂ ︽ᠡᠬᠡ ᠬᠠᠭᠤᠷᠠᠢ ᠶᠢᠨ ᠭᠠᠷᠠᠮ ᠤᠨ | ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ︾ ᠪᠠ ︽ᠤᠯᠤᠰ ᠤᠨ ᠤᠳᠤ ᠦᠶ᠎ᠡ ᠶᠢᠨ | ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠤᠭᠴᠢ ᠴᠡᠭ ᠤᠨ ᠬᠤᠳᠠ︾ ᠪᠠᠷ ᠵᠥᠪᠰᠢᠶᠡᠷᠡᠭᠳᠡᠪᠡ᠃ ︽ | ᠰᠡᠯᠡᠭᠦᠴᠡᠯ ᠠᠮᠠᠷᠠᠯᠲᠠ ᠶᠢᠨ ᠲᠥᠪ︾ ᠢ ᠪᠠᠶᠢᠭᠤᠯᠬᠤ ᠳᠤ ᠰᠠᠭᠤᠷᠢᠯᠠᠨ᠂ ᠡᠯ᠎ᠡ ᠲᠦᠷᠦᠯ ᠤᠨ ᠪᠠᠶᠠᠷ ᠳᠤᠷᠠᠰᠬᠠᠯ ᠤᠨ | ᠠᠵᠢᠯᠯᠠᠭ᠎ᠠ ᠶᠢ 400 ᠭᠠᠷᠤᠢ ᠤᠳᠠᠭ᠎ᠠ ᠡᠷᠬᠢᠯᠡᠵᠦ᠂ ᠵᠧᠦ ᠵᠢᠶᠧ ᠯᠦᠨ ᠤ ᠳᠠᠭᠤᠨ ᠤ ᠲᠣᠭᠯᠠᠯᠲᠠ ᠶᠢᠨ ᠰᠡᠳᠬᠢᠯ ᠢ | ᠳᠤᠯᠠᠭᠠᠴᠠᠭᠤᠯᠬᠤ ᠦᠢᠯᠡᠴᠢᠯᠡᠭᠡ ᠨᠢ ᠬᠥᠬᠡᠬᠤᠲᠠ ᠳᠤ ᠮᠠᠰᠢ ᠣᠯᠠᠨ ᠰᠠᠶᠢᠨ ᠦᠨᠡᠯᠡᠯᠲᠡ ᠶᠢ ᠣᠯᠵᠤ᠂ 165 | ᠲᠦᠮᠡᠨ ᠬᠥᠮᠥᠨ ᠣᠷᠣᠯᠴᠠᠭᠰᠠᠨ ᠰᠢᠨ᠎ᠡ ᠣᠨ ᠢᠶᠠᠨ ᠤᠭᠲᠤᠬᠤ ᠠᠵᠢᠯᠯᠠᠭ᠎ᠠ ᠨᠢ ᠠᠷᠠᠳ ᠤᠯᠠᠨ ᠤ ᠤᠷᠮ᠎ᠠ | ᠰᠡᠳᠬᠢᠯ ᠢ ᠬᠥᠭᠵᠢᠭᠡᠪᠡ︔ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ︾ ᠤ ᠤᠷᠤᠯᠳᠤᠭᠠᠨ ᠤ ᠲᠤᠷᠤᠨ᠎ᠠ ᠶᠢᠨ ᠰᠠᠯᠬᠢᠨ ᠢᠶᠠᠷ ᠳᠡᠯ ᠠᠭᠤᠯᠠ ᠶᠢᠨ ᠴᠡᠨᠡᠯᠡᠯᠲᠡ ᠶᠢᠨ | ᠲᠠᠯᠠᠪᠠᠢ᠂ ᠵᠡᠭᠦᠨ ᠭᠤᠣᠯ ᠤᠨ ᠮᠥᠰᠥ ᠴᠠᠰᠤᠨ ᠤ ᠲᠠᠯᠠᠪᠠᠢ ᠨᠢ ᠣᠷᠣᠨ ᠤ ᠳᠣᠲᠣᠨ᠎ᠠ ᠭᠠᠳᠠᠨᠠᠬᠢ | ᠵᠢᠭᠤᠯᠴᠢᠯᠠᠭᠴᠢᠳ ᠤᠨ ᠮᠥᠰᠥ ᠴᠠᠰᠤᠨ ᠤ ᠵᠤᠭᠠᠴᠠᠯ᠂ ᠲᠠᠮᠢᠷ ᠤᠨ ᠬᠥᠳᠡᠯᠭᠡᠭᠡᠨ ᠤ ᠰᠢᠨ᠎ᠡ ᠲᠠᠯᠠᠪᠤᠷ ᠪᠣᠯᠵᠤ᠂ | ᠬᠠᠷ᠎ᠠ ᠤᠰᠤ ᠶᠢᠨ ᠡᠪᠦᠯ ᠤᠨ ᠵᠢᠭᠠᠰᠤ ᠠᠩᠨᠠᠬᠤ ᠪᠠᠶᠠᠷ ᠨᠢ ᠬᠥᠮᠥᠰ ᠲᠤ ︽ᠴᠠᠰᠤ ᠭᠢᠰᠬᠢᠨ ᠵᠢᠭᠠᠰᠤ ᠡᠷᠢᠬᠦ︾ | ᠪᠠᠶᠠᠷ ᠪᠠᠶᠠᠰᠤᠯ ᠢ ᠡᠳ᠋ᠯᠡᠭᠦᠯᠪᠡ︔ ᠴᠡᠯᠡᠭᠡᠷ ᠲᠠᠯ᠎ᠠ ᠶᠢᠨ ᠲᠦᠮᠡᠨ ᠮᠦ ᠲᠠᠯ᠎ᠠ ᠨᠤᠲᠤᠭ᠂ ᠶᠡᠭᠡ ᠲᠦᠷᠭᠡᠨ ᠭᠤᠣᠯ ᠤᠨ | ᠮᠢᠩᠭᠠᠨ ᠮᠦ ᠴᠡᠴᠡᠭ ᠤᠨ ᠳᠠᠯᠠᠢ ᠨᠢ ᠬᠤᠲᠠ ᠶᠢᠨ ᠠᠷᠠᠳ ᠤᠨ ᠵᠠᠪᠠᠯ ᠬᠦᠷᠴᠦ ᠨᠡᠷ᠎ᠡ ᠪᠠᠨ ᠪᠦᠷᠢᠳᠬᠡᠬᠦ ︽ᠰᠢᠨ᠎ᠡ | ᠰᠣᠩᠭᠤᠯᠲᠠ︾ ᠪᠣᠯᠪᠠ︔ ᠳᠤᠮᠳᠠᠳᠤ ᠤᠯᠤᠰ ᠤᠨ ᠰᠣᠶᠣᠯ ᠤᠨ ᠠᠭᠤᠯᠬᠤᠨ ᠪᠠ ᠤᠯᠠᠨ ᠤᠯᠤᠰ ᠤᠨ ᠬᠠᠷᠠᠭ᠎ᠠ ᠶᠢ | ᠬᠠᠷᠠᠭᠤᠯᠤᠭᠰᠠᠨ ᠱᠤᠭᠤᠮᠠᠯ ᠤᠨ ᠤᠷᠠᠯᠢᠭ ᠤᠨ ᠣᠷᠳᠣᠨ᠂ ᠤᠯᠠᠨ ᠤᠯᠤᠰ ᠤᠨ ᠱᠤᠭᠤᠮᠠᠯ ᠤᠨ ᠬᠦᠷᠢᠶᠡᠯᠡᠩ ᠢ | ᠦᠪᠡᠳᠡᠭᠰᠢ ᠨᠡᠭᠡᠭᠡᠵᠦ᠂ ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠤᠯᠠᠨ ᠤᠯᠤᠰ ᠤᠨ ᠱᠤᠭᠤᠮᠠᠯ ᠤᠨ | ᠤᠷᠠᠯᠢᠭ ᠤᠨ ᠦᠵᠡᠰᠬᠦᠯᠡᠩ ᠢ ᠠᠮᠵᠢᠯᠲᠠ ᠲᠠᠢ ᠡᠷᠬᠢᠯᠡᠪᠡ᠃ ︽ᠣᠲᠣ ᠦᠶ᠎ᠡ ᠶᠢᠨ ᠬᠡᠷᠡᠭᠯᠡᠭᠡᠨ ᠤ ᠲᠥᠪ︾ ᠢ | ᠪᠠᠶᠢᠭᠤᠯᠬᠤ ᠳᠤ ᠰᠠᠭᠤᠷᠢᠯᠠᠨ᠂ ᠵᠠᠰᠠᠭ ᠪᠠᠩᠬᠢ ᠠᠵᠤ ᠠᠬᠤᠶᠢᠯᠠᠯ ᠤᠨ ᠬᠡᠷᠡᠭᠯᠡᠭᠡᠨ ᠤ ᠲᠡᠮᠳᠡᠭᠲᠦ ᠶᠢ 1.3 | ᠳ᠋ᠦᠩᠰᠢᠭᠤᠷ ᠲᠥᠭᠦᠷᠢᠭ ᠲᠠᠷᠬᠠᠭᠠᠵᠤ᠂ ᠣᠯᠠᠨ ᠲᠦᠮᠡᠨ ᠤ ᠬᠡᠷᠡᠭᠯᠡᠭᠡ ᠶᠢ 60 ᠳ᠋ᠦᠩᠰᠢᠭᠤᠷ ᠢᠯᠡᠭᠦᠦ | ᠲᠥᠭᠦᠷᠢᠭ ᠬᠥᠲᠥᠯᠥᠨ ᠳᠠᠭᠠᠭᠤᠯᠪᠠ᠃ ᠰᠢᠨᠬᠤᠸᠠ Mall᠂ ᠵᠦᠩ ᠱᠠᠩ · ᠱᠢ ᠵᠢᠶᠧ ᠯᠢ᠂ ᠲᠢᠶᠠᠨ ᠶᠤᠸᠠᠨ | ᠪᠥᠬᠦ ᠪᠥᠮᠪᠥᠷᠴᠡᠭ ᠤᠨ ᠲᠠᠸᠠᠷ ᠤᠨ ᠳᠡᠯᠭᠡᠨ ᠦᠵᠡᠭᠦᠯᠦᠯᠭᠡ ᠶᠢᠨ ᠠᠷᠠᠯᠵᠢᠶᠠᠨ ᠤ ᠲᠥᠪ ᠡᠵᠡᠩᠨᠡᠯᠲᠡ ᠪᠠᠨ | ᠡᠬᠢᠯᠡᠭᠦᠯᠵᠦ᠂ ᠵᠦᠩ ᠱᠠᠨ ᠵᠠᠮ ᠤᠨ ᠵᠦᠸᠠᠨ ᠵᠢᠶᠣᠣ ᠰᠢᠶᠠᠩ᠂ ᠺᠤᠸᠠᠨ ᠰᠢᠶᠠᠩ ᠽᠢ᠂ ᠪᠣᠭᠤᠮᠲᠠ ᠶᠢᠨ ᠬᠠᠭᠤᠴᠢᠨ | ᠵᠡᠭᠡᠯᠢ ᠵᠡᠷᠭᠡ ᠣᠨᠴᠠᠯᠢᠭᠲᠤ ᠵᠡᠭᠡᠯᠢ ᠲᠣᠭᠤᠷᠢᠭ ᠴᠣ᠋ ᠰᠢᠨ᠎ᠡ ᠳᠦᠷᠢ ᠪᠠᠷ ᠣᠯᠠᠨ ᠲᠠᠢ ᠵᠣᠯᠭᠠᠵᠤ᠂ ᠸᠧᠢ ᠯᠠᠢ᠂ ᠰᠢ | ᠴᠠ ᠵᠡᠷᠭᠡ 46 ᠲᠦᠷᠦᠯ ᠲᠡᠮᠳᠡᠭᠲᠦ ᠶᠢᠨ ᠠᠩᠬᠠᠨ ᠤ ᠳᠡᠯᠭᠡᠭᠦᠷ ᠪᠠ ᠬᠤᠰᠢᠭᠤᠴᠢ ᠳᠡᠯᠭᠡᠭᠦᠷ ᠣᠮᠤᠭ ᠲᠠᠢ | ᠰᠠᠭᠤᠷᠢᠰᠢᠵᠤ᠂ ᠪᠦᠬᠦ ᠤᠯᠤᠰ ᠤᠨ ᠠᠩᠬᠠᠳᠠᠭᠴᠢ ︽ᠮᠣᠩᠭᠤᠯ ᠬᠤᠭᠤᠯᠠᠨ ᠤ ᠭᠠᠵᠠᠷ ᠣᠷᠣᠨ ᠤ ᠢᠯᠡᠷᠬᠡᠶᠢᠯᠡᠯᠲᠦ | ᠠᠮᠲᠠᠲᠤ ᠢᠳᠡᠭᠡᠨ ᠤ ᠬᠤᠳᠠ︾ ᠪᠠᠷ ᠦᠨᠡᠯᠡᠭᠳᠡᠵᠦ᠂ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ | ᠵᠢᠱᠢᠶ᠎ᠡ ᠦᠵᠡᠭᠦᠯᠬᠦ ᠬᠤᠳᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠪᠦᠬᠦ ᠤᠯᠤᠰ ᠤᠨ ︽ᠣᠨ ᠤ | ᠬᠡᠷᠡᠭᠯᠡᠭᠡᠨ ᠤ ᠬᠠᠯᠠᠮᠰᠢᠯ ᠬᠤᠳᠠ︾ ᠪᠠᠷ ᠰᠣᠩᠭᠤᠭᠳᠠᠪᠠ᠃ ︽ᠰᠤᠷᠭᠠᠨ ᠬᠥᠮᠦᠵᠢᠯ ᠡᠮᠴᠢᠯᠡᠭᠡᠨ ᠤ ᠲᠥᠪ︾ ᠢ | ᠪᠠᠶᠢᠭᠤᠯᠬᠤ ᠳᠤ ᠰᠠᠭᠤᠷᠢᠯᠠᠨ᠂ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠭᠢᠯᠡᠬᠦ ᠶᠢ ᠭᠦᠨᠵᠡᠭᠡᠢ ᠠᠬᠢᠭᠤᠯᠵᠤ᠂ | ᠪᠡᠭᠡᠵᠢᠩ ᠶᠡᠭᠡ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ | ᠰᠤᠷᠭᠠᠭᠤᠯᠢ ᠵᠡᠷᠭᠡ ᠨᠠᠷᠠᠲᠤ ᠶᠡᠭᠡ ᠰᠤᠷᠭᠠᠭᠤᠯᠢ ᠲᠠᠢ ᠭᠦᠨᠵᠡᠭᠡᠢ ᠬᠠᠮᠲᠤᠷᠠᠯᠴᠠᠵᠤ᠂ ︽ᠨᠠᠷᠠᠲᠤ ᠰᠤᠷᠭᠠᠭᠤᠯᠢ +︾ | ᠰᠤᠷᠭᠠᠨ ᠬᠥᠮᠦᠵᠢᠯ ᠤᠨ ᠪᠦᠯᠦᠭᠯᠡᠯ ᠢ 86 ᠪᠠᠶᠢᠭᠤᠯᠪᠠ︔ 2 ᠤᠯᠤᠰ ᠤᠨ ᠣᠷᠣᠨ ᠪᠦᠰᠡ ᠶᠢᠨ ᠡᠮᠴᠢᠯᠡᠭᠡᠨ ᠤ | ᠲᠥᠪ ᠢ ᠵᠥᠪᠰᠢᠶᠡᠷᠡᠭᠦᠯᠦᠨ᠂ 5 ᠤᠯᠤᠰ ᠤᠨ ᠲᠠᠰ ᠤᠨ ᠠᠨᠠᠭᠠᠬᠤ ᠤᠬᠠᠭᠠᠨ ᠤ ᠲᠥᠪ ᠤᠨ ᠬᠤᠪᠢᠶᠠᠷᠢ ᠲᠥᠪ ᠢ | ᠪᠠᠶᠢᠭᠤᠯᠤᠨ ᠡᠵᠡᠩᠨᠡᠵᠦ᠂ 6 ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠵᠤ᠂ | ᠬᠤᠲᠠ ᠶᠢᠨ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶ᠎ᠠ ᠳᠤ ᠥᠪᠥᠷ ᠮᠣᠩᠭᠤᠯ ᠤᠨ ᠠᠮᠠᠨ ᠬᠥᠨᠳᠡᠢ ᠶᠢᠨ | ᠡᠮᠨᠡᠯᠭᠡ ᠶᠢᠨ ᠬᠤᠷᠢᠶ᠎ᠠ ᠶᠢᠨ ᠫᠠᠶᠢᠰᠠ ᠶᠢ ᠡᠯᠭᠦᠵᠦ᠂ ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠪᠦᠯᠦᠭᠯᠡᠯ ᠬᠢᠭᠡᠳ | ᠰᠠᠶᠢᠬᠠᠨ ᠲᠣᠭᠤᠷᠢᠭ ᠤᠨ ᠬᠠᠮᠲᠤᠷᠠᠨ ᠪᠠᠶᠢᠭᠤᠯᠤᠭᠰᠠᠨ ᠥᠪᠥᠷ ᠮᠣᠩᠭᠤᠯ ᠤᠨ ᠵᠢᠷᠦᠬᠡ ᠲᠠᠷᠢᠬᠢᠨ ᠤ ᠴᠢᠰᠤᠨ | ᠰᠤᠳᠠᠯ ᠤᠨ ᠡᠮᠨᠡᠯᠭᠡ ᠶᠢᠨ ᠬᠤᠷᠢᠶ᠎ᠠ ᠡᠬᠢᠯᠡᠨ ᠠᠵᠢᠯᠯᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ | ᠡᠮᠨᠡᠯᠭᠡ ᠶᠢᠨ ᠬᠤᠷᠢᠶᠠᠨ ᠳᠤ ᠣᠷᠣᠬᠤ ᠠᠴᠠ ᠡᠮᠦᠨᠡᠬᠢ ᠲᠦᠷᠭᠡᠨ ᠠᠪᠤᠷᠠᠯᠲᠠ ᠶᠢ ᠨᠢᠭᠡ ᠴᠣᠭᠴᠠᠵᠢᠭᠤᠯᠤᠭᠰᠠᠨ | ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ︽ᠲᠠᠪᠤᠨ ᠲᠣᠬᠢᠷᠠᠮᠵᠢᠲᠠᠢ ᠬᠤᠲᠠ︾ ᠶᠢ ᠪᠥᠬᠦ ᠬᠦᠴᠦᠨ ᠢᠶᠠᠷ ᠢᠶᠠᠨ | ᠪᠦᠲᠦᠭᠡᠨ ᠪᠠᠶᠢᠭᠤᠯᠵᠤ᠂ ᠣᠷᠣᠨ ᠤ ᠲᠥᠪ ᠬᠤᠲᠠ ᠶᠢᠨ ᠬᠥᠮᠥᠨ ᠠᠮᠠ ᠶᠢᠨ ᠭᠤᠤᠷᠰᠤᠨ ᠰᠣᠷᠣᠭᠤᠯ ᠤᠨ | ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ︽ᠰᠠᠭᠤᠷᠢᠰᠢᠬᠤ ᠳᠤ ᠲᠣᠬᠢᠷᠠᠮᠵᠢᠲᠠᠢ︾ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠲᠣᠭᠤᠷᠢᠨ ᠳᠤ᠂ 309 ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠵᠤ᠂ 7 ᠪᠣᠷᠣ | ᠰᠠᠭᠤᠷᠢᠰᠢᠯ ᠢ ᠥᠭᠡᠷᠡᠴᠢᠯᠡᠨ ᠵᠠᠰᠠᠵᠤ᠂ 139 ᠺᠢᠯᠣᠮᠧᠲᠷ ᠬᠠᠭᠤᠴᠢᠨ ᠰᠢᠲᠠᠮᠠᠬᠠᠢ ᠬᠡᠢ ᠶᠢᠨ ᠬᠤᠭᠤᠯᠠᠢ ᠶᠢᠨ | ᠲᠣᠣᠷ ᠢ ᠥᠭᠡᠷᠡᠴᠢᠯᠡᠨ ᠵᠠᠰᠠᠵᠤ᠂ ᠪᠥᠬᠦ ᠤᠯᠤᠰ ᠤᠨ 80 ᠲᠣᠮᠣ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠭᠰᠠᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠳᠤ 10 ᠳ᠋ᠤᠭᠠᠷ ᠲᠤ ᠵᠢᠭᠰᠠᠪᠠ︔ ᠣᠷᠣᠨ ᠤ | ᠲᠥᠪ ᠬᠤᠲᠠ ᠶᠢᠨ ᠳᠤᠯᠠᠭᠠᠯᠠᠭ᠎ᠠ ᠬᠠᠩᠭᠠᠬᠤ ᠪᠠᠶᠢᠷᠢᠰᠢᠯ ᠢ ᠬᠤᠪᠢᠷᠠᠭᠤᠯᠤᠭᠰᠠᠨ ᠪᠡᠯᠭᠡ ᠲᠡᠮᠳᠡᠭ ᠤᠨ ᠴᠢᠨᠠᠷᠲᠠᠢ | ᠲᠥᠷᠥᠯ ᠵᠦᠢᠯ ᠪᠣᠯᠬᠤ ᠳ᠋ᠠ ᠲᠠᠩ ᠤᠨ ᠴᠠᠬᠢᠯᠭᠠᠨ ᠦᠢᠯᠡᠳᠪᠦᠷᠢ ᠶᠢᠨ ᠢᠯᠴᠢ ᠶᠢ ᠬᠥᠬᠡᠬᠤᠲᠠ ᠳᠤ ᠲᠠᠲᠠᠬᠤ | ᠢᠨᠵᠧᠨᠧᠷᠢᠩ ᠢ ᠲᠣᠰ ᠵᠢᠯ ᠳᠤ ᠡᠬᠢᠯᠡᠭᠦᠯᠦᠨ᠂ ᠲᠣᠰ ᠵᠢᠯ ᠳᠤ ᠠᠰᠢᠭᠯᠠᠯᠲᠠ ᠳᠤ ᠣᠷᠣᠭᠤᠯᠵᠤ᠂ ᠢᠯᠴᠢ ᠬᠠᠩᠭᠠᠬᠤ | ᠴᠢᠳᠠᠪᠤᠷᠢ ᠶᠢ 2000 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠡᠨᠡ ᠵᠢᠯ ᠪᠠᠰᠠ | 3300 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠦᠨ᠎ᠡ︔ ᠵᠢᠨᠱᠠᠨ ᠴᠠᠬᠢᠯᠭᠠᠨ ᠤ ᠦᠢᠯᠡᠳᠪᠦᠷᠢ ᠶᠢᠨ | ᠬᠤᠶᠠᠳᠤᠭᠠᠷ ᠬᠤᠭᠤᠴᠠᠭᠠᠨ ᠤ ᠢᠯᠴᠢ ᠬᠠᠩᠭᠠᠬᠤ ᠲᠥᠷᠥᠯ ᠵᠦᠢᠯ ᠤᠨ ᠢᠯᠴᠢ ᠬᠠᠩᠭᠠᠬᠤ ᠴᠢᠳᠠᠪᠤᠷᠢ ᠶᠢ 2000 | ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠬᠤᠳᠠ ᠶᠢᠨ ᠲᠣᠭᠤᠷᠢᠭ ᠤᠨ ᠴᠡᠪᠡᠷ | ᠳᠤᠯᠠᠭᠠᠯᠠᠭ᠎ᠠ ᠶᠢᠨ ᠨᠤᠷᠮ᠎ᠠ ᠶᠢ 93% ᠬᠦᠷᠭᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ︽ᠳᠤᠯᠤᠭ᠎ᠠ ᠶᠢ ᠢᠵᠢ ᠪᠦᠷᠢᠳᠦᠭᠦᠯᠬᠦ︾ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠬᠤᠲᠠ ᠲᠣᠭᠤᠷᠢᠭ ᠪᠦᠬᠦ | ᠤᠯᠤᠰ ᠤᠨ ᠰᠡᠯᠡᠭᠦᠴᠡᠯ ᠤᠨ ᠲᠠᠷᠢᠶᠠᠯᠠᠩ ᠤᠨ ᠭᠤᠣᠯᠳᠠᠯᠭ᠎ᠠ ᠲᠠᠢ ᠰᠢᠶᠠᠨ ᠢᠶᠠᠷ ᠦᠨᠡᠯᠡᠭᠳᠡᠵᠦ᠂ ᠬᠤᠷᠢᠨᠭᠡᠷ ᠰᠢᠶᠠᠨ ᠢ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠪᠣᠯᠭᠠᠨ ᠡᠭᠦᠳᠦᠨ | ᠪᠠᠶᠢᠭᠤᠯᠵᠤ᠂ ᠴᠢᠩ ᠱᠦᠢ ᠾᠧ ᠰᠢᠶᠠᠨ ᠢ ᠤᠯᠤᠰ ᠤᠨ ᠳᠡᠰ ᠤᠨ ︽ᠳᠦᠷᠪᠡᠨ ᠰᠠᠶᠢᠨᠲᠠᠢ ᠬᠥᠳᠡᠭᠡ ᠲᠣᠰᠬᠤᠨ ᠤ | ᠵᠠᠮ︾ ᠤᠨ ᠵᠢᠱᠢᠶ᠎ᠡ ᠦᠵᠡᠭᠦᠯᠬᠦ ᠰᠢᠶᠠᠨ ᠪᠣᠯᠭᠠᠨ ᠡᠭᠦᠳᠦᠨ ᠪᠠᠶᠢᠭᠤᠯᠪᠠ᠃ ︽ᠦᠢᠯᠡᠰ ᠪᠣᠰᠬᠠᠬᠤ ᠳᠤ | ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠤᠯᠤᠰ ᠤᠨ ᠣᠯᠠᠨ ᠨᠡᠶᠢᠲᠡ ᠶᠢᠨ | ᠠᠵᠢᠯ ᠣᠯᠭᠤᠯᠲᠠ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠡᠭᠦᠯᠡᠨ | ᠬᠥᠨᠳᠡᠢ ᠶᠢᠨ ᠲᠣᠭᠠᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ | ᠬᠦᠷᠢᠶᠡᠯᠡᠩ᠂ ᠣᠶᠤᠲᠠᠳ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠡᠬᠢᠯᠡᠨ ᠠᠵᠢᠯᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠥᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢᠶᠠᠷ ᠠᠮᠵᠢᠯᠲᠠ ᠲᠠᠢ ᠵᠥᠪᠰᠢᠶᠡᠷᠡᠭᠳᠡᠪᠡ︔ ︽ | ᠬᠥᠮᠥᠨ ᠢ ᠲᠠᠲᠠᠵᠤ ᠬᠥᠮᠥᠨ ᠢ ᠦᠯᠡᠳᠡᠭᠡᠬᠦ 18 ᠵᠤᠷᠪᠤᠰ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ︽ᠭᠤᠷᠪᠠᠨ | ᠵᠢᠯ ᠳᠤ ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠨᠢ ᠬᠤᠶᠠᠷ ᠵᠢᠯ ᠳᠤ 8.4 | ᠲᠦᠮᠡᠨ ᠬᠥᠮᠥᠨ ᠢ ᠦᠯᠡᠳᠡᠭᠡᠪᠡ︔ ᠡᠯ᠎ᠡ ᠵᠦᠢᠯ ᠤᠨ ᠠᠵᠢᠯᠲᠠᠨ ᠡᠯᠰᠡᠬᠦ ᠠᠵᠢᠯᠯᠠᠭ᠎ᠠ ᠶᠢ 230 ᠲᠠᠯᠠᠪᠠᠢ ᠡᠷᠭᠢᠯᠡᠵᠦ | ᠂ ᠬᠤᠲᠠ ᠪᠠᠯᠭᠠᠰᠤ ᠶᠢᠨ 6.1 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠪᠥᠬᠦ ᠣᠷᠣᠨ ᠤ 31. | 8% ᠶᠢ ᠡᠵᠡᠯᠡᠨ᠂ ᠬᠥᠳᠡᠭᠡ ᠲᠣᠰᠬᠤᠨ ᠤ 37.6 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ | ᠣᠯᠭᠤᠪᠠ᠃ ︽ᠰᠤᠷᠤᠯᠴᠠᠬᠤ ᠳᠤ ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ | ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠬᠦ 10 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠨᠡᠶᠢᠲᠡᠯᠡᠪᠡ︔ | ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 14 ᠪᠠᠶᠢᠭᠤᠯᠤᠨ ᠠᠰᠢᠭᠯᠠᠯᠲᠠ ᠳᠤ ᠣᠷᠣᠭᠤᠯᠤᠨ᠂ | 7680 ᠰᠤᠷᠤᠭᠴᠢ ᠶᠢᠨ ᠣᠷᠣᠨ ᠲᠤᠭ᠎ᠠ ᠶᠢ ᠰᠢᠨ᠎ᠡ ᠨᠡᠮᠡᠪᠡ︔ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ | ᠤᠷᠢᠬᠤ︾ ᠥᠭᠡᠷᠡᠴᠢᠯᠡᠯᠲᠡ ᠶᠢᠨ ᠣᠷᠣᠨ ᠪᠦᠰᠡ ᠶᠢ 4 ᠪᠠᠶᠢᠭᠤᠯᠤᠨ᠂ 2014 ᠰᠢᠯᠢᠳᠡᠭ ᠪᠠᠭᠰᠢ ᠶᠢ ᠤᠷᠢᠵᠤ᠂ | ᠳᠤᠮᠳᠠ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠠᠵᠢᠯ ᠤᠨ ᠪᠠᠶᠢᠷᠢ ᠶᠢ 3747 ᠨᠡᠮᠡᠪᠡ︔ ᠪᠥᠬᠦ | ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠠᠳᠠᠯᠢ ᠳᠠᠪᠲᠠᠮᠵᠢ ᠶᠢᠨ ᠬᠠᠷᠢᠯᠴᠠᠨ ᠦᠢᠯᠡᠳᠦᠯᠴᠡᠬᠦ ᠬᠢᠴᠢᠶᠡᠯ ᠤᠨ | ᠭᠡᠷ ᠤᠨ ᠪᠦᠷᠬᠦᠴᠡ 100% ᠬᠦᠷᠪᠡ︔ 5 ᠬᠤᠲᠠ ᠶᠢᠨ ᠲᠡᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ | ᠦᠵᠡᠭᠦᠯᠬᠦ ᠰᠤᠷᠭᠠᠭᠤᠯᠢ ᠂ 1 ᠥᠪᠡᠷᠲᠡᠭᠡᠨ ᠵᠠᠰᠠᠬᠤ ᠣᠷᠣᠨ ᠤ ᠰᠠᠭᠤᠷᠢᠨ ᠭᠠᠵᠠᠷ ᠤᠨ ᠰᠤᠷᠭᠠᠭᠤᠯᠢ ᠶᠢ ᠪᠠᠶᠢᠭᠤᠯᠪᠠ | ᠃ ︽ᠰᠤᠪᠢᠯᠠᠬᠤ ᠳᠤ ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ | ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠢ | ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ ᠨᠢᠭᠡᠳᠦᠭᠡᠷ ᠡᠮᠨᠡᠯᠭᠡ ᠶᠢᠨ | ᠬᠤᠷᠢᠶ᠎ᠠ ᠶᠢ ᠠᠮᠵᠢᠯᠲᠠ ᠲᠠᠢ ᠪᠠᠷ ᠭᠤᠷᠪᠠᠳᠤᠭᠠᠷ ᠲᠡᠰ ᠤᠨ ᠬᠥᠬᠡ ᠵᠡᠷᠭᠡᠯᠡᠯ ᠤᠨ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠪᠣᠯᠭᠠᠨ ᠡᠭᠦᠳᠦᠨ ᠪᠠᠶᠢᠭᠤᠯᠵᠤ᠂ ᠬᠤᠲᠠ ᠶᠢᠨ ᠡᠮᠴᠢᠯᠡᠭᠡᠨ ᠤ ᠪᠦᠯᠦᠭᠯᠡᠯ ᠢ 3 ᠵᠣᠬᠢᠶᠠᠨ ᠪᠠᠶᠢᠭᠤᠯᠵᠤ᠂ | ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢ 5 ᠪᠠᠶᠢᠭᠤᠯᠪᠠ︔ ︽ᠭᠤᠷᠪᠠᠨ ᠵᠦᠢᠯ ᠤᠨ | ᠡᠮᠴᠢᠯᠡᠭᠡᠨ︾ ᠤ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠥᠭᠡᠷᠡᠴᠢᠯᠡᠯᠲᠡ ᠡᠯᠪᠡᠭ ᠦᠷ᠎ᠡ ᠪᠦᠲᠦᠭᠡᠯ ᠣᠯᠵᠤ᠂ | ᠲᠥᠪᠯᠡᠷᠡᠭᠦᠯᠦᠨ ᠪᠥᠭᠡᠮ ᠢᠶᠠᠷ ᠬᠤᠳᠠᠯᠳᠤᠨ ᠠᠪᠤᠭᠰᠠᠨ ᠡᠮ ᠤᠨ ᠦᠨ᠎ᠡ ᠳᠤᠮᠳᠠᠴᠢ ᠪᠠᠷ 50% ᠠᠴᠠ ᠳᠡᠭᠡᠭᠰᠢ | ᠪᠠᠭᠤᠷᠠᠪᠠ︔ ᠵᠡᠭᠡᠯᠢ ᠭᠤᠳᠤᠮᠵᠢ ᠶᠢᠨ ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠦᠢᠯᠡᠴᠢᠯᠡᠭᠡᠨ ᠤ ᠲᠥᠪ ᠤᠨ ᠪᠦᠷᠬᠦᠴᠡ 100% ᠬᠦᠷᠪᠡ︔ ᠤᠯᠤᠰ ᠤᠨ ᠠᠮᠤᠷ ᠲᠠᠶᠢᠪᠤᠩ ᠰᠤᠪᠢᠯᠠᠯᠲᠠ ᠶᠢᠨ | ᠲᠤᠷᠰᠢᠯᠲᠠ ᠶᠢᠨ ᠬᠤᠲᠠ ᠪᠠᠷ ᠠᠮᠵᠢᠯᠲᠠ ᠲᠠᠢ ᠰᠣᠩᠭᠤᠭᠳᠠᠪᠠ᠃ ︽ᠵᠢᠭᠤᠯᠴᠢᠯᠠᠬᠤ ᠳᠤ ᠲᠣᠬᠢᠷᠠᠮᠵᠢᠲᠠᠢ︾ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠢᠯᠢ ᠶᠢᠨ ᠲᠠᠯ᠎ᠠ ᠨᠤᠲᠤᠭ ᠤᠨ ᠰᠦ ᠶᠢᠨ ᠰᠣᠶᠣᠯ | ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠤᠯᠤᠰ ᠤᠨ ︽5G + ᠣᠶᠤᠨᠴᠢ ᠵᠢᠭᠤᠯᠴᠢᠯᠠᠯ︾ ᠤᠨ | ᠲᠤᠷᠰᠢᠯᠲᠠ ᠶᠢᠨ ᠴᠡᠭ ᠢᠶᠠᠷ ᠦᠨᠡᠯᠡᠭᠳᠡᠵᠦ᠂ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ | ᠣᠷᠣᠨ ᠨᠢ ᠤᠯᠤᠰ ᠤᠨ ᠳᠡᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠵᠦ᠂ | ᠰᠢᠨ᠎ᠡ ᠬᠤᠲᠠ ᠲᠣᠭᠤᠷᠢᠭ ᠨᠢ ᠤᠯᠤᠰ ᠤᠨ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠤᠨ ᠠᠵᠤ | ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ | ᠨᠢᠭᠡᠴᠢ ᠪᠠᠷ ᠰᠣᠩᠭᠤᠭᠳᠠᠵᠤ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ | ᠣᠷᠣᠨ᠂ ᠦᠴᠦᠸᠠᠨ ᠤ ᠲᠠᠯ᠎ᠠ ᠨᠤᠲᠤᠭ ᠤᠨ ᠡᠭᠦᠳᠡ 4A ᠳᠡᠰ ᠤᠨ ᠦᠵᠡᠮᠵᠢ ᠶᠢᠨ ᠣᠷᠣᠨ ᠢ ᠠᠮᠵᠢᠯᠲᠠ ᠲᠠᠢ ᠪᠠᠷ | ᠡᠭᠦᠳᠦᠨ ᠪᠠᠶᠢᠭᠤᠯᠵᠤ᠂ ᠦᠨᠡᠨ ᠠᠬᠤᠢ ᠮᠠᠶ᠋ᠢᠭ ᠤᠨ ᠵᠡᠭᠡᠯᠢ ᠭᠤᠳᠤᠮᠵᠢ ᠶᠢᠨ ᠪᠥᠵᠢᠭᠲᠦ ᠵᠦᠴᠦᠭᠡ ︽ᠵᠤᠤ | ᠵᠢᠶᠦ᠋ᠨ ᠤ ᠡᠪᠰᠡᠯ ᠤᠷᠤᠭ︾ ᠢ ᠲᠠᠨᠢᠯᠴᠠᠭᠤᠯᠤᠨ ᠲᠣᠭᠯᠠᠵᠤ᠂ ᠦᠨᠳᠦᠰᠦᠲᠡᠨ ᠤ ᠠᠭᠤᠰᠤᠯᠴᠠᠯ ᠰᠣᠯᠢᠯᠴᠠᠭ᠎ᠠ ᠶᠢ | ᠠᠬᠢᠭᠤᠯᠬᠤ 4 ᠣᠨᠴᠠᠯᠢᠭᠲᠤ ᠵᠢᠭᠤᠯᠴᠢᠯᠠᠯ ᠤᠨ ᠱᠤᠭᠤᠮ ᠢ ᠴᠣᠭᠴᠠᠯᠠᠨ ᠪᠠᠶᠢᠭᠤᠯᠪᠠ︔ ᠪᠥᠬᠦ ᠵᠢᠯ ᠳᠤ ᠤᠯᠤᠰ ᠤᠨ | ᠳᠣᠲᠣᠭᠠᠳᠤ ᠶᠢᠨ ᠵᠢᠭᠤᠯᠴᠢᠯᠠᠭᠴᠢᠳ ᠢ 5058.1 ᠲᠦᠮᠡᠨ ᠬᠥᠮᠥᠨ ᠤᠳᠠᠭ᠎ᠠ ᠬᠦᠯᠢᠶᠡᠨ ᠵᠣᠴᠢᠯᠠᠵᠤ᠂ | ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 773 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 261.6%᠂ 390.6% ᠪᠠᠷ ᠨᠡᠮᠡᠭᠳᠡᠨ᠂ ᠪᠥᠬᠦ ᠤᠯᠤᠰ ᠤᠨ | ᠵᠢᠭᠤᠯᠴᠢᠯᠠᠯ ᠤᠨ ᠪᠦᠯᠦᠭᠯᠡᠯ ᠤᠨ ᠰᠢᠯᠢᠳᠡᠭ ᠪᠡᠯᠡ ᠣᠷᠣᠭᠤᠯᠤᠯᠲᠠ ᠶᠢᠨ ᠠᠷᠪᠠᠨ ᠬᠦᠴᠦᠷᠬᠡᠭ ᠬᠤᠲᠠ᠂ ᠳᠤᠮᠳᠠᠳᠤ | ᠤᠯᠤᠰ ᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠬᠤᠲᠠ ᠪᠠᠷ ᠦᠨᠡᠯᠡᠭᠳᠡᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠪᠥᠬᠦ ᠬᠦᠴᠦᠨ ᠢᠶᠠᠷ ᠢᠶᠠᠨ ᠳᠤᠲᠠᠭᠳᠠᠯ ᠢᠶᠠᠨ ᠨᠥᠬᠦᠨ᠂ | ᠰᠠᠭᠤᠷᠢ ᠪᠠᠨ ᠪᠠᠲᠤᠳᠬᠠᠵᠤ᠂ ᠣᠷᠣᠨ ᠤ ᠲᠥᠪ ᠬᠤᠲᠠ ᠶᠢᠨ ᠣᠷᠣᠨ ᠪᠦᠰᠡ ᠶᠢᠨ ᠲᠥᠪ ᠬᠤᠲᠠ ᠶᠢᠨ ᠦᠢᠯᠡᠳᠦᠯ | ᠤᠯᠠᠮ ᠨᠢᠭᠡ ᠠᠯᠬᠤᠮ ᠲᠣᠪᠣᠶᠢᠮ᠎ᠠ ᠪᠣᠯᠪᠠ᠃ ᠣᠷᠣᠨ ᠤ ᠲᠥᠪ ᠬᠤᠳᠠ ᠶᠢᠨ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠵᠥᠪᠯᠡᠯ ᠢ ᠪᠠᠶᠢᠭᠤᠯᠪᠠ᠃ G5901 ᠢᠯᠢ ᠶᠢᠨ ᠣᠲᠣ ᠦᠶ᠎ᠡ ᠶᠢᠨ | ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠬᠠᠷᠢᠯᠴᠠᠨ ᠨᠡᠪᠲᠡᠷᠡᠬᠦ ᠵᠠᠮ᠂ G6 ᠲᠦᠷᠭᠡᠨ ᠤ ᠵᠠᠮ ᠬᠢᠭᠡᠳ ᠵᠡᠭᠦᠨ | ᠬᠤᠶᠠᠳᠤᠭᠠᠷ ᠲᠣᠭᠤᠷᠢᠯ ᠵᠠᠮ ᠶᠢᠨ ᠬᠠᠷᠢᠯᠴᠠᠨ ᠨᠡᠪᠲᠡᠷᠡᠬᠦ ᠵᠠᠮ᠂ ᠳᠡᠯ ᠠᠭᠤᠯᠠ ᠶᠢᠨ ᠴᠡᠨᠡᠯᠡᠯᠲᠡ ᠶᠢᠨ ᠲᠠᠯᠠᠪᠠᠶ ᠶᠢᠨ | ᠵᠢᠭᠤᠯᠴᠢᠯᠠᠯ ᠤᠨ ᠲᠤᠰᠬᠠᠢ ᠱᠤᠭᠤᠮ ᠵᠡᠷᠭᠡ ᠪᠠᠷᠢᠯᠭ᠎ᠠ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ | S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠠᠴᠠ ᠯᠢᠶᠠᠩᠴᠧᠩ ᠬᠦᠷᠬᠦ ᠲᠦᠷᠭᠡᠨ ᠤ | ᠵᠠᠮ᠂ S311 ᠦᠴᠦᠸᠠᠨ ᠠᠴᠠ ᠶᠠᠩ ᠱᠤ᠋ ᠪᠠ ᠬᠦᠷᠬᠦ ᠵᠠᠰᠠᠮᠠᠯ ᠵᠠᠮ ᠵᠡᠷᠭᠡ ᠲᠥᠷᠥᠯ ᠵᠦᠢᠯ ᠤᠨ ᠵᠠᠮ ᠤᠨ | ᠰᠠᠭᠤᠷᠢ᠂ ᠬᠥᠭᠦᠷᠭᠡ ᠶᠢᠨ ᠭᠤᠣᠯ ᠴᠣᠭᠴᠠ ᠶᠢᠨ ᠪᠠᠷᠢᠯᠭ᠎ᠠ ᠶᠢ ᠪᠦᠬᠦᠨ ᠢ ᠳᠠᠭᠤᠰᠬᠠᠵᠤ᠂ G59 | ᠬᠥᠬᠡᠬᠤᠲᠠ ᠠᠴᠠ ᠪᠧᠢ ᠬᠠᠢ ᠬᠦᠷᠬᠦ ᠲᠦᠷᠭᠡᠨ ᠤ ᠵᠠᠮ ᠬᠢᠭᠡᠳ 209 ᠤᠯᠤᠰ ᠤᠨ ᠵᠠᠮ ᠢ ᠬᠤᠯᠪᠣᠬᠤ | ᠱᠤᠭᠤᠮ ᠤᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠪᠠ᠃ ᠪᠥᠬᠦ ᠣᠷᠳᠣ ᠨᠢ 87.8 ᠺᠢᠯᠣᠮᠧᠲᠷ ᠤᠨ | ᠭᠤᠷᠪᠠᠳᠤᠭᠠᠷ ᠲᠣᠭᠤᠷᠢᠯ ᠵᠠᠮ ᠤᠨ ᠪᠥᠬᠦ ᠱᠤᠭᠤᠮ ᠢᠶᠠᠷ ᠲᠡᠷᠭᠡ ᠨᠡᠪᠲᠡᠷᠡᠵᠦ᠂ ᠶᠢᠨ ᠬᠠᠢ ᠵᠠᠮ ᠤᠨ ᠵᠡᠭᠦᠨᠰᠢ | ᠪᠠᠷᠠᠭᠤᠨᠰᠢ ᠰᠤᠨᠤᠭᠰᠠᠨ ᠬᠡᠰᠡᠭ᠂ ᠪᠠᠶᠠᠨᠨᠠᠭᠤᠷ ᠥᠨᠳᠥᠷ ᠵᠠᠮ ᠤᠨ ᠬᠤᠶᠢᠲᠤ ᠬᠡᠰᠡᠭ᠂ ᠶᠦᠨ ᠵᠥᠩ ᠵᠠᠮ ᠬᠢᠭᠡᠳ | ᠰᠢᠨ᠎ᠡ ᠨᠢᠰᠬᠡᠯ ᠤᠨ ᠪᠠᠭᠤᠳᠠᠯ ᠢ ᠬᠤᠯᠪᠣᠬᠤ ᠱᠤᠭᠤᠮ᠂ ᠭᠠᠯᠲᠤ ᠲᠡᠷᠭᠡᠨ ᠤ ᠵᠡᠭᠦᠨ ᠥᠷᠲᠡᠭᠡᠨ ᠤ ᠬᠤᠶᠢᠲᠤ | ᠠᠭᠤᠳᠠᠮ ᠲᠠᠯᠠᠪᠠᠶ ᠶᠢᠨ ᠥᠷᠲᠡᠭᠡᠨ ᠤ ᠡᠮᠦᠨᠡᠬᠢ ᠥᠨᠳᠥᠷ ᠵᠠᠮ᠂ ᠲᠧᠩ ᠹᠧᠢ ᠵᠠᠮ ᠤᠨ ᠵᠡᠭᠦᠨ ᠬᠤᠶᠠᠳᠤᠭᠠᠷ | ᠲᠣᠭᠤᠷᠢᠯ ᠵᠠᠮ ᠢ ᠰᠤᠨᠳᠠᠯᠠᠬᠤ᠂ ᠸᠠᠨ ᠲᠦᠩ ᠵᠠᠮ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠳᠣᠣᠭᠤᠷ | ᠥᠩᠭᠡᠷᠡᠬᠦ ᠵᠡᠷᠭᠡ ᠵᠠᠮ ᠤᠨ ᠲᠣᠣᠷ ᠤᠨ ᠪᠠᠷᠢᠯᠭ᠎ᠠ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠪᠡ᠃ 53 | ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠤᠭᠰᠠᠨ ᠪᠤᠶᠤ ᠦᠷᠭᠦᠯᠵᠢᠯᠡᠨ ᠪᠠᠶᠢᠭᠤᠯᠵᠤ᠂ 32 | ᠬᠤᠲᠠ ᠶᠢᠨ ᠲᠣᠭᠤᠷᠢᠭ ᠤᠨ ︽ᠮᠤᠬᠤᠷ ᠵᠠᠮ︾ ᠢ ᠨᠠᠪᠲᠠᠷᠡᠭᠦᠯᠵᠦ᠂ 140 ᠵᠡᠭᠡᠯᠢ ᠶᠢᠨ ᠠᠷᠤ ᠭᠤᠳᠤᠮᠵᠢ ᠶᠢ | ᠥᠭᠡᠷᠡᠴᠢᠯᠡᠨ ᠵᠠᠰᠠᠵᠤ᠂ 77.6 ᠺᠢᠯᠤᠮᠥᠲᠷ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢᠨ | ᠲᠣᠣᠷ ᠤᠨ ᠬᠤᠯᠪᠣᠯᠳᠤᠨ ᠨᠡᠪᠲᠡᠷᠡᠯᠴᠡᠬᠦ ᠪᠠᠷᠢᠯᠭ᠎ᠠ ᠶᠢ ᠪᠡᠶᠡᠯᠡᠭᠦᠯᠵᠦ᠂ 285 ᠲᠡᠷᠭᠡᠨ ᠵᠣᠭᠰᠣᠭᠠᠯ᠂ 6.9 ᠲᠦᠮᠡᠨ | ᠲᠡᠷᠭᠡ ᠵᠣᠭᠰᠣᠬᠤ ᠪᠠᠶᠢᠷᠢ ᠶᠢ ᠰᠢᠨ᠎ᠡ ᠪᠠᠷ ᠨᠡᠮᠡᠭᠳᠡᠭᠦᠯᠵᠦ᠂ ᠤᠯᠤᠰ ᠤᠨ ᠪᠣᠬᠢᠷᠲᠤᠯ ᠦᠭᠡᠢ ᠠᠶᠠᠯᠠᠯ ᠤᠨ ᠪᠦᠲᠦᠭᠡᠨ | ᠪᠠᠶᠢᠭᠤᠯᠤᠯᠲᠠ ᠶᠢᠨ ᠬᠢᠨᠠᠨ ᠰᠢᠯᠭᠠᠯᠲᠠ ᠦᠨᠡᠯᠡᠯᠲᠡ ᠳᠤ ᠬᠢᠷᠢ ᠲᠡᠩᠴᠡᠭᠰᠡᠨ ᠬᠤᠲᠠ ᠪᠠᠷ ᠦᠨᠡᠯᠡᠭᠳᠡᠪᠡ᠃ 305 | ᠴᠡᠴᠡᠷᠯᠢᠭ ᠪᠠ ᠪᠠᠭ᠎ᠠ ᠬᠡᠯᠪᠡᠷᠢ ᠶᠢᠨ ᠴᠡᠴᠡᠷᠯᠢᠭ᠂ ᠬᠤᠲᠠ ᠶᠢᠨ ᠨᠣᠭᠤᠭᠠᠨ ᠵᠠᠮ ᠪᠠ ᠪᠡᠶ᠎ᠡ ᠴᠢᠭᠢᠷᠠᠭᠵᠢᠭᠤᠯᠬᠤ | ᠶᠠᠪᠠᠭᠠᠨ ᠵᠠᠮ ᠢ 235 ᠺᠢᠯᠣᠮᠧᠲᠷ ᠰᠢᠨ᠎ᠡ ᠪᠠᠷ ᠪᠠᠶᠢᠭᠤᠯᠵᠤ᠂ ᠶᠡᠷᠦᠩᠬᠡᠢ ᠲᠤᠭ᠎ᠠ ᠪᠠ ᠶᠡᠷᠦᠩᠬᠡᠢ ᠤᠷᠲᠤ ᠨᠢ ᠲᠣᠰ | ᠲᠣᠰ 912 ᠪᠠ 638 ᠺᠢᠯᠣᠮᠧᠲᠷ ᠬᠦᠷᠪᠡ᠃ ︽12345︾ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ | ᠭᠦᠢᠴᠡᠳᠬᠡᠬᠦ ᠵᠢᠯᠣᠭᠤᠳᠤᠨ ᠲᠣᠬᠢᠷᠠᠭᠤᠯᠬᠤ ᠲᠥᠪ ᠨᠢ ᠪᠦᠬᠦ ᠤᠯᠤᠰ ᠤᠨ ︽ᠠᠷᠪᠠᠨ ᠰᠢᠯᠢᠳᠡᠭ ᠵᠠᠰᠠᠯᠲᠠ ᠶᠢᠨ | ᠦᠯᠢᠭᠡᠷ ᠵᠢᠱᠢᠶ᠎ᠡ︾ ᠪᠠ ︽ᠲᠤᠰᠬᠠᠢ ᠮᠡᠷᠭᠡᠵᠢᠯ ᠤᠨ ᠴᠠᠭᠠᠷᠠᠭᠰᠠᠨ ᠦᠯᠢᠭᠡᠷ ᠵᠢᠱᠢᠶ᠎ᠡ︾ ᠬᠤᠶᠠᠷ ᠵᠦᠢᠯ ᠤᠨ ᠶᠡᠭᠡ | ᠱᠠᠩᠨᠠᠯ ᠢ ᠢᠷᠠᠭᠤ ᠠᠯᠳᠠᠷᠲᠠᠢ ᠪᠠᠷ ᠬᠦᠷᠳᠡᠪᠡ᠃ ︽ᠠᠢ ᠴᠢᠩ ᠴᠧᠩ︾ App ᠤᠨ ᠳᠠᠩᠰᠠᠯᠠᠭᠤᠯᠤᠭᠰᠠᠨ | ᠬᠡᠷᠡᠭᠯᠡᠭᠴᠢ 150 ᠲᠦᠮᠡ ᠶᠢ ᠳᠠᠪᠠᠵᠤ᠂ ᠰᠦᠯᠵᠢᠶᠡᠨ ᠳᠡᠭᠡᠷ᠎ᠡ ᠨᠡᠶᠢᠲᠡ 13 ᠳ᠋ᠦᠩᠰᠢᠭᠤᠷ ᠤᠳᠠᠭ᠎ᠠ ᠶᠢᠨ | ᠦᠢᠯᠡᠴᠢᠯᠡᠭᠡ ᠬᠠᠩᠭᠠᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠬᠥᠬᠡᠬᠤᠲᠠ ᠶᠢᠨ ︽ | ᠨᠣᠭᠤᠭᠠᠨ ᠳᠡᠪᠢᠰᠬᠡᠷ ᠥᠩᠭᠡ︾ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠤᠯᠤᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠭᠦᠨᠵᠡᠭᠡᠶᠢᠷᠡᠭᠦᠯᠵᠦ᠂ ᠬᠠᠲᠤᠨ ᠭᠤᠣᠯ ᠤᠨ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ | ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ︽ᠠᠮᠢ ᠠᠬᠤᠢ ᠶᠢᠨ | ᠨᠣᠭᠤᠭᠠᠨ ᠪᠦᠰᠡ︾ ᠵᠡᠷᠭᠡ ᠵᠠᠰᠠᠯᠲᠠ ᠶᠢᠨ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠪᠠ︔ 40.3 | ᠲᠦᠮᠡᠨ ᠮᠦ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ᠂ | ᠤᠮᠠᠷᠠᠲᠤ ᠬᠡᠰᠡᠭ ᠤᠨ ᠭᠠᠵᠠᠷ ᠣᠷᠣᠨ ᠤ ᠣᠶ ᠰᠢᠭᠤᠢ ᠶᠢᠨ ᠭᠠᠯ ᠤᠨ ᠭᠠᠮᠰᠢᠭ ᠤᠨ ᠲᠦᠭᠰᠢᠭᠦᠷᠢ ᠶᠡᠬᠡᠲᠡᠢ ᠣᠷᠣᠨ ᠢ | ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠪᠡ᠃ 5.96 ᠲᠦᠮᠡᠨ ᠡᠷᠦᠬᠡ ᠶᠢᠨ | ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠵᠤ᠂ ᠲᠦᠯᠡᠰᠢᠨ ᠨᠡᠭᠦᠷᠡᠰᠦ ᠪᠠᠷ ᠢᠯᠴᠢ | ᠬᠠᠩᠭᠠᠬᠤ 28 ᠭᠦᠸᠧᠯᠦ ᠶᠢ ᠰᠢᠭᠰᠢᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠣᠷᠮ᠎ᠠ ᠶᠢ | ᠥᠪᠡᠷᠲᠡᠭᠡᠨ ᠵᠠᠰᠠᠬᠤ ᠣᠷᠣᠨ ᠤ ᠣᠨ ᠤ ᠰᠢᠯᠭᠠᠨ ᠬᠢᠨᠠᠬᠤ ᠬᠠᠷᠠᠯᠲᠠ ᠠᠴᠠ ᠥᠨᠳᠥᠷ ᠪᠣᠯᠭᠠᠪᠠ᠃ ᠭᠦᠩᠵᠦ ᠶᠢᠨ | ᠣᠷᠳᠣᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ | ᠵᠢᠨᠴᠢᠶᠣᠣ ᠶᠢᠨ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠰᠢᠨ᠎ᠡ ᠨᠢᠰᠬᠡᠯ ᠤᠨ | ᠪᠠᠭᠤᠳᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ᠂ | ᠬᠠᠳᠤᠨ ᠭᠤᠣᠯ ᠤᠨ ᠭᠤᠣᠯ ᠤᠷᠤᠰᠬᠠᠯ᠂ ᠭᠤᠣᠯ ᠰᠠᠯᠪᠤᠷᠢ ᠤᠷᠤᠰᠬᠠᠯ ᠤᠨ ᠮᠠᠭᠤ V ᠲᠦᠷᠦᠯ ᠤᠨ ᠤᠰᠤᠨ | ᠴᠣᠭᠴᠠ ᠶᠢ ᠪᠦᠬᠦᠨ ᠢ ᠠᠷᠢᠯᠭᠠᠵᠤ᠂ ᠤᠯᠤᠰ ᠤᠨ ᠣᠷᠣᠨ ᠪᠦᠰᠡ ᠶᠢᠨ ᠳᠠᠬᠢᠯᠲᠠ ᠤᠰᠤ ᠶᠢ ᠣᠷᠴᠢᠯᠳᠤᠭᠤᠯᠤᠨ | ᠠᠰᠢᠭᠯᠠᠬᠤ ᠲᠤᠷᠰᠢᠯᠲᠠ ᠶᠢᠨ ᠬᠤᠳᠠ ᠪᠠᠷ ᠠᠮᠵᠢᠯᠲᠠ ᠲᠠᠢ ᠰᠣᠩᠭᠤᠭᠳᠠᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠯᠢ ᠤᠯᠠᠨ ᠬᠦᠴᠢᠷ ᠠᠰᠠᠭᠤᠳᠠᠯ ᠢ | ᠰᠢᠢᠳᠪᠦᠷᠢᠯᠡᠪᠡ᠃ ᠲᠤᠨᠤᠮᠠᠯ ᠪᠡᠯᠡ ᠮᠥᠩᠭᠦ ᠶᠢ ᠲᠤᠶᠢᠯᠪᠤᠷᠢᠲᠠᠢ ᠪᠠᠶᠢᠴᠠᠭᠠᠵᠤ᠂ ᠨᠡᠶᠢᠲᠡ 6.3 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ᠬᠤᠷᠢᠶᠠᠨ ᠠᠪᠴᠢᠷᠠᠪᠠ᠃ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ | ᠲᠤᠶᠢᠯᠪᠤᠷᠢᠲᠠᠢ ᠪᠠᠶᠢᠴᠠᠭᠠᠵᠤ᠂ ᠵᠥᠪᠰᠢᠶᠡᠷᠡᠭᠦᠯᠬᠦ ᠪᠠᠷ ᠪᠠᠶᠢᠭ᠎ᠠ 545 ᠲᠥᠷᠥᠯ ᠵᠦᠢᠯ ᠤᠨ ᠵᠥᠪᠰᠢᠶᠡᠷᠡᠬᠦ | ᠶᠣᠰᠣᠲᠠᠢ ᠶᠢ ᠪᠦᠬᠦᠨ ᠢ ᠵᠥᠪᠰᠢᠶᠡᠷᠡᠪᠡ᠃ ᠰᠤᠯᠠ ᠪᠠᠶᠢᠭ᠎ᠠ ᠭᠠᠵᠠᠷ ᠰᠢᠷᠣᠢ ᠶᠢ ᠲᠤᠶᠢᠯᠪᠤᠷᠢᠲᠠᠢ ᠪᠠᠶᠢᠴᠠᠭᠠᠵᠤ᠂ | ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ ᠨᠡᠶᠢᠲᠡ 3.7 ᠲᠦᠮᠡᠨ ᠮᠦ ᠰᠢᠩᠭᠡᠭᠡᠵᠦ᠂ ᠰᠤᠯᠠ | ᠪᠠᠶᠢᠭ᠎ᠠ ᠭᠠᠵᠠᠷ ᠰᠢᠷᠣᠢ ᠶᠢ 1.1 ᠲᠦᠮᠡᠨ ᠮᠦ ᠰᠢᠢᠳᠪᠦᠷᠢᠯᠡᠵᠦ᠂ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ | ᠃ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠢ ᠲᠤᠶᠢᠯᠪᠤᠷᠢᠲᠠᠢ | ᠪᠠᠶᠢᠴᠠᠭᠠᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠲᠥᠪᠯᠡᠷᠡᠯ ᠤᠨ ᠬᠡᠮᠵᠢᠶ᠎ᠡ ᠶᠢ | 86% ᠬᠦᠷᠭᠡᠵᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 126 ᠲᠦᠮᠡᠨ ᠲᠥᠭᠦᠷᠢᠭ ᠬᠦᠷᠭᠡᠪᠡ᠃ | ︽ᠬᠠᠭᠠᠰ ᠳᠤᠲᠠᠭᠤ ᠣᠷᠬᠢᠭᠰᠠᠨ︾ ᠪᠠᠷᠢᠯᠭ᠎ᠠ ᠶᠢ ᠲᠤᠶᠢᠯᠪᠤᠷᠢᠲᠠᠢ ᠪᠠᠶᠢᠴᠠᠭᠠᠵᠤ᠂ 20 ︽ᠬᠠᠭᠠᠰ ᠳᠤᠲᠠᠭᠤ | ᠣᠷᠬᠢᠭᠰᠠᠨ︾ ᠪᠠᠷᠢᠯᠭ᠎ᠠ ᠶᠢ ᠪᠦᠬᠦᠨ ᠢ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠲᠥᠪ᠂ ᠳᠤᠮᠳᠠᠳᠤ ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ | ᠰᠠᠭᠤᠷᠢᠨ ᠭᠠᠵᠠᠷ᠂ ᠬᠥᠳᠡᠭᠡ ᠲᠣᠰᠬᠤᠨ ᠤ ᠦᠵᠡᠰᠬᠦᠯᠡᠩ ᠤᠨ ᠬᠦᠷᠢᠶᠡᠯᠡᠩ ᠵᠡᠷᠭᠡ ᠲᠥᠷᠥᠯ ᠵᠦᠢᠯ ᠢ ᠠᠮᠢᠯᠠᠭᠤᠯᠪᠠ | ᠃ | ᠥᠩᠭᠡᠷᠡᠭᠰᠡᠨ ᠨᠢᠭᠡ ᠵᠢᠯ ᠳᠤ᠂ ᠪᠢᠳᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ | ᠬᠦᠴᠦᠨ ᠢᠶᠠᠷ ᠢᠶᠠᠨ ᠭᠦᠨᠵᠡᠭᠡᠶᠢᠷᠡᠭᠦᠯᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠯᠲᠠ ᠳᠤ A ᠲᠠᠰ ᠢᠶᠠᠷ | ᠦᠨᠡᠯᠡᠭᠳᠡᠵᠦ᠂ 21 ᠡᠯ᠎ᠡ ᠱᠠᠲᠤᠨ ᠤ ᠬᠤᠪᠢᠶᠠᠷᠢ ᠠᠵᠤ ᠠᠬᠤᠶᠢᠯᠠᠯ ᠢ ᠰᠠᠯᠭᠠᠨ ᠢᠯᠭᠠᠷᠠᠭᠤᠯᠵᠤ᠂ ᠠᠵᠤ | ᠠᠬᠤᠶᠢᠯᠠᠯ ᠤᠨ ᠳᠣᠲᠣᠭᠠᠳᠤ ᠪᠠᠶᠢᠭᠤᠯᠤᠮᠵᠢ ᠶᠢ 11.7% ᠪᠠᠷ ᠪᠠᠭᠠᠰᠬᠠᠨ᠂ ᠳᠤᠮᠳᠠ ᠳᠠᠪᠬᠤᠷᠭ᠎ᠠ ᠶᠢᠨ | ᠬᠠᠮᠢᠶᠠᠷᠤᠯᠲᠠ ᠶᠢᠨ ᠠᠵᠢᠯᠲᠠᠨ ᠢ 13.9% ᠪᠠᠷ ᠪᠠᠭᠠᠰᠬᠠᠵᠤ᠂ ᠡᠵᠡᠩᠨᠡᠯᠲᠡ ᠶᠢᠨ ᠶᠡᠷᠦᠩᠬᠡᠢ ᠣᠷᠣᠯᠭ᠎ᠠ ᠪᠠ ᠡᠳ᠋ | ᠬᠥᠷᠥᠩᠭᠡ ᠶᠢᠨ ᠶᠡᠷᠦᠩᠬᠡᠢ ᠬᠡᠮᠵᠢᠶ᠎ᠡ ᠨᠢ ᠲᠣᠰ ᠲᠣᠰ 62.4 ᠳ᠋ᠦᠩᠰᠢᠭᠤᠷ ᠲᠥᠭᠦᠷᠢᠭ᠂ 2166.8 | ᠳ᠋ᠦᠩᠰᠢᠭᠤᠷ ᠲᠥᠭᠦᠷᠢᠭ ᠬᠦᠷᠴᠦ᠂ ᠠᠰᠢᠭ ᠣᠷᠣᠯᠭ᠎ᠠ ᠨᠢ 9 ᠳ᠋ᠦᠩᠰᠢᠭᠤᠷ ᠲᠥᠭᠦᠷᠢᠭ ᠢ ᠳᠠᠪᠠᠵᠤ᠂ 10 | ᠵᠢᠯ ᠤᠨ ᠲᠤᠷᠰᠢᠬᠢ ᠬᠠᠮᠤᠭ ᠤᠨ ᠰᠠᠶᠢᠨ ᠬᠢᠷᠢ ᠲᠦᠪᠰᠢᠨ ᠳᠤ ᠬᠦᠷᠪᠡ᠃ ᠨᠡᠭᠡᠭᠡᠯᠲᠡ ᠶᠢᠨ ᠲᠣᠭᠤᠷᠢᠭ ᠤᠨ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠷᠢᠶᠡᠯᠡᠩ ᠲᠣᠭᠤᠷᠢᠭ ᠬᠢᠭᠡᠳ ᠬᠤᠰᠢᠭᠤ | ᠰᠢᠶᠠᠨ ᠲᠣᠭᠤᠷᠢᠭ ᠤᠨ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ 917 ᠵᠦᠢᠯ ᠤᠨ | ᠬᠢᠨᠠᠨ ᠵᠥᠪᠰᠢᠶᠡᠷᠡᠬᠦ ᠵᠦᠢᠯᠡᠰ ᠲᠤ ︽ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠲᠤ | ᠭᠦᠢᠴᠡᠳᠬᠡᠬᠦ︾ ᠶᠢ ᠪᠡᠶᠡᠯᠡᠭᠦᠯᠪᠡ︔ ᠣᠷᠣᠨ ᠤ ᠲᠥᠪ ᠬᠤᠲᠠ ᠶᠢᠨ ᠢᠷᠡᠭᠡᠳᠦᠢ ᠶᠢᠨ ᠠᠵᠤ ᠦᠢᠯᠡᠰ᠂ ᠳᠡᠭᠡᠳᠦ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠢ ᠠᠴᠢᠶᠠᠯᠠᠭᠰᠠᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠵᠥᠪᠰᠢᠶᠡᠷᠡᠭᠳᠡᠵᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠦᠢᠯᠡᠳᠬᠦᠨ ᠤ ᠥᠷᠲᠡᠭ 2330 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ | 11% ᠨᠡᠮᠡᠭᠳᠡᠪᠡ᠃ ᠦᠨᠳᠦᠰᠦᠨ ᠱᠠᠲᠤᠨ ᠤ ᠵᠠᠰᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠶᠢ ᠲᠠᠬᠢᠨ ᠪᠠᠶᠢᠭᠤᠯᠬᠤ ᠶᠢ ᠲᠦᠷᠭᠡᠳᠬᠡᠬᠦ ᠶᠢᠨ ᠲᠣᠭᠤᠷᠢᠨ ᠳᠤ᠂ | ︽ᠶᠡᠭᠡ ᠶᠢ ᠰᠠᠯᠭᠠᠵᠤ ᠪᠠᠭ᠎ᠠ ᠶᠢ ᠨᠡᠶᠢᠯᠡᠭᠦᠯᠬᠦ︾ ᠲᠠᠢ ᠤᠶᠠᠯᠳᠤᠭᠤᠯᠤᠨ ᠲᠣᠣᠷᠴᠢᠯᠠᠯ ᠤᠨ ᠪᠠᠶᠢᠷᠢᠰᠢᠯ ᠢ | ᠰᠢᠯᠢᠳᠡᠭᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠪᠠ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ | ᠬᠠᠷᠠᠭᠠᠯᠵᠠᠯ ᠢ ᠪᠠᠲᠤᠯᠠᠬᠤ᠂ ᠠᠵᠢᠯ ᠲᠥᠷᠥᠯ ᠳᠡᠭᠡᠨ ᠵᠡᠷᠭᠡ ᠳᠡᠪᠰᠢᠬᠦ ᠵᠡᠷᠭᠡ ᠲᠣᠭᠲᠠᠴᠠ ᠶᠢ ᠲᠡᠭᠦᠯᠳᠡᠷᠵᠢᠭᠦᠯᠦᠨ᠂ | ᠵᠡᠭᠡᠯᠢ ᠭᠤᠳᠤᠮᠵᠢ ᠶᠢᠨ ᠡᠭᠦᠷᠭᠡᠯᠡᠬᠦ ᠲᠤᠰᠢᠶᠠᠯ ᠬᠠᠷᠢᠭᠤᠴᠠᠯᠭ᠎ᠠ ᠶᠢ 222 ᠵᠦᠢᠯ ᠪᠠᠶᠢᠭᠰᠠᠨ ᠠᠴᠠ 101 ᠵᠦᠢᠯ | ᠪᠣᠯᠭᠠᠨ ᠪᠠᠭᠠᠰᠬᠠᠵᠤ᠂ ᠨᠡᠶᠢᠭᠡᠮ ᠲᠣᠭᠤᠷᠢᠭ ᠤᠨ ᠡᠭᠦᠷᠭᠡᠯᠡᠬᠦ ᠠᠵᠢᠯ ᠢ 140 ᠵᠦᠢᠯ ᠪᠠᠶᠢᠭᠰᠠᠨ ᠠᠴᠠ 79 ᠵᠦᠢᠯ | ᠪᠣᠯᠭᠠᠨ ᠪᠠᠭᠠᠰᠬᠠᠵᠤ᠂ ︽ᠪᠦᠬᠦ ᠤᠯᠤᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ ᠬᠤᠳᠠ︾ ᠪᠠᠷ ᠦᠨᠡᠯᠡᠭᠳᠡᠪᠡ᠃ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠵᠤ᠂ ᠬᠡᠪᠴᠢᠶᠡᠵᠢᠯ ᠠᠴᠠ ᠳᠡᠭᠡᠭᠰᠢᠬᠢ ᠠᠷᠠᠳ ᠤᠨ | ᠡᠵᠡᠩᠨᠡᠯᠲᠡ ᠶᠢᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 18.8% | ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 11.5% ᠨᠡᠮᠡᠭᠳᠡᠪᠡ︔ ᠵᠠᠬ᠎ᠠ ᠳᠡᠯᠭᠡᠭᠦᠷ ᠤᠨ ᠭᠤᠣᠯ ᠴᠣᠭᠴᠠ 83364 | ᠰᠢᠨ᠎ᠡ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 75% ᠪᠠᠷ ᠨᠡᠮᠡᠭᠳᠡᠨ᠂ ᠪᠥᠬᠦ ᠣᠷᠣᠨ ᠤ ᠨᠡᠮᠡᠭᠳᠡᠯ ᠤᠨ | ᠬᠡᠮᠵᠢᠶ᠎ᠡ ᠶᠢᠨ 18% ᠰᠢᠬᠠᠮ ᠢ ᠡᠵᠡᠯᠡᠪᠡ᠃ ᠪᠤᠰᠤᠳ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ | ᠬᠥᠬᠡᠬᠤᠲᠠ ᠪᠤᠭᠤᠲᠤ ᠶᠢᠨ ︽ᠨᠢᠭᠡ ᠬᠤᠲᠠᠴᠢᠯᠠᠭᠰᠠᠨ︾ ᠬᠥᠭᠵᠢᠯᠲᠡ ᠶᠢ ᠲᠦᠷᠦᠭᠦᠯᠡᠨ ᠠᠬᠢᠭᠤᠯᠵᠤ᠂ 14 | ᠲᠠᠯ᠎ᠠ ᠶᠢᠨ᠂ 60 ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ︔ 3 ᠭᠤᠣᠯ ᠤᠷᠤᠰᠬᠠᠯ | ᠵᠠᠭᠤᠴᠢᠯᠠᠭᠤᠷ ᠢ ᠪᠦᠬᠦ ᠣᠷᠣᠨ ᠤ ᠥᠭᠡᠷᠡᠴᠢᠯᠡᠯᠲᠡ ᠶᠢᠨ ᠵᠢᠱᠢᠶ᠎ᠡ ᠪᠣᠯᠭᠠᠨ ᠨᠡᠶᠢᠳᠬᠡᠨ ᠥᠭᠡᠷᠡᠴᠢᠯᠡᠪᠡ︔ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠢᠯᠢ ᠪᠦᠯᠦᠭᠯᠡᠯ ᠤᠨ ᠵᠡᠪᠰᠡᠭᠲᠦ ᠬᠦᠴᠦᠨ ᠤ ᠬᠡᠯᠲᠡᠰ ᠨᠢ ᠤᠮᠠᠷᠠᠲᠤ ᠬᠡᠰᠡᠭ ᠤᠨ | ᠪᠠᠶᠢᠯᠳᠤᠭᠠᠨ ᠤ ᠲᠣᠭᠤᠷᠢᠭ ᠤᠨ ᠠᠩᠬᠠᠳᠠᠭᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ | ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠡᠯ᠎ᠡ ᠲᠦᠷᠦᠯ ᠤᠨ ᠵᠥᠷᠢᠴᠡᠯ ᠠᠰᠠᠭᠤᠳᠠᠯ ᠢ ᠪᠦᠬᠦ | ᠬᠦᠴᠦᠨ ᠢᠶᠠᠷ ᠢᠶᠠᠨ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠪᠠ᠃ ᠵᠠᠰᠠᠭ ᠤᠨ ᠣᠷᠳᠣᠨ ᠤ ᠣᠨ ᠤ ᠳᠠᠯᠳᠠ ᠥᠭᠴᠡᠭᠡ ᠶᠢ | ᠠᠷᠢᠯᠭᠠᠬᠤ ᠡᠭᠦᠷᠭᠡ ᠶᠢ ᠤᠷᠢᠳ ᠢᠶᠠᠷ ᠪᠡᠶᠡᠯᠡᠭᠦᠯᠪᠡ᠃ 29880 ᠢᠵᠢ ︽ᠠᠰᠠᠷ ᠲᠤᠰᠢᠶᠠᠬᠤ ᠶᠢ ᠪᠠᠲᠤᠯᠠᠬᠤ︾ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ 5 ᠵᠢᠯ ᠰᠤᠯᠠ ᠲᠠᠯᠪᠢᠭᠰᠠᠨ ᠰᠢᠨᠬᠤᠸᠠ ᠲᠠᠯᠠᠪᠠᠢ᠂ ᠵᠡᠭᠦᠨ | ᠠᠶᠠᠨᠴᠢᠳ ᠤᠨ ᠦᠷᠳᠡᠭᠡ ᠶᠢᠨ ᠡᠮᠦᠨ᠎ᠡ ᠲᠠᠯᠠᠪᠠᠢ ᠶᠢᠨ ᠭᠠᠵᠠᠷ ᠳᠣᠣᠷᠠᠬᠢ ᠬᠤᠳᠠᠯᠳᠤᠭ᠎ᠠ ᠪᠣᠯᠣᠨ ᠡᠷᠬᠢᠨ | ᠲᠣᠭᠤᠷᠢᠨ ᠤ ᠠᠰᠠᠷ ᠪᠠᠶᠢᠰᠢᠩ ᠢ ᠠᠮᠢᠯᠠᠭᠤᠯᠪᠠ᠃ 15 ᠵᠢᠯ ᠥᠩᠭᠡᠷᠡᠭᠰᠡᠨ 11 ᠳᠠᠷᠤᠭᠳᠠᠭᠰᠠᠨ ᠠᠮᠢᠨ ᠬᠡᠷᠡᠭ ᠢ | ᠠᠮᠵᠢᠯᠲᠠ ᠲᠠᠢ ᠪᠠᠷ ᠳᠡᠩᠨᠡᠨ ᠢᠯᠡᠷᠡᠭᠦᠯᠵᠦ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠬᠡᠷᠡᠭ ᠤᠨ ᠬᠡᠷᠡᠭ | ᠭᠠᠷᠤᠭᠰᠠᠨ ᠬᠡᠮᠵᠢᠶ᠎ᠡ 5.1% ᠪᠠᠷ ᠪᠠᠭᠤᠷᠠᠪᠠ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠴᠡᠪᠡᠷ ᠬᠡᠷᠡᠭ ᠢ ᠰᠢᠢᠳᠪᠦᠷᠢᠯᠡᠬᠦ | ᠨᠤᠷᠮ᠎ᠠ ᠶᠢ 66% ᠪᠠᠶᠢᠭᠰᠠᠨ ᠠᠴᠠ 92% ᠪᠣᠯᠲᠠᠯ᠎ᠠ ᠳᠡᠭᠡᠭᠰᠢᠯᠡᠭᠦᠯᠪᠡ᠃ ᠠᠶᠤᠯᠭᠦᠢ ᠦᠢᠯᠡᠳᠪᠦᠷᠢᠯᠡᠯ ᠢ ᠶᠡᠬᠡᠪᠡᠷ | ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠭᠠᠷᠤᠭᠰᠠᠨ ᠦᠭᠡᠢ᠃ ᠤᠯᠤᠰ ᠤᠨ ᠢᠳᠡᠭᠡᠨ ᠤ ᠠᠮᠤᠷ | ᠲᠦᠪᠰᠢᠨ ᠤ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃ ︽ᠤᠯᠤᠰ ᠤᠨ ᠡᠷᠡᠭᠦᠯ ᠬᠠᠮᠠᠭᠠᠯᠠᠯ ᠤᠨ ᠬᠤᠳᠠ︾ | ᠶᠢᠨ ᠲᠠᠬᠢᠨ ᠬᠢᠨᠠᠯᠲᠠ ᠶᠢ ᠤᠷᠤᠭᠰᠢᠲᠠᠢ ᠥᠩᠭᠡᠷᠡᠭᠡᠪᠡ᠃ ︽2023 ᠳᠤᠮᠳᠠᠳᠤ ᠤᠯᠤᠰ ᠤᠨ ᠬᠠᠮᠤᠭ ᠤᠨ ᠵᠣᠯ | ᠵᠢᠷᠭᠠᠯᠲᠤ ᠲᠥᠷᠥᠭᠳᠡᠯ ᠲᠠᠢ ᠬᠤᠲᠠ︾ ᠶᠢᠨ ᠢᠷᠠᠭᠤ ᠠᠯᠳᠠᠷ ᠢ ᠣᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ | ᠴᠢᠩᠭᠠᠳᠬᠠᠵᠤ᠂ ᠵᠠᠰᠠᠭ ᠤᠨ ᠣᠷᠳᠣᠨ ᠤ ᠬᠡᠷᠡᠭᠵᠢᠭᠦᠯᠦᠯᠲᠡ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ | ᠠᠳᠬᠤᠬᠤ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ︽ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ | ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ | ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ ᠶᠢ ᠪᠠᠷᠢᠮᠲᠠᠯᠠᠵᠤ᠂ ᠬᠤᠶᠠᠳᠤᠭᠠᠷ ᠪᠦᠯᠦᠭ ᠤᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤᠯᠤᠭᠰᠠᠨ ᠨᠤᠷᠮ᠎ᠠ ᠴᠥᠮ 100% ᠬᠦᠷᠪᠡ᠃ ︽ᠪᠥᠬᠦ | ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢᠨ | ᠢᠷᠠᠭᠤ ᠠᠯᠳᠠᠷ ᠢ ᠭᠥᠷᠳᠡᠪᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ | ᠴᠢᠩᠭ᠎ᠠ ᠬᠡᠷᠡᠭᠵᠢᠭᠦᠯᠵᠦ᠂ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠪᠡ᠃ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ | ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠭᠤᠷᠪᠠᠨ ᠠᠷᠪᠢᠨ ᠭᠤᠷᠪᠠᠨ ᠴᠥᠭᠡᠨ | ᠭᠤᠷᠪᠠᠨ ᠤᠳᠠᠭᠠᠨ︾ ᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠵᠠᠰᠠᠭ ᠤᠨ ᠣᠷᠳᠣᠨ ᠤ ᠬᠡᠷᠡᠭᠵᠢᠭᠦᠯᠬᠦ | ᠬᠦᠴᠦᠨ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠴᠢᠩᠭᠠᠷᠠᠪᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠪᠢᠳᠡ ᠤᠳᠠᠭ᠎ᠠ ᠳᠠᠷᠠᠭᠠᠯᠠᠨ ᠪᠠᠶᠢᠯᠳᠤᠵᠤ᠂ | ᠤᠳᠠᠭ᠎ᠠ ᠳᠠᠷᠠᠭᠠᠯᠠᠨ ᠰᠢᠪᠲᠤᠯᠵᠤ᠂ ᠤᠷᠢᠳ ᠡᠮᠦᠨ᠎ᠡ ᠪᠠᠶᠢᠭ᠎ᠠ ᠦᠭᠡᠢ ᠰᠢᠯᠭᠠᠯᠲᠠ ᠶᠢ ᠳᠠᠭᠠᠭᠠᠵᠤ᠂ ᠲᠤᠶᠢᠯ ᠤᠨ | ᠬᠤᠪᠣᠷ ᠨᠠᠨᠳᠢᠨ ᠠᠮᠵᠢᠯᠲᠠ ᠣᠯᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠮᠵᠢ ᠢᠯᠡᠳᠲᠡ ᠪᠠᠶᠢᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ | ᠦᠵᠡᠭᠦᠯᠬᠦ ᠬᠤᠳᠠ ᠪᠠᠷ ᠦᠨᠡᠯᠡᠭᠳᠡᠪᠡ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ | ᠰᠦᠨᠡᠰᠦ ᠶᠢ ᠱᠤᠭᠤᠵᠤ᠂ ᠰᠢᠨᠵᠢᠯᠡᠬᠦ ᠤᠬᠠᠭᠠᠨᠴᠢ ᠪᠠᠷ ᠵᠢᠭᠠᠨ ᠵᠢᠯᠣᠭᠤᠳᠤᠭᠰᠠᠨ ᠤ ᠦᠷ᠎ᠡ ᠳ᠋ᠦᠩ ᠮᠥᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ | ᠬᠤᠷᠢᠶ᠎ᠠ ᠶᠢᠨ ᠲᠥᠪ ᠴᠢᠩᠭ᠎ᠠ ᠤᠳᠤᠷᠢᠳᠤᠯᠭ᠎ᠠ᠂ ᠵᠥᠪ ᠣᠨᠣᠪᠴᠢᠲᠠᠢ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ | ᠦᠷ᠎ᠡ ᠳ᠋ᠦᠩ ᠮᠥᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ | ᠲᠦᠷᠦ ᠶᠢᠨ ᠵᠥᠪᠯᠡᠯᠭᠡᠨ ᠬᠦᠴᠦᠲᠡᠢ ᠬᠢᠨᠠᠯᠲᠠ ᠲᠠᠯᠪᠢᠵᠤ᠂ ᠬᠦᠴᠦᠯᠡᠨ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ | ᠬᠤᠳᠠ ᠶᠢᠨ ᠠᠷᠠᠳ ᠲᠦᠮᠡᠨ ᠬᠠᠮᠲᠤᠪᠠᠷ ᠴᠢᠷᠮᠠᠶᠢᠵᠤ᠂ ᠬᠠᠮᠲᠤᠪᠠᠷ ᠠᠵᠢᠯᠯᠠᠵᠤ᠂ ᠬᠠᠮᠲᠤᠪᠠᠷ ᠲᠡᠮᠡᠴᠡᠵᠦ ᠪᠠᠶᠢᠭᠠᠳ | ᠣᠯᠣᠭᠰᠠᠨ ᠶᠤᠮ︕ ᠠᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ | ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠵᠢᠴᠢ ᠡᠯ᠎ᠡ ᠡᠲᠡᠭᠡᠳ ᠤᠨ ᠬᠥᠮᠥᠰ ᠲᠤ ᠡᠷᠬᠢᠮ ᠳᠡᠭᠡᠳᠦ | ᠬᠦᠨᠳᠦᠳᠬᠡᠯ ᠳᠡᠪᠰᠢᠭᠦᠯᠦᠶ᠎ᠡ︕ ᠬᠥᠬᠡᠬᠤᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ | ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠦᠶ᠎ᠡ︕ | ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠵᠦ᠂ ᠮᠠᠨ ᠤ ᠬᠥᠭᠵᠢᠯᠲᠡ ᠶᠢ ᠵᠦᠢᠴᠢᠯᠡᠨ | ᠵᠠᠳᠠᠯᠬᠤ ᠳᠤ ᠪᠠᠰᠠ ᠵᠠᠷᠢᠮ ︽ᠲᠣᠭᠤᠷᠢᠵᠤ ᠭᠠᠷᠴᠤ ᠳᠡᠶᠢᠯᠬᠦ ᠦᠭᠡᠢ᠂ ᠰᠢᠯᠵᠢᠭᠦᠯᠵᠦ ᠳᠡᠶᠢᠯᠬᠦ ᠦᠭᠡᠢ︾ | ᠠᠰᠠᠭᠤᠳᠠᠯ ᠣᠷᠣᠰᠢᠵᠤ ᠪᠠᠶᠢᠨ᠎ᠠ᠃ ᠨᠢᠭᠡ ᠳᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠳᠠᠶᠢᠴᠢᠯᠠᠬᠤ | ᠬᠦᠴᠦᠨ ᠴᠢᠩᠭ᠎ᠠ ᠪᠢᠰᠢ᠂ ᠠᠵᠤ ᠦᠢᠯᠡᠰ ᠤᠨ ᠰᠠᠭᠤᠷᠢ ᠪᠠᠰᠠ ᠯᠠᠪᠳᠠᠭᠤᠨ ᠪᠠᠲᠤᠲᠠᠢ ᠪᠢᠰᠢ᠂ ᠣᠷᠣᠨ ᠪᠦᠰᠡ ᠶᠢᠨ | ᠲᠥᠪ ᠬᠤᠳᠠ ᠶᠢᠨ ᠲᠠᠲᠠᠬᠤ ᠬᠦᠴᠦᠨ᠂ ᠳᠠᠭᠠᠭᠠᠴᠠ᠂ ᠭᠤᠣᠯᠯᠠᠬᠤ ᠥᠷᠢᠰᠦᠯᠳᠦᠬᠦ ᠬᠦᠴᠦᠨ ᠬᠦᠷᠦᠯᠴᠡᠬᠦ ᠦᠭᠡᠢ | ᠪᠠᠶᠢᠨ᠎ᠠ︔ ᠬᠤᠶᠠᠷ ᠲᠤ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠦᠢᠯᠡᠴᠢᠯᠡᠬᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠪᠠᠯ ᠰᠠᠨᠠᠭᠠᠴᠢᠯᠠᠭᠠᠲᠤ ᠴᠢᠨᠠᠷ ᠪᠣᠯᠣᠨ ᠨᠠᠷᠢᠯᠢᠭ | ᠣᠨᠣᠪᠴᠢ ᠶᠢᠨ ᠬᠡᠮᠵᠢᠶ᠎ᠡ ᠭᠦᠢᠴᠡᠳ ᠪᠤᠰᠤ ᠪᠠᠶᠢᠨ᠎ᠠ︔ ᠭᠤᠷᠪᠠ ᠳᠤ ᠬᠤᠳᠠ ᠶᠢᠨ ᠬᠥᠭᠵᠢᠯᠲᠡ ᠶᠢᠨ ᠳᠤᠮᠳᠠᠬᠢ | ᠬᠠᠭᠤᠴᠢᠨ ᠬᠤᠷᠢᠶᠠᠯᠠᠯ᠂ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ᠂ ᠣᠷᠣᠰᠢᠨ ᠰᠠᠭᠤᠬᠤ ᠳᠤ | ᠲᠣᠬᠢᠷᠠᠮᠵᠢᠲᠠᠢ ᠣᠷᠴᠢᠨ ᠲᠣᠭᠤᠷᠢᠨ ᠢ ᠪᠤᠢ ᠪᠣᠯᠭᠠᠬᠤ ᠵᠢᠴᠢ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠵᠡᠷᠭᠡ ᠳᠤ ᠪᠠᠰᠠ ᠴᠥᠭᠡᠨ ᠪᠤᠰᠤ ᠳᠤᠲᠠᠭᠳᠠᠯ ᠣᠷᠣᠰᠢᠵᠤ ᠪᠠᠶᠢᠨ᠎ᠠ︔ ᠳᠥᠷᠪᠡ ᠳᠤ ᠠᠷᠠᠳ | ᠲᠦᠮᠡᠨ ᠤ ᠠᠩᠬᠠᠷᠴᠤ ᠪᠠᠶᠢᠭ᠎ᠠ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ᠂ ᠨᠠᠰᠤᠵᠢᠯ ᠤᠨ ᠠᠰᠠᠷᠠᠮᠵᠢ᠂ | ᠬᠡᠦᠬᠡᠳ ᠰᠠᠭᠠᠲᠠᠭᠤᠯᠬᠤ ᠵᠡᠷᠭᠡ ︽ᠨᠢᠭᠡ ᠨᠠᠰᠤᠲᠠᠨ ᠨᠢᠭᠡ ᠨᠢᠯᠬ᠎ᠠ︾ ᠶᠢᠨ ᠪᠠᠴᠢᠮᠳᠠᠵᠤ ᠬᠦᠴᠢᠷᠳᠡᠵᠦ ᠵᠣᠪᠠᠵᠤ | ᠬᠦᠰᠡᠵᠦ ᠰᠠᠨᠠᠭᠰᠠᠨ ᠠᠰᠠᠭᠤᠳᠠᠯ ᠵᠢᠴᠢ ᠵᠠᠷᠢᠮ ᠭᠠᠵᠠᠷ ᠣᠷᠣᠨ ᠤ ᠤᠰᠤ ᠢᠳᠡᠬᠦ ᠳᠤ ᠬᠦᠴᠢᠷ᠂ ᠳᠤᠯᠠᠭᠠᠯᠠᠭ᠎ᠠ | ᠬᠠᠩᠭᠠᠬᠤ ᠪᠠᠷ ᠠᠨᠠᠢ ᠪᠠᠶᠢᠬᠤ ᠵᠡᠷᠭᠡ ᠤᠯᠠᠨ ᠲᠦᠮᠡᠨ ᠤ ᠳᠡᠷᠭᠡᠳᠡᠬᠢ ᠤᠴᠢᠷ ᠨᠢ ᠬᠥᠮᠥᠨ ᠤ ᠰᠠᠨᠠᠭᠠᠨ ᠳᠤ ᠬᠦᠷᠬᠦ | ᠦᠭᠡᠢ ᠪᠠᠶᠢᠨ᠎ᠠ︔ ᠲᠠᠪᠤ ᠳᠤ ᠪᠠᠰᠠ ᠵᠠᠷᠢᠮ ᠺᠠᠳ᠋ᠷᠴᠤᠳ ᠤᠨ ᠦᠵᠡᠯ ᠰᠠᠨᠠᠭ᠎ᠠ ᠣᠶᠢᠯᠠᠭᠠᠭᠳᠠᠬᠤᠨ ᠨᠢ ᠲᠦᠭᠵᠢᠷᠡᠮᠡᠯ | ᠬᠡᠪᠰᠢᠮᠡᠯ ᠪᠠᠶᠢᠵᠤ᠂ ᠭᠠᠪᠰᠢᠭᠠᠶᠢᠯᠠᠨ ᠠᠵᠢᠯᠯᠠᠬᠤ ᠡᠷᠴᠢ ᠵᠣᠷᠢᠭ ᠨᠢ ᠬᠦᠷᠦᠯᠴᠡᠬᠦ ᠦᠭᠡᠢ᠂ ᠣᠪᠣᠷ ᠰᠤᠷᠲᠠᠯ ᠨᠢ ︽ | ᠤᠳᠠᠭᠠᠨ ᠤᠳᠠᠭᠠᠰᠢᠷᠠᠭᠤᠯᠬᠤ ᠬᠡᠶᠢᠰᠪᠦᠷᠢ︾ ᠪᠠᠶᠢᠵᠤ᠂ ᠬᠥᠭᠵᠢᠯᠲᠡ ᠶᠢᠨ ᠱᠠᠭᠠᠷᠳᠠᠯᠭ᠎ᠠ ᠶᠢ ᠲᠠᠭᠠᠵᠤ ᠠᠮᠵᠢᠬᠤ | ᠦᠭᠡᠢ ᠪᠠᠶᠢᠨ᠎ᠠ᠃ ᠡᠳᠡᠭᠡᠷ ᠠᠰᠠᠭᠤᠳᠠᠯ ᠢ ᠡᠷᠬᠡᠪᠰᠢ ᠨᠢᠭᠡ ᠨᠢᠭᠡ ᠪᠠᠷ ᠮᠥᠷᠳᠡᠵᠦ᠂ ᠨᠢᠭᠡ ᠨᠢᠭᠡ ᠪᠠᠷ ᠥᠭᠡᠷᠡᠴᠢᠯᠡᠵᠦ | ᠂ ᠲᠦᠷᠭᠡᠯᠡᠵᠦ ᠪᠣᠯᠬᠤ ᠶᠢ ᠨᠢ ᠲᠦᠷᠭᠡᠯᠡᠵᠦ᠂ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠲᠡᠯᠡ ᠤᠷᠲᠤ | ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠪᠠᠶᠢᠨ᠎ᠠ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠵᠢᠷᠭᠤᠭᠠᠨ | ᠢᠨᠵᠧᠨᠧᠷᠢᠩ᠂ ᠲᠤᠯᠤᠭᠠᠨ ᠡᠭᠦᠷᠭᠡ ᠶᠢ ᠪᠠᠶᠢᠷᠢᠯᠠᠭᠤᠯᠪᠠ︔ ᠬᠤᠳᠠ ᠶᠢᠨ ᠨᠠᠮ ᠤᠨ ᠬᠤᠷᠢᠶᠠᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ | ᠠᠵᠢᠯ ᠤᠨ ᠬᠤᠷᠠᠯ ᠠᠴᠠ ᠠᠳᠬᠤᠬᠤ ᠴᠢᠬᠤᠯᠠᠲᠠᠢ ᠲᠠᠪᠤᠨ ᠵᠠᠩᠭᠢᠯᠠᠭ᠎ᠠ ᠶᠢ ᠲᠣᠳᠣᠷᠬᠠᠶᠢᠯᠠᠵᠤ᠂ ᠶᠢᠰᠦᠨ | ᠭᠤᠣᠯᠳᠠᠯᠭ᠎ᠠ ᠲᠠᠢ ᠠᠵᠢᠯ ᠢ ᠲᠣᠬᠢᠷᠠᠭᠤᠯᠪᠠ᠃ ᠡᠳᠡᠭᠡᠷ ᠪᠣᠯ ᠴᠥᠮ ᠴᠢᠩᠭ᠎ᠠ ᠠᠳᠬᠤᠬᠤ ᠶᠡᠭᠡ ᠤᠴᠢᠷ᠂ | ᠰᠢᠪᠲᠤᠯᠤᠯᠲᠠ ᠬᠢᠬᠦ ᠴᠢᠬᠤᠯᠠ ᠤᠴᠢᠷ ᠮᠥᠨ᠂ ᠮᠥᠨ ᠴᠦ ᠡᠷᠬᠡᠪᠰᠢ ᠠᠬᠢᠭᠤᠯᠬᠤ ᠪᠣᠳᠠᠲᠤ ᠤᠴᠢᠷ᠂ ᠵᠠᠪᠠᠯ | ᠪᠦᠲᠦᠭᠡᠬᠦ ᠰᠠᠶᠢᠨ ᠤᠴᠢᠷ ᠮᠥᠨ᠂ ᠪᠢᠳᠡ ᠡᠳᠡᠭᠡᠷ ᠵᠠᠩᠭᠢᠯᠠᠭ᠎ᠠ ᠪᠣᠯᠣᠨ ᠭᠤᠣᠯᠳᠠᠯᠭ᠎ᠠ ᠶᠢ ᠴᠢᠩᠭ᠎ᠠ ᠠᠳᠬᠤᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ | ᠰᠢᠵᠢᠮ ᠢ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠠᠵᠢᠯ ᠳᠤᠮᠳᠠ ᠲᠤᠭᠤᠰᠢᠯᠠᠭᠤᠯᠵᠤ᠂ ︽ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ | ᠲᠦᠷᠦ ᠶᠢᠨ ᠪᠣᠳᠣᠯᠭ᠎ᠠ ᠶᠢ ᠨᠡᠪᠲᠡᠷᠬᠡᠢ ᠣᠶᠢᠯᠠᠭᠠᠵᠤ᠂ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ | ᠲᠦᠷᠦ ᠶᠢᠨ ᠪᠣᠳᠣᠯᠭ᠎ᠠ ᠶᠢ ᠦᠨᠡᠨᠬᠦ ︽ᠴᠠᠭᠠᠰᠤᠨ ᠳᠡᠭᠡᠷ᠎ᠡ︾ ᠠᠴᠠ ︽ᠭᠠᠵᠠᠷ ᠳᠡᠭᠡᠷ᠎ᠡ︾ ᠨᠠᠶᠢᠳᠠᠪᠤᠷᠢᠵᠢᠭᠤᠯᠵᠤ᠂ | ᠲᠥᠪ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠲᠡᠷᠡ | ᠶᠣᠰᠣᠭᠠᠷ ᠨᠢ ᠰᠠᠶᠢᠲᠤᠷ ᠬᠡᠷᠡᠭᠵᠢᠭᠦᠯᠵᠦ᠂ ᠰᠠᠶᠢᠲᠤᠷ ᠨᠠᠶᠢᠳᠠᠪᠤᠷᠢᠵᠢᠭᠤᠯᠤᠨ᠎ᠠ᠃ | ᠪᠦᠬᠦ ᠬᠤᠲᠠ ᠶᠢᠨ ᠠᠵᠤ ᠠᠬᠤᠢ ᠨᠡᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 8% ᠣᠷᠴᠢᠮ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠳᠡᠭ 16% ᠣᠷᠴᠢᠮ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ 18% ᠠᠴᠠ ᠳᠡᠭᠡᠭᠰᠢ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠤᠭ᠎ᠠ 10% ᠨᠡᠮᠡᠭᠳᠡᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ | 6% ᠣᠷᠴᠢᠮ ᠨᠡᠮᠡᠭᠳᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠶᠡᠷᠦᠩᠬᠡᠢ ᠲᠤᠭ᠎ᠠ 13% ᠣᠷᠴᠢᠮ ᠨᠡᠮᠡᠭᠳᠡᠵᠦ᠂ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 6.5% ᠣᠷᠴᠢᠮ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠪᠡᠶᠡᠯᠡᠭᠦᠯᠦᠨ᠎ᠡ᠃ ᠠᠵᠤ | ᠠᠬᠤᠢ ᠶᠢᠨ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠬᠦ ᠣᠷᠣᠨ ᠤ ᠡᠮᠦᠨ᠎ᠡ | ᠪᠠᠶᠢᠷᠢᠨ ᠳᠤ ᠪᠠᠲᠤᠯᠠᠵᠤ᠂ ᠮᠤᠵᠢ ᠶᠢᠨ ᠲᠥᠪ ᠬᠤᠳᠠ ᠶᠢᠨ ᠡᠮᠦᠨ᠎ᠡ ᠡᠩᠨᠡᠭᠡᠨ ᠳᠤ ᠪᠠᠲᠤᠯᠠᠵᠤ᠂ ᠠᠵᠤ ᠠᠬᠤᠢ ᠶᠢᠨ | ᠶᠡᠷᠦᠩᠬᠡᠢ ᠬᠡᠮᠵᠢᠶ᠎ᠡ ᠪᠦᠬᠦ ᠤᠯᠤᠰ ᠤᠨ ᠵᠠᠭᠤᠨ ᠬᠦᠴᠦᠷᠬᠡᠭ ᠬᠤᠳᠠ ᠳᠣᠲᠣᠷ᠎ᠠ ᠤᠯᠠᠮ ᠨᠢᠭᠡ ᠠᠯᠬᠤᠮ | ᠳᠡᠭᠡᠭᠰᠢᠯᠡᠨ᠎ᠡ᠃ | ᠳᠡᠭᠡᠷᠡᠬᠢ ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ ᠨᠢ ᠴᠥᠮ ᠥᠪᠡᠷᠲᠡᠭᠡᠨ ᠵᠠᠰᠠᠬᠤ ᠣᠷᠣᠨ ᠤ | ᠳᠤᠮᠳᠠᠴᠢ ᠬᠢᠷᠢ ᠲᠦᠪᠰᠢᠨ ᠠᠴᠠ ᠳᠠᠪᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠭᠰᠠᠨ ᠮᠥᠷᠲᠡᠭᠡᠨ ᠪᠠᠰᠠ | ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ᠂ ᠣᠷᠣᠨ ᠳᠡᠪᠰᠢᠬᠦ ᠪᠠᠷ ᠴᠢᠷᠮᠠᠶᠢᠬᠤ᠂ ᠬᠤᠪᠢ ᠨᠡᠮᠡᠷᠢ | ᠦᠵᠡᠭᠦᠯᠬᠦ︾ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠭᠰᠡᠨ ᠪᠠᠶᠢᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢ | ᠪᠡᠶᠡᠯᠡᠭᠦᠯᠬᠦ ᠳᠤ᠂ ᠠᠰᠢᠭᠲᠠᠢ ᠲᠦᠷᠦ ᠶᠢᠨ ᠪᠣᠳᠣᠯᠭ᠎ᠠ ᠶᠢᠨ ᠳᠡᠮᠵᠢᠯᠭᠡ ᠂ ᠬᠥᠭᠵᠢᠯᠲᠡ ᠶᠢᠨ ᠰᠠᠭᠤᠷᠢ ᠲᠠᠢ | ᠲᠤᠯᠭᠠᠭᠤᠷᠢᠯᠠᠯ᠂ ᠣᠷᠣᠨ ᠲᠠᠪᠰᠢᠨ ᠭᠦᠢᠴᠡᠵᠦ ᠳᠠᠪᠠᠭ᠋ᠤ ᠱᠠᠭᠠᠷᠳᠠᠯᠭ᠎ᠠ᠂ ᠪᠠᠰᠠ ᠬᠤᠶᠠᠷ ᠵᠢᠯ ᠤᠨ 13 | ᠤᠳᠠᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠠᠬᠤᠢ ᠲᠠᠯᠠᠪᠠᠢ ᠶᠢᠨ ᠬᠤᠷᠠᠯ ᠢᠶᠠᠷ ᠨᠢᠭᠲᠠᠷᠠᠭᠤᠯᠤᠭᠰᠠᠨ | ᠬᠦᠴᠦᠷᠬᠡᠭ ᠶᠡᠭᠡ ᠠᠵᠢᠯ ᠬᠢᠵᠦ ᠦᠢᠯᠡᠰ ᠪᠣᠰᠬᠠᠬᠤ ᠲᠡᠮᠡᠴᠡᠯ ᠤᠨ ᠵᠣᠷᠢᠭ ᠪᠠᠶᠢᠬᠤ ᠬᠡᠷᠡᠭᠲᠡᠢ᠃ ᠪᠢᠳᠡ ᠳᠡᠭᠡᠷ᠎ᠡ | ᠳᠣᠣᠷ᠎ᠠ ᠱᠠᠲᠤ ᠪᠠᠷ ᠢᠶᠠᠨ ᠰᠡᠳᠬᠢᠯ ᠨᠢᠭᠡᠳᠦᠨ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠠᠵᠢᠯᠯᠠᠨ᠂ ︽ᠪᠢ | ᠬᠥᠮᠥᠨ ᠢ ᠬᠦᠷᠬᠦ ᠦᠭᠡᠢ︾ ᠭᠡᠰᠡᠨ ᠪᠤᠳᠤᠯ ᠢᠶᠠᠨ ᠲᠠᠶᠠᠭᠳᠠᠵᠤ᠂ ︽ᠬᠤᠷᠳᠤᠨ ᠪᠠᠶᠢᠵᠤ ᠴᠢᠳᠠᠬᠤ ᠳᠤ ᠤᠳᠠᠭᠠᠨ | ᠪᠠᠶᠢᠵᠤ ᠪᠣᠯᠬᠤ ᠦᠭᠡᠢ︾ ᠭᠡᠰᠡᠨ ᠡᠷᠴᠢ ᠵᠣᠷᠢᠭ ᠢ ᠭᠠᠷᠭᠠᠳᠠᠭ ᠯᠠ ᠶᠤᠮ ᠪᠣᠯ ᠵᠢᠱᠢᠭᠰᠡᠨ ᠬᠠᠷᠠᠯᠲᠠ ᠪᠠᠨ ᠯᠠᠪᠲᠠᠢ | ᠪᠡᠶᠡᠯᠡᠭᠦᠯᠵᠦ ᠴᠢᠳᠠᠬᠤ ᠶᠤᠮ᠃ | 8 ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠪᠣᠳᠠᠲᠠᠢ ᠰᠠᠶᠢᠲᠤᠷ ᠠᠳᠬᠤᠨ᠎ᠠ᠃ | ︵ᠨᠢᠭᠡ︶ ᠬᠥᠭᠵᠢᠯᠲᠡ ᠶᠢ ᠥᠴᠥᠬᠡᠨ ᠴᠦ ᠰᠤᠯᠠᠷᠠᠭᠤᠯᠤᠯ ᠦᠭᠡᠢ ᠠᠳᠬᠤᠬᠤ ᠶᠢ ᠲᠡᠷᠢᠭᠦᠨ ᠴᠢᠬᠤᠯᠠ | ᠡᠭᠦᠷᠭᠡ ᠪᠣᠯᠭᠠᠨ᠎ᠠ | ᠡᠩ ᠲᠡᠷᠢᠭᠦᠨ ᠳᠤ ᠡᠷᠴᠢ ᠵᠣᠷᠢᠭ ᠢᠶᠠᠨ ᠬᠥᠪᠴᠢᠯᠡᠨ ᠲᠦᠷᠦᠯ ᠵᠦᠢᠯ ᠢ ᠠᠳᠬᠤᠨ᠎ᠠ᠃ ᠴᠢᠬᠤᠯᠠ ᠶᠡᠭᠡ | ᠲᠥᠷᠥᠯ ᠵᠦᠢᠯ ᠤᠨ ︽ᠬᠤᠣᠰ ᠨᠢᠭᠡ ᠮᠢᠩᠭ᠎ᠠ︾ ᠶᠢᠨ ᠢᠨᠵᠧᠨᠧᠷᠢᠩ ᠢᠶᠠᠷ ᠭᠠᠷᠳᠠᠴᠠ ᠪᠣᠯᠭᠠᠵᠤ᠂ | ᠭᠤᠣᠯᠳᠠᠯᠭ᠎ᠠ ᠲᠠᠢ ᠲᠥᠷᠥᠯ ᠵᠦᠢᠯ ᠢ 1100 ᠠᠴᠠ ᠳᠡᠭᠡᠭᠰᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ | 1500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ︔ ︽ᠵᠢᠯ ᠤᠨ ᠡᠬᠢᠨ ᠳᠤ ᠶᠡᠭᠡ ᠪᠠᠷ | ᠳᠠᠶᠢᠴᠢᠯᠠᠵᠤ᠂ ᠵᠢᠯ ᠤᠨ ᠳᠤᠮᠳᠠᠴᠢ ᠪᠠᠷ ᠶᠡᠭᠡ ᠪᠠᠷ ᠮᠥᠷᠥᠶᠢᠴᠡᠵᠦ᠂ ᠵᠢᠯ ᠤᠨ ᠡᠴᠦᠰ ᠲᠤ ᠶᠡᠭᠡ ᠪᠠᠷ ᠬᠢᠨᠠᠨ | ᠰᠢᠯᠭᠠᠬᠤ︾ ᠠᠵᠢᠯᠯᠠᠭ᠎ᠠ ᠶᠢ ᠥᠷᠨᠢᠭᠦᠯᠵᠦ᠂ ᠪᠥᠬᠦ ᠲᠥᠷᠥᠯ ᠵᠦᠢᠯ ᠢ ᠳᠡᠭᠡᠷ᠎ᠡ ᠬᠠᠭᠠᠰ ᠵᠢᠯ ᠳᠤ ᠪᠦᠬᠦᠨ ᠢ | ᠡᠬᠢᠯᠡᠭᠦᠯᠬᠦ ᠪᠠᠷ ᠴᠢᠷᠮᠠᠶᠢᠨ᠎ᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ᠂ ᠵᠡᠭᠦᠨ ᠬᠤᠶᠢᠲᠤ ᠶᠢᠨ | ᠭᠤᠷᠪᠠᠨ ᠮᠤᠵᠢ ᠵᠡᠷᠭᠡ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠯᠳᠤᠬᠤ ᠪᠣᠳᠣᠯᠭ᠎ᠠ ᠶᠢᠨ | ᠤᠯᠤᠰ ᠤᠨ ᠥᠮᠴᠢᠯᠡᠯᠲᠦ ᠠᠵᠤ ᠠᠬᠤᠶᠢᠯᠠᠯ᠂ ᠪᠣᠳᠠᠲᠤ ᠬᠦᠴᠦᠨ ᠲᠠᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ᠂ ᠨᠡᠷᠡᠳᠤ ᠭᠠᠳᠠᠭᠠᠳᠤ ᠶᠢᠨ ᠠᠵᠤ ᠠᠬᠤᠶᠢᠯᠠᠯ ᠢ ᠴᠢᠩᠭ᠎ᠠ ᠠᠩᠬᠠᠷᠴᠤ᠂ ᠠᠵᠤ ᠦᠢᠯᠡᠰ ᠤᠨ ᠬᠡᠯᠬᠢᠶ᠎ᠡ ᠶᠢᠨ | ᠬᠤᠳᠠᠯᠳᠤᠭᠠᠴᠢᠨ ᠤᠷᠢᠬᠤ᠂ ᠲᠣᠯᠣᠭᠠᠶᠢᠯᠠᠭᠴᠢ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠬᠤ᠂ ᠰᠠᠯᠪᠤᠷᠢ | ᠪᠠᠭ᠎ᠠ ᠠᠩᠭᠢ ᠶᠢᠨ ᠬᠤᠳᠠᠯᠳᠤᠭᠠᠴᠢᠨ ᠤᠷᠢᠬᠤ᠂ ᠵᠠᠰᠠᠭ ᠠᠵᠤ ᠠᠬᠤᠶᠢᠯᠠᠯ ᠬᠠᠮᠵᠢᠯᠴᠠᠨ ᠬᠤᠳᠠᠯᠳᠤᠭᠠᠴᠢᠨ ᠤᠷᠢᠬᠤ | ᠂ ᠬᠤᠳᠠᠯᠳᠤᠭᠠᠴᠢᠳ ᠤᠨ ᠨᠡᠶᠢᠭᠡᠮᠯᠢᠭ ᠤᠨ ᠬᠤᠳᠠᠯᠳᠤᠭᠠᠴᠢᠨ ᠤᠷᠢᠬᠤ ᠶᠢ ᠴᠢᠩᠭᠠᠳᠬᠠᠨ᠎ᠠ᠃ ᠡᠭᠦᠨ ᠤ ᠬᠠᠮᠲᠤ᠂ | ᠬᠤᠳᠠᠯᠳᠤᠭᠠᠴᠢᠨ ᠢ ᠣᠨᠣᠪᠴᠢᠲᠠᠢ ᠤᠷᠢᠬᠤ ᠶᠢ ᠨᠡᠩ ᠴᠢᠬᠤᠯᠠᠴᠢᠯᠠᠵᠤ᠂ ᠬᠤᠳᠠᠯᠳᠤᠭᠠᠴᠢᠨ ᠤᠷᠢᠬᠤ ᠦᠷ᠎ᠡ | ᠪᠦᠲᠦᠮᠵᠢ ᠶᠢ ᠨᠡᠩ ᠴᠢᠬᠤᠯᠠᠴᠢᠯᠠᠨ᠎ᠠ᠃ | ᠶᠡᠭᠡ ᠬᠦᠴᠦ ᠣᠷᠣᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ | ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠯᠴᠢ ᠳᠤᠮᠳᠠᠳᠤ ᠤᠯᠤᠰ︾ ᠤᠨ | ᠲᠤᠷᠰᠢᠯᠲᠠ ᠶᠢᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ ︽ᠲᠠᠪᠤᠨ ᠶᠡᠭᠡ ᠲᠥᠪ︾ ᠢ | ᠬᠦᠴᠦᠯᠡᠨ ᠪᠣᠶᠢᠵᠢᠭᠤᠯᠤᠨ ᠪᠦᠲᠦᠭᠡᠨ ᠪᠠᠶᠢᠭᠤᠯᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠴᠢᠨᠠᠷ ᠰᠠᠶᠢᠲᠠᠢ ᠠᠵᠢᠯᠯᠠᠭᠤᠯᠤᠨ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠠᠬᠢᠭᠤᠯᠵᠤ᠂ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠶᠢ ᠠᠬᠢᠭᠤᠯᠤᠨ᠎ᠠ︔ ᠤᠯᠤᠰ ᠤᠨ ᠡᠪᠡᠰᠦᠨ ᠤ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠡᠪᠡᠰᠦᠨ ᠦᠷ᠎ᠡ | ᠂ ᠠᠮᠢ ᠠᠬᠤᠢ ᠶᠢ ᠰᠡᠷᠭᠦᠭᠡᠬᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ | ᠠᠬᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠲᠡᠷᠢᠭᠦᠨ ᠤ ᠬᠠᠭᠠᠰ ᠳᠠᠮᠵᠢᠭᠤᠯᠤᠭᠴᠢ | ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠶᠢ ᠪᠦᠬᠦ | ᠬᠦᠴᠦᠨ ᠢᠶᠠᠷ ᠢᠶᠠᠨ ᠬᠥᠮᠥᠵᠢᠭᠦᠯᠦᠨ᠎ᠡ︔ ᠠᠰᠢᠭᠲᠤ ᠪᠠᠺᠲ᠋ᠧᠷᠢ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ | ᠰᠤᠳᠤᠯᠤᠨ ᠨᠡᠭᠡᠭᠡᠬᠦ ᠲᠥᠪ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ᠂ ᠬᠤᠶᠠᠷ ᠢ ᠳᠡᠭᠡᠭᠰᠢᠯᠡᠭᠦᠯᠬᠦ︾᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢᠨ ︽ᠭᠤᠷᠪᠠ ᠶᠢ ᠦᠭᠡᠶᠢᠰᠬᠡᠬᠦ ᠪᠠ ᠪᠦᠬᠦᠨ ᠢ ᠪᠦᠷᠬᠦᠭᠦᠯᠬᠦ︾᠂ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠤᠨ ︽ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ︾ 3 ᠶᠡᠭᠡ ᠠᠵᠢᠯᠯᠠᠭ᠎ᠠ ᠶᠢ ᠪᠥᠬᠦ | ᠲᠠᠯ᠎ᠠ ᠪᠠᠷ ᠥᠷᠨᠢᠭᠦᠯᠦᠨ᠂ 45 ᠣᠷᠴᠢᠮ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ ᠂ 200 ᠣᠷᠴᠢᠮ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ᠎ᠠ᠃ ᠰᠢᠨ᠎ᠡ ᠶᠢ ᠡᠭᠦᠳᠬᠦ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠲᠥᠯᠥᠪᠯᠡᠭᠡ ᠶᠢ ᠬᠡᠷᠡᠭᠵᠢᠭᠦᠯᠵᠦ᠂ ᠳᠡᠭᠡᠳᠦ ᠲᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ | ᠴᠢᠳᠠᠪᠤᠷᠢᠲᠠᠨ ᠢ 100 ᠠᠴᠠ ᠳᠡᠭᠡᠭᠰᠢ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠳᠤ ︽ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ︾ ᠲᠠᠪᠴᠠᠩ ᠢ ᠰᠠᠶᠢᠲᠤᠷ ᠪᠠᠶᠢᠭᠤᠯᠵᠤ | ᠥᠭᠬᠦ ᠪᠠᠷ ᠪᠠᠷᠠᠬᠤ ᠦᠭᠡᠢ ᠪᠠᠰᠠ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠬᠦ ︽ᠬᠠᠶᠢᠷᠠᠯᠠᠨ ᠬᠠᠯᠠᠮᠵᠢᠯᠠᠬᠤ ᠢᠵᠢ | ᠦᠢᠯᠡᠴᠢᠯᠡᠭᠡ︾ ᠶᠢ ᠰᠠᠶᠢᠲᠤᠷ ᠬᠠᠩᠭᠠᠨ᠎ᠠ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠵᠣᠷᠢᠭᠲᠠᠢ ᠰᠡᠳᠬᠢᠵᠦ ᠵᠣᠷᠢᠭᠲᠠᠢ ᠬᠢᠨ᠎ᠡ᠃ ︽ | ᠳᠣᠲᠣᠭᠠᠳᠤ ᠶᠢᠨ ᠲᠠᠯᠳᠠ ᠬᠦᠴᠦᠨ ᠢ ᠠᠭᠤᠳᠠᠯᠵᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠰᠢᠭ ᠣᠯᠬᠤ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ ᠬᠥᠭᠵᠢᠯᠲᠡ ᠶᠢᠨ ᠲᠠᠯᠳᠠ ᠬᠦᠴᠦᠨ ᠪᠠ ᠥᠷᠢᠰᠦᠯᠳᠦᠭᠡᠨ ᠤ | ᠳᠠᠪᠠᠭᠤᠯᠢᠭ ᠢᠶᠠᠷ ᠳᠤᠲᠠᠮᠠᠭ ᠭᠤᠣᠯ ᠠᠵᠢᠯ ᠲᠦᠷᠦᠯ ᠤᠨ ᠪᠤᠰᠤ ᠲᠤᠬᠠᠶᠢᠯᠠᠭᠰᠠᠨ ᠠᠵᠢᠯ ᠢ ᠴᠡᠪᠡᠷᠯᠡᠵᠦ᠂ | ᠬᠠᠮᠲᠤᠷᠠᠯᠴᠠᠬᠤ᠂ ᠬᠤᠪᠢ ᠣᠷᠣᠭᠤᠯᠬᠤ᠂ ᠪᠡᠯᠡ ᠣᠷᠣᠭᠤᠯᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ | ᠭᠠᠳᠠᠭᠰᠢ ᠭᠠᠷᠴᠤ ᠵᠠᠬ᠎ᠠ ᠳᠡᠯᠭᠡᠭᠦᠷ ᠢ ᠥᠷᠭᠡᠳᠬᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠪᠤᠵᠠᠭᠠᠶᠢᠷᠠᠨ ᠬᠦᠴᠦᠷᠬᠡᠭᠵᠢᠬᠦ ᠶᠢ ᠲᠦᠯᠬᠢᠨ ᠠᠬᠢᠭᠤᠯᠤᠨ᠎ᠠ︔ ᠰᠢᠨ᠎ᠡ ᠨᠢᠭᠡ ᠡᠭᠡᠯᠵᠢ ᠶᠢᠨ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠬᠡᠷᠡᠭᠴᠡᠭᠡ ᠲᠠᠢ ᠡᠳ᠋ | ᠬᠥᠷᠥᠩᠭᠡ ᠶᠢ ᠠᠮᠢᠯᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠵᠦ᠂ | ᠳᠠᠷᠤᠯᠲᠠ ᠦᠭᠡᠢ ᠠᠵᠢᠯᠯᠠᠭᠤᠯᠤᠨ᠎ᠠ︔ ︽ᠲᠠᠪᠤᠨ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠯᠢᠳᠡᠭ ᠢ ᠨᠢ | ᠱᠠᠩᠨᠠᠵᠤ ᠮᠠᠭᠤ ᠶᠢ ᠨᠢ ᠲᠣᠷᠭᠠᠬᠤ᠂ ᠳᠠᠪᠰᠢᠵᠤ ᠪᠠᠭᠤᠵᠤ ᠪᠦᠷ ᠪᠣᠯᠬᠤ ᠳᠦᠷᠢᠮ ᠤᠨ ᠰᠢᠰᠲ᠋ᠧᠮᠵᠢ ᠶᠢ ᠪᠠᠶᠢᠭᠤᠯᠵᠤ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠣᠲᠣᠭᠠᠳᠤ ᠬᠥᠳᠡᠯᠭᠡᠬᠦ ᠬᠦᠴᠦᠨ ᠢ ᠦᠨᠡᠨ ᠬᠦ ᠬᠥᠭᠵᠢᠭᠡᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ︽ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ︾ ᠢ ᠬᠡᠷᠡᠭᠵᠢᠭᠦᠯᠵᠦ᠂ ᠪᠦᠬᠦ ᠤᠯᠤᠰ ᠤᠨ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ | ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ | ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠠᠮᠠᠯᠠᠭᠰᠠᠨ ᠳᠠᠭᠠᠨ ᠬᠦᠷᠴᠦ᠂ | ᠬᠡᠯᠡᠪᠡᠯ ᠳᠠᠷᠤᠢ ᠪᠡᠶᠡᠯᠡᠭᠦᠯᠵᠦ᠂ ᠶᠠᠭᠠᠬᠢᠭᠰᠠᠨ ᠴᠤ ᠠᠮᠠᠨ ᠲᠠᠪᠠ ᠪᠠᠷ ᠢᠶᠠᠨ ᠶᠠᠷᠢᠬᠤ ᠦᠭᠡᠢ᠂ ᠥᠷᠭᠡᠨ ᠤᠯᠠᠨ | ᠬᠤᠳᠠᠯᠳᠤᠭᠠᠴᠢᠨ ᠤ ᠰᠠᠨᠠᠭ᠎ᠠ ᠶᠢ ᠠᠮᠠᠷᠠᠭᠠᠵᠤ᠂ ᠬᠥᠭᠵᠢᠯᠲᠡ ᠳᠤ ᠰᠡᠳᠬᠢᠯ ᠵᠣᠪᠠᠭ᠋ᠤ ᠦᠭᠡᠢ ᠪᠣᠯᠭᠠᠨ᠎ᠠ︔ ︽ᠨᠢᠭᠡ | ᠶᠠᠪᠤᠳᠠᠯ ᠢ ᠥᠨᠳᠥᠷ ᠪᠦᠲᠦᠮᠵᠢᠲᠡᠢ ᠪᠦᠲᠦᠭᠡᠬᠦ︾ ᠶᠢᠨ ᠲᠣᠭᠤᠷᠢᠨ ᠳᠤ᠂ ᠠᠷᠠᠳ ᠲᠤ ᠲᠥᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠨᠠᠩ ᠣᠯᠠᠨ ᠦᠢᠯᠡᠴᠢᠯᠡᠭᠡ ᠭᠠᠷᠭᠠᠵᠤ᠂ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠪᠣᠯᠭᠠᠨ᠎ᠠ᠃ ᠡᠳ᠋ ᠤᠨ ᠵᠠᠰᠠᠭ ᠭᠠᠶᠢᠯᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠬᠤᠲᠠ ᠶᠢᠨ ᠲᠣᠰ ᠱᠠᠲᠤᠨ ᠤ ᠪᠠ ᠬᠤᠰᠢᠭᠤ ᠰᠢᠶᠠᠨ | ᠲᠣᠭᠤᠷᠢᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ | ᠢᠯᠭᠠᠷᠠᠭᠤᠯᠤᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠳᠠᠭᠠᠭᠠᠴᠢᠯᠠᠯᠲᠠ ᠦᠨᠡᠯᠡᠬᠦ ᠲᠠᠯᠠᠪᠤᠷ ᠭᠠᠵᠠᠷ᠂ ᠴᠤᠪᠤᠷᠠᠯ᠂ ᠮᠡᠷᠭᠡᠵᠢᠯ ᠤᠨ ᠬᠠᠮᠢᠶᠠᠷᠤᠯᠲᠠ ᠶᠢᠨ | ᠪᠠᠷᠢᠮᠵᠢᠶᠠᠵᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠦᠨ᠎ᠡ᠃ | ᠨᠡᠭᠡᠭᠡᠯᠲᠡ ᠶᠢᠨ ︽ᠬᠠᠭᠠᠯᠭ᠎ᠠ︾ ᠶᠢ ᠤᠯᠠᠮ ᠠᠴᠠ ᠤᠯᠠᠮ ᠶᠡᠭᠡ ᠨᠡᠭᠡᠭᠡᠨ᠎ᠡ᠃ ︽ᠴᠢᠯᠦᠭᠡᠲᠦ ᠠᠷᠠᠯᠵᠢᠶᠠᠨ ᠤ | ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠨᠠᠶᠢᠳᠠᠪᠤᠷᠢᠵᠢᠭᠤᠯᠤᠨ᠂ ᠳᠤᠮᠳᠠᠳᠤ ᠤᠯᠤᠰ ︵ᠥᠪᠥᠷ | ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠠᠬᠢ ᠬᠥᠬᠡᠬᠤᠲᠠ ᠶᠢᠨ ᠭᠤᠣᠯ ᠣᠷᠣᠨ ᠢ | ᠪᠠᠶᠢᠭᠤᠯᠬᠤ ᠶᠢ ᠭᠤᠶᠤᠴᠢᠯᠠᠵᠤ᠂ ᠳᠦᠷᠢᠮ ᠤᠨ ᠬᠡᠯᠪᠡᠷᠢ ᠶᠢᠨ ᠨᠡᠭᠡᠭᠡᠯᠲᠡ ᠶᠢᠨ ᠬᠥᠲᠥᠯᠥᠨ ᠳᠠᠭᠠᠭᠤᠯᠬᠤ ᠣᠷᠣᠨ ᠢ | ᠡᠭᠦᠳᠦᠨ ᠪᠠᠶᠢᠭᠤᠯᠵᠤ᠂ ᠣᠷᠣᠰ ᠮᠣᠩᠭᠤᠯ ᠳᠤ ᠬᠠᠨᠳᠤᠭᠤᠯᠤᠭᠰᠠᠨ ᠪᠥᠬᠦ ᠲᠠᠯ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢᠨ ᠲᠠᠪᠴᠠᠩ ᠢ ᠪᠠᠶᠢᠭᠤᠯᠤᠨ᠎ᠠ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ | ᠲᠥᠪᠯᠡᠷᠡᠭᠦᠯᠵᠦ ᠲᠠᠷᠬᠠᠭᠠᠬᠤ ᠲᠥᠪ ᠢ ᠬᠤᠷᠳᠤᠯᠠᠨ ᠪᠠᠶᠢᠭᠤᠯᠵᠤ᠂ ᠳᠤᠮᠳᠠᠳᠤ ᠡᠸᠦ᠋ᠷᠦᠫᠡ᠂ ᠳᠤᠮᠳᠠᠳᠤ ᠠᠽᠢᠶ᠎ᠠ ᠶᠢᠨ | ᠵᠢᠰᠢᠶᠠᠨ ᠤ ᠭᠠᠯᠲᠤ ᠲᠡᠷᠭᠡ ᠶᠢ 100 ᠬᠦᠷᠭᠡᠬᠦ ᠪᠠᠷ ᠴᠢᠷᠮᠠᠶᠢᠨ᠎ᠠ︔ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ | ᠬᠢᠯᠢ ᠪᠠᠷ ᠣᠷᠣᠭᠤᠯᠬᠤ ᠬᠥᠯᠳᠡᠭᠦᠦ ᠰᠣᠷᠭᠤᠭ ᠤᠰᠤᠨ ᠭᠠᠷᠤᠯᠲᠠ ᠶᠢᠨ ᠲᠣᠭᠲᠠᠭᠰᠠᠨ ᠬᠢᠨᠠᠨ ᠬᠠᠮᠢᠶᠠᠷᠬᠤ | ᠲᠠᠯᠠᠪᠤᠷ ᠢ ᠰᠢᠯᠭᠠᠨ ᠠᠪᠴᠤ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢ | 100 ᠳ᠋ᠦᠩᠰᠢᠭᠤᠷ ᠲᠥᠭᠦᠷᠢᠭ ᠬᠦᠷᠭᠡᠬᠦ ᠪᠠᠷ ᠴᠢᠷᠮᠠᠶᠢᠨ᠎ᠠ᠃ ᠬᠥᠬᠡᠬᠤᠲᠠ ᠪᠤᠭᠤᠲᠤ ᠶᠢ ︽ᠨᠢᠭᠡ ᠬᠤᠲᠠᠴᠢᠯᠠᠬᠤ︾ | ᠶᠢ ᠮᠥᠨ ᠴᠢᠨᠠᠷ ᠤᠨ ᠠᠬᠢᠴᠠ ᠲᠠᠢ ᠪᠣᠯᠭᠠᠵᠤ᠂ ᠨᠠᠩ ᠣᠯᠠᠨ ᠣᠯᠠᠨ ᠲᠦᠮᠡᠨ ᠳᠤ ︽ᠬᠤᠶᠠᠷ ᠬᠤᠲᠠ ᠳᠤ ᠲᠥᠬᠦᠮ | ︾ ᠲᠥᠷᠥᠭᠳᠡᠯ ᠣᠯᠭᠤᠵᠤ᠂ ︽ᠬᠤᠶᠠᠷ ᠬᠤᠲᠠ ᠶᠢᠨ ᠪᠣᠳᠠᠲᠤ ᠠᠰᠢᠭ︾ ᠢ ᠬᠦᠷᠲᠡᠭᠡᠵᠦ᠂ ︽1+1>2︾ ᠤᠨ | ᠦᠷ᠎ᠡ ᠪᠦᠲᠦᠮᠵᠢ ᠶᠢ ᠦᠨᠡᠨᠬᠦ ᠪᠡᠶᠡᠯᠡᠭᠦᠯᠦᠨ᠎ᠡ᠃ ᠳᠡᠯᠡᠬᠡᠢ ᠶᠢᠨ ᠡᠪᠡᠰᠦᠨ ᠤ ᠦᠢᠯᠡᠰ ᠤᠨ ᠶᠡᠭᠡ ᠬᠤᠷᠠᠯ᠂ | ᠳᠡᠯᠡᠬᠡᠢ ᠶᠢᠨ ᠠᠮᠢᠲᠠᠨ ᠤ ᠸᠠᠺᠼᠢᠨ ᠤ ᠠᠵᠤ ᠦᠢᠯᠡᠰ ᠤᠨ ᠶᠡᠭᠡ ᠬᠤᠷᠠᠯ᠂ ᠣᠯᠠᠨ ᠤᠯᠤᠰ ᠤᠨ ᠢᠳᠡᠭᠡᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠬᠤᠯᠪᠣᠭ᠎ᠠ ᠶᠢᠨ ᠳᠡᠯᠡᠬᠡᠢ ᠶᠢᠨ ᠰᠦ ᠶᠢᠨ ᠦᠢᠯᠡᠰ ᠤᠨ ᠲᠦᠷᠦᠭᠦᠴᠦᠳ ᠤᠨ | ᠬᠤᠷᠠᠯ᠂ ᠳᠤᠮᠳᠠᠳᠤ ᠤᠯᠤᠰ ᠤᠨ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠶᠡᠭᠡ ᠬᠤᠷᠠᠯ ᠢ ᠡᠷᠬᠢᠯᠡᠨ᠎ᠡ᠃ | ᠮᠣᠩᠭᠤᠯ ᠤᠯᠤᠰ᠂ ᠣᠷᠣᠰ ᠵᠢᠴᠢ ᠠᠮᠧᠷᠢᠺᠠ ᠵᠡᠷᠭᠡ ᠤᠯᠤᠰ ᠤᠨ ᠨᠥᠬᠦᠷᠰᠡᠭ ᠬᠤᠲᠠ ᠯᠤᠭ᠎ᠠ ᠶᠢᠨ ᠶᠠᠪᠤᠯᠴᠠᠭ᠎ᠠ | ᠰᠣᠯᠢᠯᠴᠠᠭ᠎ᠠ ᠶᠢ ᠴᠢᠩᠭᠠᠳᠬᠠᠨ᠎ᠠ᠃ | ︵ᠬᠤᠶᠠᠷ︶ ᠰᠢᠳᠤ ᠪᠠᠨ ᠵᠠᠭᠤᠵᠤ᠂ ᠠᠵᠤ ᠦᠢᠯᠡᠳᠪᠦᠷᠢ ᠶᠢᠨ ᠲᠤᠯᠭᠠᠭᠤᠷ ᠢ ᠤᠷᠳᠤ ᠬᠤᠭᠤᠴᠠᠭ᠎ᠠ ᠪᠠᠷ | ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ | ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ | ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ 600 ᠳ᠋ᠦᠩᠰᠢᠭᠤᠷ ᠲᠥᠭᠦᠷᠢᠭ ᠬᠦᠷᠭᠡᠨ᠎ᠡ᠃ | ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠳᠤ ᠶᠧᠦ ᠷᠠᠨ ᠮᠠᠯ ᠠᠵᠤ ᠠᠬᠤᠢ ᠶᠢᠨ | ᠶᠡᠷᠦᠩᠬᠡᠢ ᠬᠡᠯᠲᠡᠰ᠂ ᠪᠢᠰᠢᠯᠠᠭ ᠤᠨ ᠬᠤᠶᠠᠳᠤᠭᠠᠷ ᠬᠤᠭᠤᠴᠠᠭ᠎ᠠ᠂ ᠳᠡᠭᠡᠳᠦ ᠲᠡᠰ ᠤᠨ ᠰᠢᠷᠠᠰᠤ ᠶᠢᠨ ᠳᠠᠪᠤᠰᠤ | ᠦᠭᠡᠶᠢᠳᠡᠭᠦᠯᠦᠭᠰᠡᠨ ᠲᠠᠯᠬ᠎ᠠ ᠶᠢᠨ ᠣᠶᠤᠨᠴᠢᠯᠠᠭᠰᠠᠨ ᠦᠢᠯᠡᠳᠪᠦᠷᠢᠯᠡᠯ ᠤᠨ ᠲᠦᠷᠦᠯ ᠵᠦᠢᠯ ᠢ ᠡᠬᠢᠯᠡᠨ ᠪᠠᠶᠢᠭᠤᠯᠤᠨ᠎ᠠ | ︔ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠳᠤ 5G ᠲᠣᠭᠠᠴᠢᠯᠠᠭᠰᠠᠨ ᠰᠦᠨ | ᠲᠠᠯᠬ᠎ᠠ ᠶᠢᠨ ᠦᠢᠯᠡᠳᠪᠦᠷᠢ᠂ ᠡᠳᠦᠷ ᠤᠨ ᠭᠠᠷᠤᠯᠲᠠ 500 ᠲᠣᠨ ᠤ ᠳᠣᠣᠷ᠎ᠠ ᠳᠤᠯᠠᠭᠠᠨ ᠤ ᠰᠦ ᠶᠢᠨ | ᠪᠦᠲᠦᠭᠡᠭᠳᠡᠬᠦᠨ ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ᠃ ︽ | ᠨᠢᠭᠡ ᠰᠢᠷᠬᠡᠭ ᠡᠪᠡᠰᠦ ᠠᠴᠠ ᠨᠢᠭᠡ ᠴᠣᠮᠣ ᠰᠦ ᠬᠦᠷᠲᠡᠯ᠎ᠡ᠂ ᠴᠢᠨᠠᠭᠰᠢ ᠨᠢᠭᠡ ᠬᠡᠰᠡᠭ ᠪᠢᠰᠢᠯᠠᠭ ᠬᠦᠷᠲᠡᠯ᠎ᠡ︾ ᠪᠥᠬᠦ | ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠪᠥᠬᠦ ᠤᠯᠤᠰ ᠤᠨ ᠰᠦ ᠶᠢᠨ ᠦᠢᠯᠡᠰ ᠤᠨ ᠠᠷᠠᠯᠵᠢᠶᠠᠨ ᠤ | ᠲᠥᠪ ᠢ ᠬᠤᠷᠳᠤᠯᠠᠨ ᠪᠠᠶᠢᠭᠤᠯᠵᠤ᠂ ᠰᠦ ᠶᠢᠨ ᠪᠦᠲᠦᠭᠡᠭᠳᠡᠬᠦᠨ ᠤ ᠳᠡᠯᠡᠬᠡᠢ ᠶᠢᠨ ᠲᠡᠷᠢᠭᠦᠨ ᠤ ᠦᠢᠯᠡᠳᠬᠦ | ᠦᠢᠯᠡᠰ ᠤᠨ ᠪᠥᠭᠡᠮᠨᠡᠷᠡᠯ ᠢ ᠪᠣᠶᠢᠵᠢᠭᠤᠯᠤᠨ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢ ᠨᠠᠩ ᠶᠡᠭᠡ | ᠨᠥᠯᠥᠭᠡᠯᠡᠬᠦ ᠬᠦᠴᠦᠨ ᠲᠠᠢ ᠪᠣᠯᠭᠠᠨ᠎ᠠ᠃ ᠦᠴᠦᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ᠂ ᠴᠢᠩ ᠱᠦᠢ ᠾᠧ ᠰᠢᠶᠠᠨ ᠤ | ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠧᠩ ᠳ᠋ᠡ ᠢᠳᠡᠭᠡᠨ ᠤ ᠭᠤᠷᠪᠠᠳᠤᠭᠠᠷ | ᠬᠤᠭᠤᠴᠠᠭᠠᠨ ᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠰᠢ ᠪᠧᠢ ᠵᠢᠶᠠ ᠭᠦᠸᠧ ᠯᠦᠩ | ᠺᠦᠩᠹᠦ᠋ ᠢᠳᠡᠰᠢᠨ ᠨᠣᠭᠤᠭ᠎ᠠ ᠶᠢᠨ ᠬᠡᠲᠦ ᠲᠥᠪ ᠤᠨ ᠲᠣᠭᠤᠭᠠᠨ ᠭᠡᠷ ᠤᠨ ᠲᠥᠷᠥᠯ ᠵᠦᠢᠯ ᠢ ᠪᠦᠲᠦᠭᠡᠨ | ᠪᠠᠶᠢᠭᠤᠯᠤᠨ᠎ᠠ᠃ | ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠤᠨ ᠡᠵᠡᠩᠨᠡᠯᠲᠡ ᠶᠢᠨ | ᠣᠷᠣᠯᠭ᠎ᠠ ᠶᠢ 500 ᠳ᠋ᠦᠩᠰᠢᠭᠤᠷ ᠲᠥᠭᠦᠷᠢᠭ ᠬᠦᠷᠭᠡᠨ᠎ᠡ᠃ ᠳᠤᠮᠳᠠᠳᠤ ᠤᠯᠤᠰ ᠤᠨ ᠪᠠᠩᠬᠢ ᠶᠢᠨ ᠲᠤᠭ᠎ᠠ | ᠪᠠᠷᠢᠮᠲᠠ ᠶᠢᠨ ᠲᠥᠪ᠂ ᠲᠠᠷᠢᠶᠠᠯᠠᠩ ᠤᠨ ᠪᠠᠩᠬᠢ ᠶᠢᠨ ᠲᠤᠭ᠎ᠠ ᠪᠠᠷᠢᠮᠲᠠ ᠶᠢᠨ ᠲᠥᠪ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠲᠤᠰᠬᠠᠢ ᠰᠦᠯᠵᠢᠶ᠎ᠡ᠂ ᠬᠤᠷᠢᠨᠭᠡᠷ ᠰᠢᠨ᠎ᠡ ᠲᠣᠭᠤᠷᠢᠭ ᠤᠨ ᠪᠣᠳᠣᠯᠭ᠎ᠠ ᠶᠢᠨ ᠬᠦᠴᠦᠨ ᠤ ᠡᠬᠢ | ᠪᠠᠶᠠᠯᠢᠭ ᠢ ᠬᠢᠨᠠᠨ ᠬᠡᠮᠵᠢᠬᠦ ᠪᠠ ᠲᠣᠬᠢᠷᠠᠭᠤᠯᠬᠤ ᠲᠤᠷᠰᠢᠯᠲᠠ ᠶᠢᠨ ᠲᠠᠪᠴᠠᠩ᠂ ᠥᠪᠡᠷᠲᠡᠭᠡᠨ ᠵᠠᠰᠠᠬᠤ ᠣᠷᠣᠨ ᠤ | ᠲᠤᠭ᠎ᠠ ᠪᠠᠷᠢᠮᠲᠠ ᠶᠢᠨ ᠠᠷᠠᠯᠵᠢᠶᠠᠨ ᠤ ᠲᠥᠪ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠤᠨ᠎ᠠ︔ ᠬᠤᠸᠠ ᠸᠧᠢ ᠡᠭᠦᠯᠡᠨ ᠤ ᠬᠤᠷᠢᠨᠭᠡᠷ ᠲᠠᠬᠢ ᠲᠤᠭ᠎ᠠ ᠪᠠᠷᠢᠮᠲᠠ ᠶᠢᠨ ᠲᠥᠪ᠂ ᠳᠤᠮᠳᠠᠳᠤ | ᠤᠯᠤᠰ ᠤᠨ ᠰᠢᠯᠵᠢᠮᠡᠯ ᠬᠤᠯᠪᠣᠭᠠᠨ ᠤ ᠣᠶᠣᠨᠴᠢ ᠪᠣᠳᠣᠯᠭ᠎ᠠ ᠶᠢᠨ ᠲᠥᠪ᠂ ᠵᠡᠷᠭᠡᠴᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠪᠣᠳᠣᠯᠭ᠎ᠠ ᠶᠢᠨ ᠬᠦᠴᠦᠨ ᠤ ᠰᠠᠭᠤᠷᠢᠨ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ | ᠲᠦᠷᠭᠡᠳᠬᠡᠨ᠎ᠡ︔ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ᠂ | ᠠᠷᠠᠳ ᠤᠨ ᠳᠠᠭᠠᠳᠬᠠᠯ ᠤᠨ ᠪᠦᠯᠦᠭᠯᠡᠯ ᠵᠡᠷᠭᠡ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠢ ᠡᠬᠢᠯᠡᠭᠦᠯᠦᠨ | ᠪᠦᠲᠦᠭᠡᠨ ᠪᠠᠶᠢᠭᠤᠯᠵᠤ᠂ ᠪᠧᠢ ᠵᠢᠶᠠᠩ ᠲᠤᠭ᠎ᠠ ᠪᠠᠷᠢᠮᠲᠠ ᠶᠢᠨ ᠬᠥᠨᠳᠡᠢ ᠶᠢᠨ ᠲᠣᠭᠠᠴᠢᠯᠠᠭᠰᠠᠨ ᠠᠵᠤ ᠠᠬᠤᠢ ᠶᠢᠨ | ᠠᠵᠤ ᠦᠢᠯᠡᠰ ᠤᠨ ᠬᠦᠷᠢᠶᠡᠯᠡᠩ᠂ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠠᠮᠠᠯ ᠴᠠᠬᠢᠯᠭᠠᠨ | ᠬᠡᠯᠬᠢᠶ᠎ᠡ ᠶᠢᠨ ᠠᠵᠤ ᠦᠢᠯᠡᠰ ᠤᠨ ᠬᠦᠷᠢᠶᠡᠯᠡᠩ ᠵᠢᠴᠢ ᠯᠧ ᠰᠢᠶᠦ᠋ᠨ ᠦᠢᠯᠡᠴᠢᠯᠡᠭᠦᠷ ᠦᠢᠯᠡᠳᠬᠦ ᠵᠡᠷᠭᠡ ᠲᠥᠷᠥᠯ | ᠵᠦᠢᠯ ᠢ ᠣᠷᠣᠭᠤᠯᠤᠨ ᠠᠪᠴᠢᠷᠠᠨ᠎ᠠ︔ ᠪᠠᠢ ᠳ᠋ᠦ᠋᠂ ᠲᠢᠺ ᠲᠣᠺ ᠵᠡᠷᠭᠡ ᠲᠤᠭ᠎ᠠ ᠪᠠᠷᠢᠮᠲᠠ ᠳᠤ ᠵᠡᠭᠦᠯᠲᠡ ᠬᠠᠳᠠᠬᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ | ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ | ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠪᠥᠭᠡᠮᠨᠡᠷᠡᠯ ᠤᠨ ᠦᠢᠯᠡᠳᠬᠦᠨ ᠤ ᠥᠷᠲᠡᠭ ᠢ 800 ᠳ᠋ᠦᠩᠰᠢᠭᠤᠷ ᠲᠥᠭᠦᠷᠢᠭ ᠬᠦᠷᠭᠡᠨ᠎ᠡ᠃ ᠠᠲ᠋ᠧᠰ ᠬᠡᠷᠡᠯ | ᠴᠡᠨᠡᠭ ᠤᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ᠂ ᠱᠤᠸᠠᠩ ᠵᠢᠶᠧ ᠴᠠᠬᠢᠯᠭᠠᠨ | ᠬᠦᠴᠦᠨ ᠤ ᠲᠣᠨᠤᠭ ᠲᠥᠬᠦᠭᠡᠷᠦᠮᠵᠢ ᠦᠢᠯᠡᠳᠬᠦ᠂ ᠲᠢᠶᠠᠨ ᠬᠤᠸ ᠶᠢᠨ 60 ᠲᠦᠮᠡᠨ ᠲᠣᠨ ᠤ ᠰᠢᠯᠥᠨ ᠰᠢᠷᠬᠡᠭ ᠤᠨ | ᠨᠢᠭᠡᠳᠦᠭᠡᠷ ᠬᠤᠭᠤᠴᠠᠭ᠎ᠠ᠂ ᠰᠢᠨ ᠬᠤᠸᠠ ᠶᠢᠨ 1 ᠲᠦᠮᠡᠨ ᠲᠣᠨ ᠡᠯᠧᠺᠲᠷᠣᠨ ᠲᠠᠰ ᠤᠨ ᠣᠯᠠᠨ ᠲᠠᠯᠠᠰᠲᠤ | ᠴᠠᠬᠢᠭᠤᠷ᠂ ᠵᠦᠩ ᠯᠢ ᠶᠢᠨ ᠭᠤᠷᠪᠠᠳᠤᠭᠠᠷ ᠬᠤᠭᠤᠴᠠᠭ᠎ᠠ᠂ ᠱᠧᠩ ᠹᠠᠨ ᠤ ᠳᠥᠷᠪᠡᠳᠦᠭᠡᠷ ᠬᠤᠭᠤᠴᠠᠭ᠎ᠠ᠂ ᠭᠦᠸᠧ | ᠵᠢᠶᠠ ᠶᠢᠨ ᠨᠠᠨᠤ᠋ ᠪᠢᠯᠢᠭ ᠲᠤᠶᠢᠯ ᠤᠨ ᠮᠠᠲ᠋ᠧᠷᠢᠶᠠᠯ ᠤᠨ ᠨᠢᠭᠡᠳᠦᠭᠡᠷ ᠬᠤᠭᠤᠴᠠᠭ᠎ᠠ᠂ ᠹᠦ᠋ ᠮᠢᠩ ᠣᠶᠤᠨᠴᠢ ᠦᠢᠯᠡᠳᠬᠦ | ᠨᠢᠭᠡᠳᠦᠭᠡᠷ ᠬᠤᠭᠤᠴᠠᠭ᠎ᠠ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ ᠰᠠᠢ ᠱᠧᠩ | ᠣᠨ ᠤ ᠭᠠᠷᠤᠯᠲᠠ 800 ᠲᠣᠨ ᠤ ᠡᠯᠧᠺᠲᠷᠣᠨ ᠲᠠᠰ ᠤᠨ ᠨᠡᠭᠦᠷᠡᠰᠦᠲᠥ᠋ᠷᠥᠭᠴᠢᠲᠦ ᠴᠠᠬᠢᠭᠤᠷ ᠵᠢᠴᠢ ᠴᠠᠬᠢᠭᠤᠷ ᠤᠨ | ᠮᠠᠲ᠋ᠧᠷᠢᠶᠠᠯ ᠦᠢᠯᠡᠳᠪᠦᠷᠢᠯᠡᠬᠦ ᠪᠥᠬᠦ ᠠᠵᠤ ᠦᠢᠯᠡᠰ ᠤᠨ ᠬᠡᠯᠬᠢᠶ᠎ᠡ᠂ ᠭᠠᠨ ᠹᠧᠩ ᠯᠢᠲ᠋ᠢ ᠳ᠋ᠢᠶᠠᠨ ᡂᠢ᠂ ᠶᠤᠸᠠᠨ ᠰᠤ᠋ | ᠮᠧᠩ ᠲᠠᠢ ᠣᠶᠤᠨᠲᠤ ᠤᠰᠤᠲᠥ᠋ᠷᠥᠭᠴᠢ ᠴᠠᠬᠢᠯᠭᠠᠨ ᠤ ᠬᠤᠳᠠᠯᠳᠤᠭᠠᠨ ᠳᠤ ᠬᠡᠷᠡᠭᠯᠡᠬᠦ ᠲᠡᠷᠭᠡ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠠᠲ᠋ᠧᠰ ᠬᠡᠷᠡᠯ ᠴᠡᠨᠡᠭ ᠤᠨ ᠠᠵᠤ ᠦᠢᠯᠡᠰ ᠤᠨ | ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠵᠦᠩ ᠬᠤᠸᠠᠨ ᠤ 20GW ᠬᠡᠷᠡᠯ ᠴᠡᠨᠡᠭ ᠤᠨ ᠳᠠᠪᠬᠤᠴᠠᠮᠠᠯ | ᠲᠣᠨᠣᠭᠯᠠᠭᠠᠰᠤ᠂ ᠬᠤᠸᠠ ᠶᠣᠣ ᠶᠢᠨ 10GW ᠬᠡᠷᠡᠯ ᠴᠡᠨᠡᠭ ᠤᠨ N ᠬᠡᠯᠪᠡᠷᠢ ᠶᠢᠨ ᠳ᠋ᠢᠶᠠᠨ ᡂᠢ ᠶᠢᠨ ᠢᠯᠲᠠᠰᠤ᠂ | ᠵᠦᠩ ᠺᠧ ᠱᠢ ᠵᠢᠢ ᠯᠢᠶᠠᠨ ᠯᠢᠤᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠵᠥᠩ ᠰᠢᠨ ᠹᠦ᠋ | ᠱᠧᠩ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠡᠬᠢᠯᠡᠭᠦᠯᠦᠨ | ᠪᠦᠲᠦᠭᠡᠨ ᠪᠠᠶᠢᠭᠤᠯᠵᠤ᠂ ᠴᠠᠬᠢᠭᠤᠷ ᠤᠨ ᠮᠠᠲ᠋ᠧᠷᠢᠶᠠᠯ ᠢ ᠬᠡᠷᠴᠢᠬᠦ᠂ ᠤᠬᠢᠶᠠᠵᠤ ᠴᠡᠪᠡᠷᠯᠡᠬᠦ᠂ ᠴᠢᠫ ᠦᠢᠯᠡᠳᠬᠦ ᠵᠡᠷᠭᠡ | ᠳᠡᠭᠡᠳᠦ ᠳᠣᠣᠷᠠᠳᠤ ᠤᠷᠤᠰᠬᠠᠯ ᠲᠡᠶᠢᠰᠢ ᠤᠷᠲᠤᠳᠬᠠᠨ᠎ᠠ᠃ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ | 200 ᠳ᠋ᠦᠩᠰᠢᠭᠤᠷ ᠲᠥᠭᠦᠷᠢᠭ ᠬᠦᠷᠭᠡᠨ᠎ᠡ᠃ ᠢ ᠳ᠋ᠥᠸᠧ ᠯᠢ ᠠᠮᠢᠳᠤ ᠪᠣᠳᠠᠰ ᠤᠨ ᠢᠰᠬᠡᠭᠦᠷ ᠤᠨ ᠨᠠᠶᠢᠷᠠᠯᠭ᠎ᠠ᠂ | ᠤᠤ ᠫᠦ᠋ ᠰᠠᠢ ᠠᠮᠢᠲᠠᠨ ᠤ ᠴᠢᠰᠤᠨ ᠤ ᠴᠠᠶᠢᠪᠠᠩ ᠢ ᠪᠣᠶᠢᠵᠢᠭᠤᠯᠵᠤ ᠰᠤᠳᠤᠯᠤᠨ ᠨᠡᠭᠡᠭᠡᠬᠦ ᠵᠡᠷᠭᠡ ᠲᠦᠷᠦᠯ ᠵᠦᠢᠯ ᠢ | ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ ᠴᠠᠩ ᠱᠧᠩ ᠳᠡᠭᠡᠳᠦ ᠲᠠᠰ ᠤᠨ ᠨᠠᠶᠢᠷᠠᠯᠲᠠ᠂ ᠶᠢᠨ ᠳ᠋ᠠ | ᠸᠧᠢ ᠶᠢᠨ ᠭᠤᠷᠪᠠᠳᠤᠭᠠᠷ ᠬᠤᠭᠤᠴᠠᠭ᠎ᠠ᠂ ᠱᠤᠸᠠᠩ ᠴᠢ ᠡᠮ ᠤᠨ ᠦᠢᠯᠡᠰ ᠤᠨ ᠠᠮᠢᠳᠤ ᠪᠣᠳᠠᠰ ᠤᠨ ᠣᠶᠤᠨᠴᠢ | ᠦᠢᠯᠡᠳᠬᠦ ᠠᠵᠤ ᠦᠢᠯᠡᠰ ᠤᠨ ᠬᠦᠷᠢᠶᠡᠯᠡᠩ᠂ ᠫᠦ᠋ ᠽᠧ ᠠᠮᠢᠳᠤ ᠪᠣᠳᠠᠰ ᠤᠨ ᠠᠰᠢᠭᠲᠤ ᠪᠠᠺᠲ᠋ᠧᠷᠢ ᠶᠢᠨ ᠠᠵᠤ | ᠦᠢᠯᠡᠰ ᠤᠨ ᠬᠦᠷᠢᠶᠡᠯᠡᠩ᠂ ᠰᠢᠨ ᠾᠧ ᠰᠢᠨ ᠠᠮᠢᠳᠤ ᠪᠣᠳᠠᠰ ᠤᠨ ᠠᠵᠤ ᠦᠢᠯᠡᠰ ᠤᠨ ᠰᠠᠭᠤᠷᠢᠨ ᠭᠠᠵᠠᠷ᠂ ᠬᠤᠸᠠ | ᠷᠦᠨ ᠱᠤᠸᠠᠩ ᠾᠧ ᠠᠮᠢᠳᠤ ᠪᠣᠳᠠᠰ ᠤᠨ ᠠᠵᠤ ᠦᠢᠯᠡᠰ ᠤᠨ ᠰᠠᠭᠤᠷᠢᠨ ᠭᠠᠵᠠᠷ᠂ ᠨᠥᠸᠧ ᠪᠠᠩ ᠠᠮᠢᠳᠤ | ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ | ᠺᠧ ᠲᠦᠸᠧ ᠢᠳᠡᠭᠡᠨ ᠤ ᠠᠰᠢᠭᠲᠤ ᠪᠠᠺᠲ᠋ᠧᠷᠢ᠂ ᠶᠢᠨ ᠢᠦᠢ ᠠᠮᠢᠳᠤ ᠪᠣᠳᠠᠰ ᠤᠨ mRNA ᠸᠠᠺᠼᠢᠨ ᠵᠢᠴᠢ | ᠪᠥᠭᠡᠮ ᠬᠦᠴᠢᠯ ᠤᠨ ᠡᠮ ᠢ ᠣᠶᠤᠨᠴᠢᠯᠠᠨ ᠦᠢᠯᠡᠳᠬᠦ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ | ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠥᠨᠳᠥᠷ ᠨᠡᠮᠡᠯᠲᠡ ᠥᠷᠲᠡᠭᠲᠦ ᠪᠡᠯᠡᠨ ᠡᠮ᠂ | ᠨᠠᠶᠢᠷᠠᠯᠲᠠ᠂ ᠶᠡᠭᠡ ᠡᠷᠡᠭᠦᠯ ᠮᠡᠨᠳᠦ ᠲᠡᠶᠢᠰᠢ ᠥᠷᠭᠡᠳᠬᠦ ᠶᠢ ᠲᠦᠷᠭᠡᠳᠬᠡᠨ᠎ᠡ᠃ | ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ | 700 ᠳ᠋ᠦᠩᠰᠢᠭᠤᠷ ᠲᠥᠭᠦᠷᠢᠭ ᠬᠦᠷᠭᠡᠨ᠎ᠡ᠃ ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ ᠤᠨ ᠪᠥᠭᠡᠮᠨᠡᠷᠡᠯ ᠤᠨ | ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢᠨ ᠵᠢᠱᠢᠶ᠎ᠡ ᠦᠵᠡᠭᠦᠯᠬᠦ ᠢᠨᠵᠧᠨᠧᠷᠢᠩ᠂ ᠳᠤᠮᠳᠠᠳᠤ ᠤᠯᠤᠰ ᠤᠨ | ᠴᠠᠬᠢᠯᠭᠠᠨ ᠬᠦᠴᠦᠨ ᠤ ᠡᠨᠧᠷᠬᠢ ᠬᠠᠳᠠᠭᠠᠯᠠᠬᠤ ᠺᠣᠮᠫᠠᠨᠢ ᠶᠢᠨ ᠬᠠᠮᠲᠤ ᠪᠠᠷ ᠡᠳ᠋ᠯᠡᠬᠦ ᠡᠨᠧᠷᠭᠢ ᠬᠠᠳᠠᠭᠠᠯᠠᠬᠤ ᠲᠤᠰᠠᠭᠠᠷ | ᠴᠠᠬᠢᠯᠭᠠᠨ ᠥᠷᠲᠡᠭᠡ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ ᠵᠢᠨᠱᠠᠨ | ᠴᠠᠬᠢᠯᠭᠠᠨ ᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ ᠶᠢ ᠲᠦᠷᠭᠡᠳᠬᠡᠨ ᠪᠠᠶᠢᠭᠤᠯᠤᠨ᠎ᠠ︔ ᠬᠥᠬᠡᠬᠤᠲᠠ ᠶᠢᠨ | ᠤᠰᠤ ᠲᠠᠲᠠᠵᠤ ᠡᠨᠧᠷᠭᠢ ᠬᠠᠳᠠᠭᠠᠯᠠᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠢ ᠡᠬᠢᠯᠡᠭᠦᠯᠦᠨ᠎ᠡ︔ | ᠵᠥᠩ ᠬᠤᠸᠠᠨ ᠠᠵᠤ ᠦᠢᠯᠡᠰ ᠤᠨ ᠬᠤᠲᠠ ᠶᠢᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠰᠢᠨ᠎ᠡ ᠡᠨᠧᠷᠭᠢ ᠪᠠᠷ | ᠴᠠᠬᠢᠯᠭᠠᠨ ᠭᠠᠷᠭᠠᠬᠤ᠂ ᠳ᠋ᠠ ᠲᠠᠩ ᠬᠥᠬᠡᠬᠤᠲᠠ ᠶᠢᠨ ᠬᠥᠩᠭᠡᠨᠴᠠᠭᠠᠨ ᠴᠠᠬᠢᠯᠭᠠᠨ ᠲᠦᠯᠡᠰᠢᠨ ᠨᠡᠭᠦᠷᠡᠰᠦ ᠶᠢᠨ | ᠥᠪᠡᠷᠲᠡᠭᠡᠨ ᠬᠡᠷᠡᠭᠯᠡᠬᠦ ᠴᠠᠬᠢᠯᠭᠠᠨ ᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠪᠠᠷ ᠣᠷᠣᠯᠠᠭᠤᠯᠬᠤ | ᠪᠠᠷᠢᠯᠭ᠎ᠠ᠂ ᠦᠴᠦᠸᠠᠨ ᠤ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ᠂ ᠬᠤᠸᠠ ᠱᠥᠸᠧ ᠡᠨᠧᠷᠭᠢ ᠶᠢ ᠬᠠᠲᠠᠭᠤ | ᠲᠥᠯᠥᠪᠲᠦ ᠤᠰᠤᠲᠥ᠋ᠷᠥᠭᠴᠢ ᠪᠣᠯᠭᠠᠨ ᠬᠠᠳᠠᠭᠠᠯᠠᠬᠤ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ | ᠂ ᠪᠣᠬᠢᠷᠲᠤᠯ ᠦᠭᠡᠢ ᠴᠠᠬᠢᠯᠭᠠᠨ ᠢ ᠰᠢᠩᠭᠡᠬᠡᠨ ᠠᠪᠴᠤ ᠠᠰᠢᠭᠯᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ | ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ | ᠥᠷᠲᠡᠭ ᠢ 500 ᠳ᠋ᠦᠩᠰᠢᠭᠤᠷ ᠲᠥᠭᠦᠷᠢᠭ ᠬᠦᠷᠭᠡᠨ᠎ᠡ᠃ ᠰᠠᠨ ᠯᠢᠶᠠᠨ ᠬᠢᠮᠢ ᠶᠢᠨ ᠠᠵᠤ ᠦᠢᠯᠡᠳᠪᠦᠷᠢ ᠶᠢᠨ | ᠴᠠᠬᠢᠯᠠᠭᠤᠷ ᠴᠢᠯᠠᠭᠤᠨ ᠵᠤᠤᠬ᠎ᠠ ᠶᠢ ᠨᠡᠭᠦᠯᠭᠡᠬᠦ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ | ᠳᠤᠮᠳᠠᠳᠤ ᠤᠯᠤᠰ ᠤᠨ ᠣᠩᠭᠤᠴᠠᠨ ᠤ ᠣᠨᠴᠠ ᠲᠥᠷᠥᠯ ᠤᠨ ᠬᠡᠢ ᠪᠡᠶᠡᠲᠦ᠂ ᠵᠢᠦ ᠲᠠᠢ ᠶᠢᠨ 30 ᠲᠦᠮᠡᠨ ᠲᠣᠨ ᠤ | ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠦᠷᠢᠯᠡᠬᠦ ᠶᠢ ᠨᠢᠭᠡ ᠴᠣᠭᠴᠠᠵᠢᠭᠤᠯᠬᠤ᠂ ᠰᠢᠦᠢ ᠶᠠᠩ ᠤᠨ | ᠨᠡᠭᠦᠷᠡᠰᠦᠲᠥ᠋ᠷᠥᠭᠴᠢ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢ | ᠨᠢᠭᠡ ᠴᠣᠭᠴᠠᠵᠢᠭᠤᠯᠬᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠳᠠᠬᠢ ᠴᠢᠯᠠᠭᠤᠨ ᠲᠣᠰᠣᠨ ᠤ | ᠬᠢᠮᠢ ᠶᠢᠨ ᠠᠵᠤ ᠦᠢᠯᠡᠳᠪᠦᠷᠢ ᠶᠢᠨ ᠪᠥᠭᠡᠭᠡᠨᠡᠷᠡᠯ ᠮᠧᠲ᠋ᠠᠨᠠᠯ ᠢ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ ᠲᠥᠷᠥᠯ | ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ | ᠢᠷᠡᠭᠡᠳᠦᠢ ᠶᠢᠨ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠡᠵᠡᠯᠡᠨ ᠠᠪᠤᠨ᠎ᠠ᠃ ︽ | ᠲᠠᠪᠤᠨ ᠶᠡᠭᠡ ᠬᠦᠷᠢᠶ᠎ᠡ ᠴᠠᠷᠠᠭ᠎ᠠ︾ ᠶᠢᠨ ᠰᠢᠪᠲᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠢᠷᠡᠭᠡᠳᠦᠢ ᠶᠢᠨ | ᠮᠡᠳᠡᠭᠡ ᠵᠠᠩᠭᠢ ᠶᠢᠨ ᠠᠵᠤ ᠦᠢᠯᠡᠰ ᠲᠤ ᠵᠣᠬᠢᠶᠠᠮᠠᠯ ᠤᠶᠤᠨ᠂ ᠬᠥᠮᠥᠨ ᠳᠦᠷᠰᠦ ᠲᠠᠢ ᠮᠠᠰᠢᠨ ᠬᠥᠮᠥᠨ᠂ ᠴᠣᠮ | ᠣᠷᠴᠢᠯᠠᠩ ᠵᠡᠷᠭᠡ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠵᠦ᠂ ᠭᠤᠸᠠᠩ ᠬᠤᠸᠠᠨ ᠰᠢᠨ᠎ᠡ | ᠰᠦᠯᠵᠢᠶ᠎ᠡ᠂ ᠳᠤᠮᠳᠠᠳᠤ ᠤᠯᠤᠰ ᠤᠨ ᠴᠢᠮᠡᠭᠡ ᠬᠤᠯᠪᠣᠭᠠᠨ ᠤ ᠦᠢᠯᠡᠴᠢᠯᠡᠭᠡᠨ ᠤ ᠲᠣᠭᠠᠴᠢᠯᠠᠭᠰᠠᠨ ᠢᠬᠡᠷ᠎ᠡ᠂ ᠳ᠋ᠦᠩ | ᠹᠠᠩ ᠭᠡᠳᠤ ᠪᠣᠳᠣᠯᠭ᠎ᠠ ᠶᠢᠨ AI ᠪᠣᠳᠣᠯᠭ᠎ᠠ ᠶᠢᠨ ᠬᠦᠴᠦᠨ ᠵᠡᠷᠭᠡ ᠲᠦᠷᠦᠯ ᠵᠦᠢᠯ ᠢ ᠭᠤᠣᠯᠳᠠᠯᠭ᠎ᠠ ᠲᠠᠢ | ᠬᠡᠷᠡᠭᠵᠢᠭᠦᠯᠦᠨ᠎ᠡ᠃ ᠢᠷᠡᠭᠡᠳᠦᠢ ᠶᠢᠨ ᠣᠭᠲᠠᠷᠭᠤᠢ ᠶᠢᠨ ᠠᠵᠤ ᠦᠢᠯᠡᠰ ᠲᠤ ᠤᠯᠤᠰ ᠤᠨ ᠲᠡᠰ ᠤᠨ ᠰᠠᠨᠰᠠᠷ ᠤᠨ | ᠠᠶᠠᠯᠠᠯ ᠤᠨ ᠨᠡᠭᠡᠭᠡᠯᠲᠡ ᠶᠢᠨ ᠲᠣᠭᠤᠷᠢᠭ ᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠬᠤᠳᠠᠯᠳᠤᠭᠠᠨ ᠤ ᠰᠠᠨᠰᠠᠷ ᠤᠨ | ᠠᠶᠠᠯᠠᠯ᠂ ᠳᠣᠣᠷ᠎ᠠ ᠠᠭᠠᠷ ᠤᠨ ᠠᠵᠤ ᠠᠬᠤᠢ᠂ ᠲᠣᠭᠠᠴᠢᠯᠠᠭᠰᠠᠨ ᠳᠣᠣᠷ᠎ᠠ ᠠᠭᠠᠷ᠂ ᠠᠭᠠᠷ ᠤᠨ ᠠᠶᠠᠯᠠᠯ ᠤᠨ | ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠭᠥᠸᠧ ᠳ᠋ᠢᠶᠠᠨ ᠭᠤᠤ ᠺᠧ᠂ ᠵᠦᠩ ᠺᠧ | ᠰᠢᠩ ᠲᠤ᠂ ᠱᠧᠩ ᠾᠧ ᠰᠢᠨ᠂ ᠲᠢᠶᠠᠨ ᠵᠢᠢ ᠪᠧᠢ ᠳ᠋ᠧᠦ ᠵᠡᠷᠭᠡ ᠬᠡᠷᠡᠭᠯᠡᠯᠲᠡ ᠶᠢᠨ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠸᠧᠢ ᠵᠢᠶᠠ ᠵᠢᠯᠣᠭᠤᠴᠢ ᠦᠭᠡᠢ ᠨᠢᠰᠬᠡᠯ ᠤᠨ ᠣᠶᠤᠨᠴᠢ ᠦᠢᠯᠡᠳᠬᠦ ᠲᠦᠷᠦᠯ | ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠤᠯᠤᠰ ᠤᠨ ᠲᠡᠰ ᠤᠨ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠤᠨ᠎ᠠ᠃ ᠢᠷᠡᠭᠡᠳᠦᠢ ᠶᠢᠨ | ᠮᠠᠲ᠋ᠧᠷᠢᠶᠠᠯ ᠤᠨ ᠠᠵᠤ ᠦᠢᠯᠡᠰ ᠲᠤ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠮᠠᠲ᠋ᠧᠷᠢᠶᠠᠯ᠂ ᠰᠢᠨ᠎ᠡ | ᠡᠨᠧᠷᠭᠢ ᠶᠢᠨ ᠮᠠᠲ᠋ᠧᠷᠢᠶᠠᠯ᠂ ᠪᠠᠯ ᠴᠢᠯᠠᠭᠤᠨ ᠠᠯᠺᠧᠨ ᠤ ᠮᠠᠲ᠋ᠧᠷᠢᠶᠠᠯ ᠵᠡᠷᠭᠡ ᠠᠵᠤ ᠦᠢᠯᠡᠰ ᠢ ᠲᠦᠷᠭᠡᠳᠬᠡᠨ | ᠬᠥᠭᠵᠢᠭᠦᠯᠵᠦ᠂ ︽3060︾ ᠬᠡᠲᠦ ᠲᠠᠰ ᠤᠨ ᠴᠠᠬᠢᠯᠭᠠᠨ ᠪᠠᠭᠲᠠᠮᠵᠢ ᠵᠢᠴᠢ ᠵᠥᠭᠡᠯᠡᠨ ᠨᠡᠭᠦᠷᠡᠰᠦᠲᠥ᠋ᠷᠥᠭᠴᠢ ᠶᠢᠨ | ᠮᠠᠲ᠋ᠧᠷᠢᠶᠠᠯ᠂ ᠰᠢᠶᠠᠮᠧᠨ ᠤ ᠭᠤᠸᠠᠩ ᠫᠦ᠋ ᠰᠢᠨ᠎ᠡ ᠬᠡᠯᠪᠡᠷᠢ ᠶᠢᠨ ᠲᠣᠮᠣ ᠮᠣᠯᠧᠺᠦ᠋ᠯᠲᠦ ᠲᠡᠮᠦᠷᠯᠢᠭ ᠤᠨ ᠨᠡᠶᠢᠯᠡᠮᠡᠯ | ᠮᠠᠲ᠋ᠧᠷᠢᠶᠠᠯ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠢᠷᠡᠭᠡᠳᠦᠢ ᠶᠢᠨ ᠡᠷᠡᠭᠦᠯ ᠮᠡᠨᠳᠦ ᠶᠢᠨ | ᠠᠵᠤ ᠦᠢᠯᠡᠰ ᠲᠤ ᠠᠮᠢᠳᠤ ᠪᠣᠳᠠᠰ ᠤᠨ ᠢᠨᠵᠧᠨᠧᠷᠢᠩ᠂ ᠠᠮᠢᠳᠤ ᠪᠣᠳᠠᠰ ᠤᠨ ᠸᠠᠺᠼᠢᠨ ᠤ ᠳᠡᠭᠡᠳᠦ ᠲᠠᠰ ᠤᠨ | ᠬᠥᠭᠵᠢᠯᠲᠡ ᠶᠢ ᠶᠡᠭᠡ ᠪᠠᠷ ᠲᠦᠯᠬᠢᠨ ᠠᠬᠢᠭᠤᠯᠵᠤ᠂ ᠬᠠᠢ ᠲᠢᠶᠠᠨ ᠣᠶᠣᠨᠲᠤ ᠲᠠᠷᠢᠬᠢ ᠮᠠᠰᠢᠨ ᠤ ᠵᠠᠯᠭᠠᠭᠤᠷ᠂ | ᠬᠤᠸᠠ ᠢᠦᠢ ᠰᠤᠷᠪᠤᠯᠵᠢᠲᠤ ᠡᠰ ᠤᠨ ᠠᠮᠢᠳᠤ ᠪᠣᠳᠠᠰ ᠤᠨ ᠮᠡᠷᠭᠡᠵᠢᠯ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ | ᠬᠡᠷᠡᠭᠵᠢᠭᠦᠯᠦᠨ᠎ᠡ᠃ ᠢᠷᠡᠭᠡᠳᠦᠢ ᠶᠢᠨ ᠡᠨᠧᠷᠭᠢ ᠶᠢᠨ ᠠᠵᠤ ᠦᠢᠯᠡᠰ ᠲᠤ ᠤᠰᠤᠲᠥ᠋ᠷᠥᠭᠴᠢ ᠡᠨᠧᠷᠭᠢ ᠶᠢᠨ | ᠬᠡᠷᠡᠭᠯᠡᠭᠡᠨ ᠤ ᠵᠢᠱᠢᠶ᠎ᠡ ᠦᠵᠡᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ | ᠸᠠᠨ ᠬᠠᠢ ᠵᠦᠩ ᠴᠦᠨ ᠮᠠᠰᠢᠨ ᠲᠡᠷᠭᠡᠨ ᠳᠤ ᠬᠡᠷᠡᠭᠯᠡᠬᠦ ᠠᠯᠺᠤᠤᠯ ᠤᠨ ᠲᠦᠯᠡᠰᠢ᠂ ᠶᠧᠦ ᠰᠠᠢ ᠠᠭᠠᠷ ᠢ | ᠠᠪᠴᠢᠭᠤᠯᠵᠤ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠵᠡᠷᠭᠡ ᠲᠦᠷᠦᠯ ᠵᠦᠢᠯ ᠢ ᠬᠡᠷᠡᠭᠵᠢᠭᠦᠯᠦᠨ᠎ᠡ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠭᠤᠷᠠᠢ ᠶᠢ ᠨᠥᠬᠦᠪᠦᠷᠢᠯᠡᠨ᠎ᠡ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠭᠤᠷᠪᠠᠨ ᠠᠵᠢᠯᠯᠠᠭ᠎ᠠ︾ ᠶᠢ ᠥᠷᠨᠢᠭᠦᠯᠵᠦ᠂ ᠳᠠᠭᠠᠭᠠᠬᠤ | ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠬᠦᠷᠢᠶᠡᠯᠡᠩ ᠲᠣᠭᠤᠷᠢᠭ ᠤᠨ ᠡᠬᠢ | ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ᠂ ᠣᠯᠠᠨ ᠲᠦᠮᠡᠨ ᠳᠤ | ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠢᠵᠢ ᠪᠦᠷᠢᠳᠦᠭᠦᠯᠬᠦ ᠠᠵᠤ ᠦᠢᠯᠡᠰ ᠢ ᠶᠡᠬᠡᠪᠡᠷ ᠣᠷᠣᠭᠤᠯᠤᠨ | ᠠᠪᠴᠢᠷᠠᠬᠤ ᠠᠵᠢᠯᠯᠠᠭ᠎ᠠ ᠶᠢ ᠬᠡᠷᠡᠭᠵᠢᠭᠦᠯᠵᠦ᠂ ᠨᠢᠭᠡ ᠪᠦᠯᠦᠭ ᠪᠠᠷᠢᠮᠵᠢᠶ᠎ᠠ ᠦᠢᠯᠡᠳᠪᠦᠷᠢ ᠶᠢᠨ ᠭᠡᠷ ᠪᠠᠶᠢᠰᠢᠩ᠂ | ᠰᠤᠳᠤᠯᠤᠨ ᠨᠡᠭᠡᠭᠡᠬᠦ ᠠᠰᠠᠷ ᠢ ᠰᠢᠨ᠎ᠡ ᠪᠠᠷ ᠪᠠᠶᠢᠭᠤᠯᠵᠤ᠂ ᠨᠡᠩ ᠤᠯᠠᠨ ᠢᠵᠢ ᠪᠦᠷᠢᠳᠦᠭᠦᠯᠬᠦ ᠠᠵᠤ ᠦᠢᠯᠡᠰ ᠢ | ᠬᠦᠷᠢᠶᠡᠯᠡᠩ ᠳᠤ ᠲᠠᠲᠠᠨ᠂ ᠳᠤᠮᠳᠠ ᠵᠢᠵᠢᠭ ᠠᠵᠤ ᠠᠬᠤᠶᠢᠯᠠᠯ ᠢ ᠰᠠᠭᠤᠷᠢᠰᠢᠭᠤᠯᠤᠨ᠎ᠠ︔ ᠠᠵᠤ ᠠᠬᠤᠶᠢᠯᠠᠯ ᠢ | ᠶᠡᠭᠡ ᠪᠠᠷ ᠬᠠᠪᠰᠤᠷᠤᠨ ᠲᠡᠳᠬᠦᠵᠦ ᠬᠦᠴᠦᠨ ᠨᠡᠮᠡᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ︽ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠤ ᠣᠷᠣᠭᠤᠯᠬᠤ︾ ᠶᠢ ᠠᠬᠢᠭᠤᠯᠤᠨ᠂ ᠬᠢᠨᠠᠨ | ᠵᠥᠪᠰᠢᠶᠡᠷᠡᠬᠦ ᠡᠷᠬᠡ ᠮᠡᠳᠡᠯ ᠢ ᠬᠦᠷᠢᠶᠡᠯᠡᠩ ᠲᠣᠭᠤᠷᠢᠭ ᠲᠤ ︽ᠪᠠᠭᠤᠯᠭᠠᠵᠤ ᠪᠣᠯᠬᠤ ᠶᠢ ᠪᠦᠬᠦᠨ ᠢ ᠪᠠᠭᠤᠯᠭᠠᠬᠤ︾ | ᠶᠢ ᠠᠬᠢᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ | ᠭᠤᠣᠯᠳᠠᠯᠭ᠎ᠠ ᠲᠠᠢ ᠠᠵᠤ ᠠᠬᠤᠶᠢᠯᠠᠯ ᠪᠠ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠵᠤ᠂ ᠠᠵᠤ ᠠᠬᠤᠶᠢᠯᠠᠯ ᠢ ᠬᠠᠪᠰᠤᠷᠤᠨ ︽ᠪᠡᠯᠡ ᠮᠥᠩᠭᠦ | ᠡᠷᠢᠵᠦ᠂ ᠲᠦᠭᠦᠬᠡᠢ ᠮᠠᠲ᠋ᠧᠷᠢᠶᠠᠯ ᠡᠷᠢᠵᠦ᠂ ᠬᠡᠷᠡᠭᠯᠡᠬᠦ ᠠᠵᠢᠯᠴᠢᠨ ᠡᠷᠢᠵᠦ᠂ ᠵᠠᠬ᠎ᠠ ᠳᠡᠯᠭᠡᠭᠦᠷ ᠡᠷᠢᠨ᠎ᠡ︾ ᠃ | ︵ᠭᠤᠷᠪᠠ︶ ᠤᠳᠤ ᠦᠶ᠎ᠡ ᠶᠢᠨ ᠬᠡᠷᠡᠭᠯᠡᠭᠡᠨ ᠤ ᠲᠥᠪ᠂ ᠰᠡᠯᠡᠭᠦᠴᠡᠯ ᠠᠮᠠᠷᠠᠯᠲᠠ ᠶᠢᠨ ᠲᠥᠪ ᠢ | ᠪᠠᠶᠢᠭᠤᠯᠬᠤ ᠶᠢᠨ ᠲᠣᠭᠤᠷᠢᠨ ᠳᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠡᠨᠡ ᠬᠦ ᠥᠷᠨᠢᠩᠭᠦᠢ ᠠᠵᠤ | ᠦᠢᠯᠡᠰ ᠢ ︽ᠬᠥᠮᠥᠨ ᠢ ᠲᠠᠲᠠᠵᠤ ᠳᠡᠶᠢᠯᠬᠦ᠂ ᠡᠳ᠋ ᠮᠥᠩᠭᠦ ᠶᠢ ᠦᠯᠡᠳᠡᠭᠡᠵᠦ ᠴᠢᠳᠠᠬᠤ︾ ᠪᠣᠯᠭᠠᠨ᠎ᠠ | ᠬᠡᠷᠡᠭᠯᠡᠭᠡᠨ ᠤ ︽ᠰᠢᠨ᠎ᠡ ᠱᠠᠭᠠᠷᠳᠠᠯᠭ᠎ᠠ︾ ᠶᠢ ᠬᠠᠩᠭᠠᠨ᠎ᠠ᠃ ᠬᠤᠸᠠ ᠷᠦᠨ ᠸᠠᠨ ᠰᠢᠶᠠᠩ ᠬᠤᠲᠠ᠂ ᠶᠢᠨ | ᠹᠧᠢ ᠯᠢ ᠲᠠᠯᠠᠪᠠᠢ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ︔ ᠵᠥᠩ ᠱᠠᠨ ᠵᠠᠮ᠂ ᠰᠢᠯᠢ ᠶᠢᠨ ᠭᠤᠣᠯ ᠡᠮᠦᠨ᠎ᠡ ᠵᠠᠮ᠂ ᠵᠡᠭᠦᠨ ᠸᠠᠨ ᠳ᠋ᠠ᠂ ᠮᠣᠶᠢᠯ ᠬᠤᠲᠠ᠂ | ᠠᠶᠠᠨᠴᠢᠳ ᠤᠨ ᠵᠡᠭᠦᠨ ᠥᠷᠲᠡᠭᠡ ᠵᠡᠷᠭᠡ ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ ᠪᠠ ᠣᠨᠴᠠᠯᠢᠭᠲᠤ ᠵᠡᠭᠡᠯᠢ | ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ︔ ᠪᠡᠭᠡᠵᠢᠩ ᠤᠨ ᠬᠤᠸᠠ ᠯᠢᠶᠠᠨ ᠰᠣᠳᠣᠨ | ᠪᠦᠲᠦᠭᠡᠭᠳᠡᠬᠦᠨ ᠤ ᠬᠡᠲᠦ ᠳᠡᠯᠭᠡᠭᠦᠷ᠂ ᠾᠧ ᠮᠠ ᠰᠣᠷᠭᠤᠭ ᠲᠦᠭᠦᠬᠡᠢ᠂ ᠮᠠᠢ ᠳ᠋ᠧ ᠯᠦᠩ ᠵᠡᠷᠭᠡ ᠨᠠᠷᠠᠲᠤ | ᠲᠡᠮᠳᠡᠭᠲᠦ ᠶᠢᠨ ᠬᠡᠯᠬᠢᠶᠡᠨ ᠬᠡᠲᠦ ᠳᠡᠯᠭᠡᠭᠦᠷ ᠢ ᠣᠷᠣᠭᠤᠯᠤᠨ ᠠᠪᠴᠢᠷᠠᠵᠤ᠂ ᠨᠠᠷᠠᠲᠤ ᠲᠡᠮᠳᠡᠭᠲᠦ ᠶᠢᠨ ᠠᠩᠬᠠᠨ ᠤ | ᠳᠡᠯᠭᠡᠭᠦᠷ᠂ ᠬᠤᠰᠢᠭᠤᠴᠢ ᠳᠡᠯᠭᠡᠭᠦᠷ ᠢ 30 ᠣᠷᠣᠭᠤᠯᠤᠨ᠎ᠠ︔ ᠬᠡᠯᠬᠢᠶ᠎ᠡ ᠳᠥᠭᠦᠮ ᠳᠡᠯᠭᠡᠭᠦᠷ ᠪᠠ ᠰᠤᠯᠠ ᠢᠳᠡᠭᠡᠨ ᠤ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠳᠡᠯᠭᠡᠭᠦᠷ ᠢ 200᠂ ᠬᠥᠬᠡ ᠬᠤᠲᠠ ᠠᠷᠠᠳ ᠲᠤ ᠠᠰᠢᠭ | ᠬᠦᠷᠲᠡᠭᠡᠬᠦ ᠢᠳᠡᠰᠢᠨ ᠨᠣᠭᠤᠭᠠᠨ ᠤ ᠳᠡᠯᠭᠡᠭᠦᠷ ᠢ 60 ᠰᠢᠨ᠎ᠡ ᠨᠡᠮᠡᠨ᠎ᠡ︔ 10 ︽ᠠᠷᠠᠳ ᠲᠤ ᠲᠥᠬᠦᠮ ᠦᠵᠡᠭᠦᠯᠬᠦ | ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ ᠢ ᠥᠭᠡᠷᠡᠴᠢᠯᠡᠨ ᠰᠠᠶᠢᠵᠢᠷᠠᠭᠤᠯᠤᠨ᠎ᠠ᠃ ᠰᠢᠨ᠎ᠡ ᠡᠨᠧᠷᠭᠢ ᠶᠢᠨ | ᠮᠠᠰᠢᠨ ᠲᠡᠷᠭᠡ᠂ ᠪᠣᠬᠢᠷᠲᠤᠯ ᠦᠭᠡᠢ ᠣᠶᠤᠨᠲᠤ ᠭᠡᠷ ᠤᠨ ᠴᠠᠬᠢᠯᠭᠠᠨ ᠬᠡᠷᠡᠭᠰᠡᠯ᠂ ᠤᠯᠤᠰ ᠤᠨ ᠪᠠᠷᠠᠭᠠᠨ ᠤ ︽ | ᠤᠷᠤᠰᠬᠠᠯ ᠲᠡᠮᠳᠡᠭᠲᠦ︾᠂ ᠤᠷᠤᠰᠬᠠᠯ ᠤᠨ ᠠᠵᠤ ᠠᠬᠤᠢ ᠵᠡᠷᠭᠡ ᠰᠢᠨ᠎ᠡ ᠬᠡᠷᠡᠭᠯᠡᠭᠡᠨ ᠤ ᠬᠠᠯᠠᠮᠰᠢᠯ ᠴᠡᠭ ᠢ | ᠪᠣᠶᠢᠵᠢᠭᠤᠯᠤᠨ᠎ᠠ︔ ᠤᠯᠠᠮᠵᠢᠯᠠᠯᠲᠤ ᠵᠢᠵᠢᠭᠯᠡᠨ ᠬᠤᠳᠠᠯᠳᠤᠬᠤ ᠦᠢᠯᠡᠰ ᠤᠨ ᠰᠦᠯᠵᠢᠶᠡᠨ ᠳᠡᠭᠡᠷᠡᠬᠢ ᠪᠠ | ᠰᠦᠯᠵᠢᠶᠡᠨ ᠤ ᠭᠠᠳᠠᠨᠠᠬᠢ ᠬᠡᠷᠡᠭᠯᠡᠭᠡ ᠶᠢᠨ ᠠᠭᠤᠰᠤᠯᠴᠠᠯ ᠢ ᠰᠠᠶᠢᠲᠤᠷ ᠬᠢᠵᠦ᠂ ︽ᠰᠠᠨᠠᠭᠠᠨ ᠳᠤ ᠲᠠᠭᠠᠷᠠᠭᠰᠠᠨ ᠢᠶᠠᠨ | ᠬᠥᠬᠡᠬᠤᠲᠠ ᠠᠴᠠ ᠠᠪᠬᠤ︾ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 300 ᠠᠴᠠ ᠳᠡᠭᠡᠭᠰᠢ ᠲᠠᠯᠠᠪᠤᠷ | ᠤᠳᠠᠭ᠎ᠠ ᠡᠷᠬᠢᠯᠡᠨ᠎ᠡ᠃ | ᠰᠣᠶᠣᠯ ᠤᠨ ︽ᠰᠢᠨ᠎ᠡ ᠢᠮ ᠲᠠᠮᠠᠭ᠎ᠠ︾ ᠶᠢ ᠪᠦᠲᠦᠭᠡᠨ᠎ᠡ᠃ ︽ᠤᠮᠠᠷᠠᠲᠤ ᠬᠢᠯᠢ ᠶᠢᠨ ᠰᠣᠶᠣᠯ︾ ᠤᠨ | ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠮᠦᠽᠧᠢ ᠶᠢᠨ ᠬᠤᠲᠠ᠂ ᠱᠤᠭᠤᠮᠠᠯ ᠤᠨ | ᠬᠤᠲᠠ᠂ ᠤᠷᠠᠯᠢᠭ ᠤᠨ ᠬᠤᠲᠠ᠂ ᠣᠲᠣ ᠦᠶ᠎ᠡ ᠶᠢᠨ ᠪᠣᠯᠪᠠᠰᠤᠨ ᠤ ᠬᠤᠲᠠ ᠶᠢ ᠪᠥᠬᠦ ᠬᠦᠴᠦᠨ ᠢᠶᠠᠷ ᠢᠶᠠᠨ | ᠴᠣᠭᠴᠠᠯᠠᠨ᠎ᠠ︔ ᠬᠥᠬᠡᠬᠤᠲᠠ ᠶᠢᠨ ᠮᠦᠽᠧᠢ᠂ ᠳ᠋ᠠ ᠱᠧᠩ ᠺᠦᠢ ᠮᠦᠽᠧᠢ ᠶᠢᠨ ᠪᠥᠭᠡᠮᠨᠡᠷᠡᠯ ᠵᠡᠷᠭᠡ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠵᠦ᠂ ︽5·18 ᠤ ᠤᠯᠠᠨ ᠤᠯᠤᠰ ᠤᠨ ᠮᠦᠽᠧᠢ ᠶᠢᠨ ᠡᠳᠦᠷ︾᠂ ︽ | ᠤᠮᠠᠷᠠᠲᠤ ᠬᠢᠯᠢ ᠶᠢᠨ ᠮᠢᠩᠭᠠᠨ ᠣᠨ ᠤ ᠲᠦᠮᠡᠨ ᠪᠣᠳᠠᠰ︾ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠡ︔ ︽ | ᠬᠥᠬᠡ ᠬᠤᠲᠠ ᠶᠢᠨ ᠬᠤᠪᠢᠷᠠᠯᠲᠠ︾ ︽ᠤᠮᠠᠷᠠᠲᠤ ᠬᠢᠯᠢ ᠶᠢ ᠰᠠᠬᠢᠨ ᠪᠠᠷᠠᠯᠠᠬᠤ︾ ᠵᠡᠷᠭᠡ ᠤᠷᠠᠨ ᠵᠣᠬᠢᠶᠠᠯ ᠤᠨ | ᠪᠦᠲᠦᠭᠡᠯ ᠢ ᠭᠠᠷᠭᠠᠵᠤ᠂ ︽ᠮᠢᠩᠭᠠᠨ ᠣᠨ ᠤ ᠬᠥᠬᠡ ᠬᠤᠲᠠ︾ ︽ᠴᠡᠯᠡᠭᠡᠷ ᠲᠠᠯ᠎ᠠ ᠶᠢᠨ ᠳᠠᠭᠤᠯᠠᠯ︾ ᠵᠡᠷᠭᠡ | ᠲᠣᠭᠯᠠᠯᠲᠠ ᠶᠢᠨ ᠤᠷᠠᠯᠢᠭ ᠤᠨ ᠪᠦᠲᠦᠭᠡᠯ ᠢ ᠪᠦᠲᠦᠭᠡᠵᠦ᠂ ᠪᠥᠬᠦ ᠤᠯᠤᠰ ᠤᠨ ᠤᠯᠠᠭᠠᠨᠮᠥ᠋ᠴᠢᠷ ᠤᠨ | ᠦᠵᠡᠭᠦᠯᠦᠯᠭᠡ ᠶᠢᠨ ᠲᠣᠭᠯᠠᠯᠲᠠ ᠭᠠᠷᠭᠠᠵᠤ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 700 ᠠᠴᠠ | ᠳᠡᠭᠡᠭᠰᠢ ᠲᠠᠯᠠᠪᠠᠶ ᠥᠷᠨᠢᠭᠦᠯᠦᠨ᠎ᠡ︔ ᠪᠥᠬᠦ ᠤᠯᠤᠰ ᠤᠨ ᠪᠣᠯᠪᠠᠰᠤᠨ ᠬᠤᠲᠠ ᠪᠣᠯᠭᠠᠨ ᠡᠭᠦᠳᠦᠨ ᠪᠠᠶᠢᠭᠤᠯᠵᠤ᠂ | ᠣᠯᠠᠨ ᠲᠦᠮᠡᠨ ᠤ ᠣᠷᠣᠨ ᠤ ᠲᠥᠪ ᠬᠤᠲᠠ ᠳᠠᠬᠢ ᠡᠨᠡᠭᠰᠢᠯ ᠪᠠ ᠲᠠᠭᠠᠰᠢᠶᠠᠯ ᠤᠨ ᠬᠡᠮᠵᠢᠶ᠎ᠡ ᠶᠢ ᠨᠡᠮᠡᠭᠳᠡᠭᠦᠯᠦᠨ᠂ | ᠪᠥᠬᠦ ᠠᠷᠠᠳ ᠤᠨ ᠪᠣᠯᠪᠠᠰᠤᠨ ᠤ ᠬᠡᠪ ᠴᠢᠨᠠᠷ ᠪᠠ ᠪᠥᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ | ᠃ | ᠰᠣᠶᠣᠯ ᠵᠢᠭᠤᠯᠴᠢᠯᠠᠯ ᠠᠭᠤᠰᠤᠯᠴᠠᠭᠰᠠᠨ ︽ᠰᠢᠨ᠎ᠡ ᠠᠬᠤᠢ ᠪᠠᠶᠢᠳᠠᠯ︾ ᠢ ᠪᠤᠢ ᠪᠣᠯᠭᠠᠨ᠎ᠠ᠃ ᠤᠯᠠᠮᠵᠢᠯᠠᠯᠲᠤ | ᠵᠢᠭᠤᠯᠴᠢᠯᠠᠯ ᠤᠨ ︽ᠪᠥᠬᠦ ᠤᠯᠠᠷᠢᠯ ᠤᠨ ᠵᠢᠭᠤᠯᠴᠢᠯᠠᠯ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠪᠥᠬᠦ | ᠦᠵᠡᠮᠵᠢ ᠶᠢᠨ ᠵᠢᠭᠤᠯᠴᠢᠯᠠᠯ︾ ᠲᠡᠶᠢᠰᠢ ᠠᠭᠤᠰᠤᠯᠳᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠤᠮᠠᠷᠠᠲᠤ ᠬᠡᠰᠡᠭ ᠲᠤ ᠳᠠᠯᠠᠨ ᠬᠠᠷ᠎ᠠ ᠠᠭᠤᠯᠠ ᠶᠢᠨ ᠦᠵᠡᠮᠵᠢ ᠶᠢᠨ ᠵᠢᠭᠤᠯᠴᠢᠯᠠᠯ ᠢ ᠡᠮᠬᠢ ᠵᠢᠷᠤᠮ ᠲᠠᠢ ᠨᠡᠭᠡᠭᠡᠵᠦ᠂ | ᠬᠠᠳᠠᠲᠤ ᠬᠠᠭᠠᠯᠭ᠎ᠠ᠂ ᠨᠠᠭᠤᠷ ᠤᠨ ᠨᠢᠷᠤᠭᠤ᠂ ᠱᠧᠩ ᠱᠦᠢ ᠯᠢᠶᠠᠩ ᠵᠡᠷᠭᠡ ᠦᠵᠡᠮᠵᠢ ᠶᠢᠨ ᠣᠷᠣᠨ ᠤ ᠴᠢᠳᠠᠪᠤᠷᠢ ᠶᠢ | ᠳᠡᠭᠡᠭᠰᠢᠯᠡᠭᠦᠯᠵᠦ᠂ ︽ᠠᠭᠤᠯᠠ ᠶᠢᠨ ᠠᠷᠤ ᠥᠪᠥᠷ ᠢ ᠨᠢᠭᠡ ᠴᠣᠭᠴᠠᠵᠢᠭᠤᠯᠤᠭᠰᠠᠨ︾ ᠠᠭᠤᠯᠠ ᠶᠢᠨ ᠲᠠᠯ᠎ᠠ | ᠨᠤᠲᠤᠭ ᠤᠨ ᠵᠢᠭᠤᠯᠴᠢᠯᠠᠯ ᠤᠨ ᠣᠷᠣᠨ ᠢ ᠪᠠᠶᠢᠭᠤᠯᠤᠨ᠎ᠠ︔ ᠤᠰᠤᠲᠤ ᠲᠣᠰᠬᠤᠨ᠂ ᠬᠤᠭᠤᠯᠠᠢ ᠶᠢᠨ ᠭᠤᠤ | ᠲᠣᠰᠬᠤᠨ ᠳᠤ ︽ᠠᠮᠢ ᠠᠬᠤᠢ + ᠰᠣᠶᠣᠯ ᠵᠢᠭᠤᠯᠴᠢᠯᠠᠯ + ᠡᠷᠡᠭᠦᠯ ᠮᠡᠨᠳᠤ ᠶᠢᠨ ᠰᠤᠪᠢᠯᠠᠯᠲᠠ︾ ᠶᠢ | ᠠᠭᠤᠰᠤᠯᠴᠠᠭᠤᠯᠤᠭᠰᠠᠨ ᠰᠣᠳᠣᠨ ᠠᠶᠢᠯ ᠪᠠᠭᠤᠴᠠ ᠪᠠ ᠵᠢᠭᠤᠯᠴᠢᠯᠠᠯ ᠤᠨ ᠪᠠᠭᠤᠳᠠᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠪᠦᠲᠦᠭᠡᠨ ᠪᠠᠶᠢᠭᠤᠯᠤᠨ᠎ᠠ︔ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ | ᠬᠦᠷᠢᠶᠡᠯᠡᠩ ᠤᠨ ᠡᠷᠬᠢᠨ ᠲᠣᠭᠤᠷᠢᠨ ᠤ ᠵᠢᠭᠤᠯᠴᠢᠯᠠᠯ ᠤᠨ ᠦᠢᠯᠡᠰ ᠤᠨ ᠡᠵᠡᠩᠨᠡᠯᠲᠡ ᠶᠢᠨ ᠪᠠᠶᠢᠳᠠᠯ ᠢ | ᠪᠠᠶᠠᠯᠢᠭᠵᠢᠭᠤᠯᠵᠤ᠂ ᠤᠮᠠᠷᠠᠲᠤ ᠬᠡᠰᠡᠭ ᠤᠨ ᠵᠤᠭᠠᠴᠠᠨ ᠨᠠᠭᠠᠳᠬᠤ ᠱᠤᠭᠤᠮ ᠢ ᠪᠦᠷᠢᠯᠳᠦᠭᠦᠯᠦᠨ᠎ᠡ᠃ ᠡᠮᠦᠨᠡᠲᠦ | ᠬᠡᠰᠡᠭ ᠲᠤ ᠶᠦᠨ ᠵᠦᠩ ᠱᠧᠩ ᠯᠧ ᠠᠮᠠᠷᠠᠯᠲᠠ ᠶᠢᠨ ᠣᠷᠣᠨ᠂ ᠬᠤᠲᠤᠭᠲᠤ ᠭᠤᠣᠯ ᠤᠨ ᠵᠢᠭᠤᠯᠴᠢᠯᠠᠯ ᠤᠨ ᠭᠤᠣᠯ | ᠰᠡᠳᠦᠪᠲᠦ ᠴᠡᠴᠡᠷᠯᠢᠭ᠂ ᠲᠣᠭᠲᠠᠬᠤ ᠰᠢᠶᠠᠨ ᠤ ᠭᠤᠣᠯ ᠤᠨ ᠠᠮᠠ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ | ᠵᠡᠷᠭᠡ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠯᠣᠣ ᠨᠢᠦ ᠸᠠᠨ ᠤ ᠬᠠᠳᠤᠨ ᠭᠤᠣᠯ ᠤᠨ ᠶᠡᠭᠡ | ᠬᠠᠪᠴᠢᠯ ᠤᠨ ᠵᠢᠭᠤᠯᠴᠢᠯᠠᠯ ᠤᠨ ᠣᠷᠣᠨ᠂ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠭ ᠤᠨ ᠪᠦᠰᠡ ᠶᠢᠨ | ᠶᠠᠰᠤ ᠴᠢᠨᠠᠷ ᠢ ᠳᠡᠭᠡᠭᠰᠢᠯᠡᠭᠦᠯᠦᠨ᠂ ᠤᠷᠳᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ︽ᠰᠤᠪᠤᠳ ᠤᠨ ᠬᠡᠯᠬᠢᠶ᠎ᠡ ᠰᠢᠭ ᠦᠵᠦᠭᠦᠷ ᠦᠭᠡᠢ ᠰᠠᠶᠢᠬᠠᠨ ᠥᠩᠭᠡ ᠦᠵᠡᠮᠵᠢ | ᠲᠠᠢ︾ ᠬᠠᠳᠤᠨ ᠭᠤᠣᠯ ᠳᠠᠭᠠᠤ ᠶᠢᠨ ᠵᠢᠭᠤᠯᠴᠢᠯᠠᠯ ᠤᠨ ᠦᠵᠡᠮᠵᠢ ᠶᠢᠨ ᠪᠦᠰᠡ ᠶᠢ ᠪᠠᠶᠢᠭᠤᠯᠤᠨ᠎ᠠ᠃ ᠵᠡᠭᠦᠨ | ᠬᠡᠰᠡᠭ ᠤᠨ ᠭᠠᠵᠠᠷ ᠣᠷᠣᠨ ᠳᠤ ᠳᠡᠯ ᠠᠭᠤᠯᠠ ᠶᠢᠨ ᠠᠮᠠᠷᠠᠯᠲᠠ ᠶᠢᠨ ᠣᠷᠣᠨ ᠢ ᠤᠯᠤᠰ ᠤᠨ ᠳᠡᠰ ᠤᠨ | ᠴᠡᠨᠡᠯᠡᠯᠲᠡ ᠶᠢᠨ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠪᠣᠯᠭᠠᠨ ᠡᠭᠦᠳᠦᠨ ᠪᠠᠶᠢᠭᠤᠯᠬᠤ ᠶᠢ ᠲᠦᠯᠬᠢᠨ | ᠠᠬᠢᠭᠤᠯᠵᠤ᠂ ᠮᠥᠰᠥ ᠴᠠᠰᠤᠨ ᠤ ᠠᠵᠤ ᠦᠢᠯᠡᠰ ᠢ ᠬᠥᠭᠵᠢᠭᠦᠯᠵᠦ᠂ ︽ᠬᠦᠢᠲᠡᠨ ᠡᠬᠢ ᠪᠠᠶᠠᠯᠢᠭ︾ ᠤᠨ ︽ | ᠢᠯᠴᠢ ᠶᠢᠨ ᠨᠥᠯᠥᠭᠡ︾ ᠶᠢ ᠦᠷᠭᠦᠯᠵᠢᠯᠡᠨ ᠪᠠᠳᠠᠷᠠᠭᠤᠯᠤᠨ᠎ᠠ᠃ ᠪᠠᠷᠠᠭᠤᠨ ᠬᠡᠰᠡᠭ ᠲᠤ ᠢᠯᠢ ᠶᠢᠨ ᠲᠠᠯ᠎ᠠ | ᠨᠤᠲᠤᠭ ᠤᠨ ᠰᠦᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤ 5A ᠲᠠᠰ ᠤᠨ ᠦᠵᠡᠮᠵᠢ ᠶᠢᠨ ᠣᠷᠣᠨ ᠢ | ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ᠬᠠᠷ᠎ᠠ ᠤᠰᠤ ᠶᠢᠨ ᠵᠢᠭᠤᠯᠴᠢᠯᠠᠯ ᠤᠨ ᠣᠷᠣᠨ ᠤ ᠴᠢᠳᠠᠮᠵᠢ ᠶᠢ | ᠲᠡᠭᠦᠯᠳᠡᠷᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ᠂ ᠰᠡᠯᠡᠭᠦᠴᠡᠨ ᠠᠮᠠᠷᠠᠬᠤ ᠰᠢᠨ᠎ᠡ ᠬᠠᠪᠲᠠᠭᠠᠢ ᠶᠢ ᠪᠣᠶ ᠪᠣᠯᠭᠠᠨ᠎ᠠ᠃ | ᠴᠠᠭᠠᠨ ᠰᠠᠷ᠎ᠠ᠂ ᠲᠠᠪᠤᠨ ᠰᠠᠷ᠎ᠠ ᠶᠢᠨ ᠨᠢᠭᠡᠨ᠂ ᠤᠯᠤᠰ ᠤᠨ ᠪᠠᠶᠠᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ | ᠰᠠᠶᠢᠬᠠᠨ ᠲᠥᠰᠥᠪᠯᠡᠵᠦ᠂ ᠵᠤᠤ ᠵᠢᠶᠦ᠋ᠨ ᠤ ᠰᠣᠶᠣᠯ ᠤᠨ ᠨᠠᠶᠢᠷ᠂ ᠮᠠᠷᠠᠽᠤᠨ᠂ ᠮᠥᠰᠥ ᠴᠠᠰᠤᠨ ᠤ ᠪᠠᠶᠠᠷ ᠵᠡᠷᠭᠡ | ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠷᠤᠰᠬᠠᠯᠲᠤ ᠤᠳᠤᠨ᠂ ᠨᠡᠷᠡᠲᠡᠢ | ᠬᠠᠮᠲᠤᠯᠢᠭ ᠵᠡᠷᠭᠡ ᠶᠢᠨ ᠲᠣᠭᠯᠠᠯᠲᠠ ᠶᠢ ᠵᠠᠬ᠎ᠠ ᠳᠡᠯᠭᠡᠭᠦᠷᠴᠢᠯᠡᠨ ᠡᠷᠬᠢᠯᠡᠵᠦ᠂ ︽ᠭᠠᠷᠠᠭ ᠪᠣᠯᠭᠠᠨ ᠬᠥᠳᠡᠯᠭᠡᠭᠡᠨ ᠲᠠᠢ᠂ | ᠰᠠᠷ᠎ᠠ ᠪᠣᠯᠭᠠᠨ ᠣᠨᠴᠠᠯᠢᠭ ᠲᠠᠢ᠂ ᠪᠦᠬᠦ ᠵᠢᠯ ᠳᠤ ᠡᠭᠦᠳᠡ ᠪᠠᠨ ᠬᠠᠭᠠᠬᠤ ᠦᠭᠡᠢ︾ ᠪᠠᠶᠢᠬᠤ ᠶᠢ ᠪᠠᠲᠤᠯᠠᠨ᠎ᠠ᠃ | ᠶᠡᠷᠦᠩᠬᠡᠢ ᠬᠡᠯᠲᠡᠰ ᠤᠨ ᠠᠵᠤ ᠠᠬᠤᠢ᠂ ᠬᠦᠢᠰᠦ ᠶᠢᠨ ᠠᠵᠤ ᠠᠬᠤᠢ ᠶᠢᠨ ︽ᠰᠢᠨ᠎ᠡ ᠳᠠᠪᠠᠭᠤᠯᠢᠭ︾ ᠢ | ᠪᠣᠶᠢᠵᠢᠭᠤᠯᠤᠨ᠎ᠠ᠃ ᠬᠤᠸᠠ ᠸᠧᠢ ᠶᠢᠨ ᠥᠪᠥᠷ ᠮᠣᠩᠭᠤᠯ ᠤᠨ ᠣᠷᠣᠨ ᠪᠦᠰᠡ ᠶᠢᠨ ᠲᠥᠪ᠂ ᠰᠠᠨᠰᠠᠷ ᠤᠨ | ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ | ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠽᠢ ᠭᠤᠸᠠᠩ ᠰᠢᠨᠬᠤᠸᠠ ᠭᠤᠷᠪᠠᠨ ᠣᠷᠣᠨ ᠪᠦᠰᠡ ᠶᠢᠨ ᠶᠡᠷᠦᠩᠬᠡᠢ | ᠬᠡᠯᠲᠡᠰ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠣᠷᠣᠨ ᠪᠦᠰᠡ ᠶᠢᠨ ᠶᠡᠷᠦᠩᠬᠡᠢ | ᠬᠡᠯᠲᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠰᠠᠨ | ᠰᠢᠶᠠ᠂ ᠶᠤᠸᠠᠨ ᠵᠢᠩ ᠵᠡᠷᠭᠡ ᠶᠡᠷᠦᠩᠬᠡᠢ ᠬᠡᠯᠲᠡᠰ ᠤᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ | ᠠᠬᠢᠭᠤᠯᠵᠤ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ᠂ ᠳᠤᠮᠳᠠᠳᠤ ᠤᠯᠤᠰ ᠤᠨ | ᠨᠡᠭᠦᠷᠡᠰᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠵᠡᠷᠭᠡ ᠲᠣᠯᠣᠭᠠᠢ ᠶᠢᠨ ᠬᠡᠰᠡᠭ ᠤᠨ ᠠᠵᠤ | ᠠᠬᠤᠶᠢᠯᠠᠯ ᠢ ᠮᠠᠨ ᠤ ᠬᠤᠲᠠ ᠳᠤ ᠣᠷᠣᠨ ᠪᠦᠰᠡ ᠶᠢᠨ ᠶᠡᠷᠦᠩᠬᠡᠢ ᠬᠡᠯᠲᠡᠰ ᠪᠠᠶᠢᠭᠤᠯᠬᠤ ᠪᠠᠷ ᠴᠢᠷᠮᠠᠶᠢᠨ᠎ᠠ᠃ ᠬᠤᠸᠠ | ᠴᠢᠶᠠᠩ ᠤᠨ ᠲᠤᠭ᠎ᠠ ᠣᠶᠣᠨ᠂ ᠴᠤᠤ ᠫᠠᠢ ᠰᠢᠨ᠎ᠡ ᠮᠠᠲ᠋ᠧᠷᠢᠶᠠᠯ᠂ ᠲᠠᠯ᠎ᠠ ᠨᠤᠲᠤᠭ ᠤᠨ ᠤᠯᠠᠭᠠᠨ ᠨᠠᠷᠠ᠂ ᠰᠢᠶᠠᠨ | ᠬᠤᠩ ᠰᠢᠨᠵᠢᠯᠡᠬᠦ ᠤᠬᠠᠭᠠᠨ ᠮᠡᠷᠭᠡᠵᠢᠯ᠂ ᠵᠥᠩ ᠬᠤᠸᠠᠨ ᠠᠵᠤ ᠦᠢᠯᠡᠳᠪᠦᠷᠢ ᠠᠷᠠᠯᠵᠢᠶ᠎ᠠ ᠵᠡᠷᠭᠡ ᠠᠵᠤ | ᠠᠬᠤᠶᠢᠯᠠᠯ ᠢ ᠬᠥᠮᠥᠵᠢᠭᠦᠯᠦᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠭᠠᠨ᠎ᠠ᠃ ᠬᠤᠷᠢᠨᠭᠡᠷ ᠤᠨ ᠮᠥᠩᠭᠦᠨ | ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠠᠬᠢᠭᠤᠯᠵᠤ᠂ ᠣᠷᠣᠨ | ᠪᠦᠰᠡ ᠶᠢᠨ ᠲᠤᠭ᠎ᠠ ᠪᠠᠷᠢᠮᠲᠠ ᠶᠢᠨ ᠮᠥᠩᠭᠦᠨ ᠭᠦᠢᠯᠭᠡᠭᠡᠨ ᠤ ᠲᠥᠪ ᠢ ᠪᠠᠶᠢᠭᠤᠯᠤᠨ᠎ᠠ᠃ ᠱᠧᠨ ᠲᠦᠩ ᠣᠶᠤᠨᠲᠤ | ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠶᠦᠨ ᠳ᠋ᠡ ᠲᠦᠷᠭᠡᠨ ᠬᠦᠷᠭᠡᠯᠲᠡ ᠶᠢᠨ | ᠥᠪᠥᠷ ᠮᠣᠩᠭᠤᠯ ᠤᠨ ᠡᠯᠧᠺᠲᠷᠣᠨ ᠬᠤᠳᠠᠯᠳᠤᠭᠠᠨ ᠤ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠵᠡᠷᠭᠡ ᠲᠥᠷᠥᠯ | ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠮᠢᠩ ᠫᠢᠨ ᠹᠦ᠋᠂ ᠵᠦᠩ ᠨᠦᠩ ᠯᠢᠶᠠᠨ᠂ ᠴᠢᠩ ᠽᠢ | ᠬᠦᠢᠲᠡᠨ ᠬᠡᠯᠬᠢᠶ᠎ᠡ᠂ ᠤᠯᠤᠰ ᠤᠨ ᠠᠮᠤ ᠪᠤᠳᠠᠭ᠎ᠠ ᠲᠣᠰᠣ ᠨᠥᠭᠡᠴᠡᠯᠡᠬᠦ ᠺᠣᠮᠫᠠᠨᠢ ᠶᠢᠨ ᠠᠮᠢᠳᠤᠷᠠᠯ ᠤᠨ ᠡᠳ᠋ | ᠪᠣᠳᠠᠰ ᠤᠨ ᠪᠠᠲᠤᠯᠠᠭ᠎ᠠ ᠶᠢᠨ ᠲᠥᠪ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠎ᠡ᠃ | ︵ᠳᠥᠷᠪᠡ︶ ᠣᠷᠣᠨ ᠤ ᠲᠥᠪ ᠬᠤᠲᠠ ᠶᠢᠨ ᠣᠨᠴᠠᠯᠢᠭ ᠲᠠᠢ ᠣᠲᠣ ᠦᠶ᠎ᠡ ᠶᠢᠨ ᠲᠠᠷᠢᠶᠠᠯᠠᠩ ᠢ ᠰᠡᠳᠬᠢᠯ | ᠲᠠᠯᠪᠢᠨ ᠴᠣᠭᠴᠠᠯᠠᠨ᠎ᠠ | ᠬᠤᠳᠠ ᠶᠢᠨ ᠲᠠᠷᠢᠶᠠᠯᠠᠩ ᠢ ᠭᠤᠣᠯᠳᠠᠯᠭ᠎ᠠ ᠲᠠᠢ ᠬᠥᠭᠵᠢᠭᠦᠯᠦᠨ᠎ᠡ᠃ ︽ᠨᠢᠭᠡ ᠴᠠᠭᠠᠷᠢᠭ ᠨᠢᠭᠡ ᠲᠣᠭᠤᠷᠢᠭ | ᠬᠤᠶᠠᠷ ᠵᠢᠭᠦᠷ ᠳᠥᠷᠪᠡᠨ ᠬᠠᠪᠲᠠᠭᠠᠢ︾ ᠶᠢᠨ ᠲᠠᠷᠢᠶᠠᠯᠠᠩ ᠤᠨ ᠶᠡᠷᠦᠩᠬᠡᠢ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ | ᠂ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠵᠢᠱᠢᠶ᠎ᠡ | ᠦᠵᠡᠭᠦᠯᠬᠦ ᠣᠷᠣᠨ ᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠬᠤᠩ ᠹᠦ᠋ ᠵᠡᠷᠭᠡ 17 | ᠲᠠᠷᠢᠶᠠᠯᠠᠩ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 2 ᠲᠣᠮᠣ ᠪᠡᠯᠡᠳᠭᠡᠮᠵᠢᠳᠤ ᠲᠠᠷᠢᠶᠠᠯᠠᠩ ᠤᠨ | ᠬᠥᠭᠵᠢᠯᠲᠡ ᠶᠢᠨ ᠭᠤᠣᠯ ᠣᠷᠣᠨ᠂ 5 ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ᠂ 10 ᠪᠡᠯᠡᠳᠭᠡᠮᠵᠢᠳᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ | ᠪᠠᠶᠢᠭᠤᠯᠵᠤ᠂ 1 ᠲᠦᠮᠡᠨ ᠮᠦ ᠪᠡᠯᠡᠳᠭᠡᠮᠵᠢᠳᠤ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠦᠨ᠂ 5000 ᠮᠦ ᠶᠢ | ᠥᠭᠡᠷᠡᠴᠢᠯᠡᠨ ᠳᠡᠭᠡᠭᠰᠢᠯᠡᠭᠦᠯᠦᠨ᠎ᠡ᠃ ᠲᠦᠮᠡᠳ ᠵᠡᠭᠦᠨ ᠬᠤᠰᠢᠭᠤ᠂ ᠦᠴᠦᠸᠠᠨ ᠰᠢᠶᠠᠨ ᠤ ᠤᠯᠤᠰ ᠤᠨ ᠲᠠᠰ ᠤᠨ | ᠲᠠᠷᠢᠶᠠᠯᠠᠩ ᠠᠵᠤ ᠠᠬᠤᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ | ᠳᠠᠷᠢᠵᠤ ᠲᠡᠵᠢᠭᠡᠨ ᠦᠷᠡᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠢᠳᠡᠰᠢᠨ ᠨᠣᠭᠤᠭ᠎ᠠ ᠪᠠ | ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ︽ᠬᠤᠯᠢᠰᠢᠨ | ᠨᠣᠭᠤᠭ᠎ᠠ︾ ᠶᠢᠨ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠵᠠᠳᠠᠭᠠᠢ ᠭᠠᠵᠠᠷ ᠤᠨ ᠢᠳᠡᠰᠢᠨ | ᠨᠣᠭᠤᠭ᠎ᠠ ᠳᠠᠷᠢᠬᠤ ᠲᠠᠯᠠᠪᠠᠢ ᠶᠢ 5000 ᠮᠦ ᠰᠢᠨ᠎ᠡ ᠪᠠᠷ ᠨᠡᠮᠡᠭᠳᠡᠭᠦᠯᠦᠨ᠎ᠡ︔ ᠡᠷᠳᠡᠨᠢ ᠰᠢᠰᠢ ᠶᠢᠨ ᠥᠨᠳᠥᠷ | ᠤᠨᠠᠯᠲᠠ ᠲᠠᠢ ᠲᠣᠭᠲᠠᠭᠤᠨ ᠤᠨᠠᠯᠲᠠ ᠲᠠᠢ ᠴᠢᠳᠠᠪᠤᠷᠢ ᠶᠢᠨ ᠣᠷᠣᠨ ᠢ 370 ᠲᠦᠮᠡᠨ ᠮᠦ ᠲᠥᠪᠯᠡᠷᠡᠭᠦᠯᠦᠨ | ᠪᠦᠲᠦᠭᠡᠨ ᠪᠠᠶᠢᠭᠤᠯᠵᠤ᠂ 14.5 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ | ᠪᠠᠶᠢᠭᠤᠯᠤᠨ᠂ 13 ᠲᠦᠮᠡᠨ ᠮᠦ ᠶᠢ ᠥᠭᠡᠷᠡᠴᠢᠯᠡᠨᠵᠠᠰᠠᠨ ᠰᠠᠶᠢᠵᠢᠷᠠᠭᠤᠯᠵᠤ᠂ 50 ᠲᠦᠮᠡᠨ ᠮᠦ ᠬᠤᠵᠢᠷᠯᠢᠭ | ᠭᠠᠵᠠᠷ ᠢ ᠰᠠᠶᠢᠵᠢᠷᠠᠭᠤᠯᠤᠨ ᠠᠰᠢᠭᠯᠠᠨ᠎ᠠ᠃ ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ ᠪᠠ ᠰᠠᠭᠠᠯᠢ ᠶᠢᠨ | ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠪᠠᠲᠤᠯᠠᠵᠤ᠂ | ᠬᠡᠪᠴᠢᠶᠡᠵᠢᠭᠦᠯᠦᠭᠰᠡᠨ ᠴᠠᠷᠭᠠᠰᠤ ᠶᠢᠨ ᠲᠠᠷᠢᠮᠠᠯ ᠤᠨ ᠰᠠᠭᠤᠷᠢᠨ ᠭᠠᠵᠠᠷ ᠢ 12᠂ ᠬᠡᠪᠴᠢᠶᠡᠵᠢᠭᠦᠯᠦᠭᠰᠡᠨ ᠨᠣᠬᠠᠢ ᠶᠢᠨ | ᠬᠤᠰᠢᠭᠤ ᠳᠠᠷᠢᠬᠤ ᠰᠠᠭᠤᠷᠢᠨ ᠭᠠᠵᠠᠷ ᠢ 10 ᠪᠠᠶᠢᠭᠤᠯᠵᠤ᠂ ᠡᠪᠡᠰᠦ ᠪᠣᠷᠳᠤᠭ᠎ᠠ ᠶᠢᠨ ᠲᠠᠷᠢᠮᠠᠯ ᠤᠨ ᠶᠡᠷᠦᠩᠬᠡᠢ | ᠲᠠᠯᠠᠪᠠᠶ ᠶᠢ 160 ᠲᠦᠮᠡᠨ ᠮᠦ ᠠᠴᠠ ᠳᠠᠪᠠᠭᠤᠯᠤᠨ᠎ᠠ︔ ᠵᠧᠩ ᠶᠤᠸᠠᠨ 4 ᠲᠦᠮᠡᠨ ᠰᠠᠭᠠᠯᠢ ᠶᠢᠨ ᠦᠨᠢᠶ᠎ᠡ | ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠵᠤ᠂ ᠶᠧᠦ ᠷᠠᠨ ᠮᠠᠯ ᠠᠵᠤ | ᠠᠬᠤᠢ ᠶᠢᠨ ᠰᠠᠶᠢᠷᠲᠤ ᠠᠶᠢᠯ ᠤᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂ ᠲᠣᠭᠲᠠᠬᠤ ᠰᠢᠶᠠᠨ ᠤ 18 | ᠲᠦᠮᠡᠨ ᠰᠠᠭᠠᠯᠢ ᠶᠢᠨ ᠦᠨᠢᠶ᠎ᠡ ᠶᠢᠨ ᠪᠣᠬᠢᠷᠲᠤᠯ ᠦᠭᠡᠢ ᠣᠶᠤᠨᠴᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ ᠲᠦᠷᠭᠡᠳᠬᠡᠵᠦ᠂ 6 ᠲᠦᠮᠡᠨ ᠰᠠᠭᠠᠯᠢ ᠶᠢᠨ ᠦᠨᠢᠶ᠎ᠡ ᠶᠢ ᠰᠢᠨ᠎ᠡ ᠪᠠᠷ | ᠨᠡᠮᠡᠭᠳᠡᠭᠦᠯᠦᠨ᠎ᠡ᠃ | ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠲᠠᠷᠢᠶᠠᠯᠠᠩ ᠠᠵᠤ | ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠵᠦ᠂ ᠵᠢᠱᠢᠶ᠎ᠡ ᠦᠵᠡᠭᠦᠯᠬᠦ ᠬᠤᠷᠰᠢᠶ᠎ᠠ ᠶᠢ 40 ᠠᠴᠠ ᠳᠡᠭᠡᠭᠰᠢ᠂ | ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ 30 ᠠᠴᠠ ᠳᠡᠭᠡᠭᠰᠢ ᠡᠭᠦᠳᠦᠨ | ᠪᠠᠶᠢᠭᠤᠯᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 66 | ᠪᠣᠶᠢᠵᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠤᠯᠤᠰ ᠤᠨ ᠲᠠᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ | ᠦᠵᠡᠭᠦᠯᠬᠦ ᠰᠢᠶᠠᠨ ᠢ 2 ᠡᠭᠦᠳᠦᠨ ᠪᠠᠶᠢᠭᠤᠯᠤᠨ᠎ᠠ᠃ ᠬᠤᠪᠢ ᠬᠤᠷᠠᠮᠳᠤᠭᠤᠯᠬᠤ ᠳᠦᠷᠢᠮ᠂ ᠶᠣᠰᠣ ᠰᠤᠷᠲᠠᠬᠤᠨ ᠤ | ᠦᠨᠡᠯᠡᠯᠲᠡ ᠶᠢᠨ ᠬᠤᠷᠠᠯ᠂ ᠲᠣᠰᠬᠤᠨ ᠤ ᠳᠦᠷᠢᠮ ᠠᠷᠠᠳ ᠤᠨ ᠭᠡᠷ᠎ᠡ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ | ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠥᠳᠡᠭᠡ | ᠲᠣᠰᠬᠤᠨ ᠤ ᠪᠣᠳᠠᠰ ᠤᠨ ᠪᠣᠯᠪᠠᠰᠤᠨ ᠢ ᠰᠠᠶᠢᠲᠤᠷ ᠪᠠᠶᠢᠭᠤᠯᠬᠤ ᠪᠠᠷ ᠪᠠᠷᠠᠬᠤ ᠦᠭᠡᠢ ᠨᠡᠩ ᠴᠤ ᠤᠶᠤᠨ ᠤ | ᠪᠣᠯᠪᠠᠰᠤᠨ ᠢ ᠰᠠᠶᠢᠲᠤᠷ ᠪᠠᠶᠢᠭᠤᠯᠤᠨ᠎ᠠ᠃ | ︵ᠲᠠᠪᠤ︶ ᠴᠢᠨᠠᠷ ᠰᠠᠶᠢᠲᠠᠢ ᠬᠤᠲᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠪᠠᠷ ᠳᠡᠮᠵᠢᠨ᠂ ᠣᠷᠣᠨ ᠤ ᠲᠥᠪ ᠬᠤᠲᠠ ᠶᠢ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ | ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ | ᠬᠤᠳᠠ ᠶᠢᠨ ᠵᠠᠮ ᠤᠨ ᠲᠣᠣᠷ ᠢ ᠰᠠᠭᠠᠳ ᠦᠭᠡᠢ ᠨᠡᠪᠲᠡᠷᠡᠭᠦᠯᠦᠨ᠎ᠡ᠃ ᠬᠥᠬᠡᠬᠤᠲᠠ ᠶᠢᠨ ᠰᠢᠨ᠎ᠡ ᠨᠢᠰᠬᠡᠯ ᠤᠨ | ᠪᠠᠭᠤᠳᠠᠯ ᠵᠢᠴᠢ ᠢᠵᠢ ᠪᠦᠷᠢᠳᠦᠭᠦᠯᠬᠦ ᠪᠠᠷᠢᠯᠭ᠎ᠠ ᠶᠢᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠶᠢ ᠠᠬᠢᠭᠤᠯᠵᠤ᠂ | ᠯᠣᠸ ᠨᠢᠦ ᠸᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠣᠭᠤᠯᠵᠤ᠂ ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠲᠡᠮᠦᠷ ᠵᠠᠮ ᠤᠨ ᠡᠮᠦᠨᠡᠬᠢ ᠬᠤᠭᠤᠴᠠᠭᠠᠨ ᠤ | ᠠᠵᠢᠯ ᠢ ᠡᠬᠢᠯᠡᠭᠦᠯᠵᠦ᠂ ᠬᠥᠬᠡᠬᠤᠲᠠ ᠠᠴᠠ ᠪᠤᠭᠤᠲᠤ ᠬᠦᠷᠬᠦ ᠲᠦᠷᠭᠡᠨ ᠤ ᠲᠡᠮᠦᠷ ᠵᠠᠮ ᠵᠢᠴᠢ ᠰᠤᠨᠤᠭᠰᠠᠨ | ᠱᠤᠭᠤᠮ ᠢ ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ S43 ᠨᠢᠰᠬᠡᠯ ᠤᠨ ᠪᠠᠭᠤᠳᠠᠯ ᠤᠨ | ᠲᠦᠷᠭᠡᠨ ᠤ ᠵᠠᠮ᠂ S29 ᠬᠥᠬᠡᠬᠤᠲᠠ ᠠᠴᠠ ᠯᠢᠶᠠᠩᠴᠧᠩ ᠬᠦᠷᠬᠦ ᠲᠦᠷᠭᠡᠨ ᠤ ᠵᠠᠮ᠂ S311 ᠦᠴᠦᠸᠠᠨ ᠠᠴᠠ | ᠶᠠᠩ ᠱᠤ᠋ ᠪᠠ ᠬᠦᠷᠬᠦ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ G59 | ᠬᠥᠬᠡᠬᠤᠲᠠ ᠠᠴᠠ ᠪᠧᠢ ᠬᠠᠢ ᠬᠦᠷᠬᠦ ᠲᠦᠷᠭᠡᠨ ᠤ ᠵᠠᠮ ᠬᠢᠭᠡᠳ 209 ᠤᠯᠤᠰ ᠤᠨ ᠵᠠᠮ ᠢ ᠬᠤᠯᠪᠣᠬᠤ ᠱᠤᠭᠤᠮ ᠢ | ᠵᠢᠯ ᠤᠨ ᠳᠣᠲᠣᠷ᠎ᠠ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ᠂ S27 ᠬᠥᠬᠡᠬᠤᠲᠠ ᠠᠴᠠ ᠣᠷᠳᠣᠰ ᠬᠦᠷᠬᠦ | ᠲᠦᠷᠭᠡᠨ ᠤ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠎ᠡ᠃ ᠤᠯᠠᠨ ᠲᠦᠮᠡᠨ ᠤ ᠶᠠᠪᠤᠵᠤ | ᠰᠠᠭᠤᠬᠤ ᠶᠢ ᠬᠦᠨᠳᠦ ᠨᠣᠴᠢᠲᠠᠢ ᠨᠥᠯᠥᠭᠡᠯᠡᠭᠰᠡᠨ ᠨᠢᠭᠡ ᠪᠦᠯᠦᠭ ︽ᠮᠤᠬᠤᠷ ᠵᠠᠮ︾ ᠢ ᠨᠠᠪᠲᠠᠷᠡᠭᠦᠯᠵᠦ᠂ ᠨᠢᠭᠡ | ᠪᠦᠯᠦᠭ ᠵᠡᠭᠡᠯᠢ ᠶᠢᠨ ᠠᠷᠤ ᠭᠤᠳᠤᠮᠵᠢ ᠶᠢ ᠥᠭᠡᠷᠡᠴᠢᠯᠡᠨ ᠰᠠᠶᠢᠵᠢᠷᠠᠭᠤᠯᠵᠤ᠂ 108 ᠲᠡᠷᠭᠡᠨ ᠵᠣᠭᠰᠣᠭᠠᠯ ᠢ | ᠥᠭᠡᠷᠡᠴᠢᠯᠡᠨ ᠥᠷᠭᠡᠳᠬᠡᠨ ᠪᠠᠶᠢᠭᠤᠯᠵᠤ᠂ ᠲᠡᠷᠭᠡ ᠵᠣᠭᠰᠣᠬᠤ ᠪᠠᠶᠢᠷᠢ ᠶᠢ 4.4 ᠲᠦᠮᠡ ᠰᠢᠨ᠎ᠡ ᠪᠠᠷ ᠨᠡᠮᠡᠭᠳᠡᠭᠦᠯᠦᠨ᠎ᠡ | ᠃ | ᠬᠤᠳᠠ ᠶᠢᠨ ᠰᠢᠨᠡᠴᠢᠯᠡᠯᠲᠡ ᠬᠢᠨ᠎ᠡ᠃ ︽ᠪᠠᠴᠢᠮ ᠪᠤᠰᠤ ᠪᠣᠯ ᠬᠡᠷᠡᠭᠵᠢᠭᠦᠯᠬᠦ ᠦᠭᠡᠢ᠂ ᠠᠷᠠᠳ ᠤᠨ | ᠠᠮᠢᠳᠤᠷᠠᠯ ᠤᠨ ᠪᠤᠰᠤ ᠪᠣᠯ ᠪᠦᠲᠦᠭᠡᠨ ᠪᠠᠶᠢᠭᠤᠯᠬᠤ ᠦᠭᠡᠢ︾ ᠪᠠᠶᠢᠬᠤ ᠵᠠᠷᠴᠢᠮ ᠢ ᠪᠠᠷᠢᠮᠲᠠᠯᠠᠨ᠂ ᠬᠤᠲᠠ ᠶᠢᠨ | ᠵᠡᠭᠦᠨ ᠲᠠᠯ᠎ᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠵᠢᠴᠢ ᠡᠷᠬᠢᠨ ᠲᠣᠭᠤᠷᠢᠨ ᠤ ᠭᠠᠵᠠᠷ ᠤᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠠᠵᠤ ᠠᠬᠤᠶᠢᠯᠠᠯ ᠤᠨ | ᠶᠡᠷᠦᠩᠬᠡᠢ ᠬᠡᠯᠲᠡᠰ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠳᠡᠭᠡᠳᠦ ᠲᠠᠰ ᠤᠨ ᠠᠵᠤ ᠦᠢᠯᠡᠰ᠂ | ᠣᠲᠣ ᠦᠶ᠎ᠡ ᠶᠢᠨ ᠠᠮᠢᠳᠤᠷᠠᠯ ᠤᠨ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠤᠨ᠎ᠠ᠃ | ᠬᠤᠲᠠ ᠶᠢᠨ ᠪᠠᠷᠠᠭᠤᠨ ᠲᠠᠯ᠎ᠠ ᠳᠤ ᠶᠠᠰᠤ ᠴᠢᠨᠠᠷ ᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠠᠵᠢᠯᠯᠠᠭ᠎ᠠ ᠶᠢ | ᠭᠤᠣᠯᠳᠠᠯᠭ᠎ᠠ ᠲᠠᠢ ᠬᠡᠷᠡᠭᠵᠢᠭᠦᠯᠵᠦ᠂ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠵᠡᠷᠭᠡ ᠡᠬᠢ | ᠪᠠᠶᠠᠯᠢᠭ ᠤᠨ ᠬᠦᠴᠦᠨ ᠵᠦᠢᠯ ᠢ ᠢᠦᠢ ᠴᠢᠤᠸᠠᠨ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠴᠡᠯᠡᠭᠡᠷ ᠲᠠᠯ᠎ᠠ | ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠡᠶᠢᠰᠢ ᠬᠡᠯᠪᠡᠶᠢᠯᠭᠡᠵᠦ᠂ ᠴᠡᠯᠡᠭᠡᠷ ᠲᠠᠯ᠎ᠠ ᠰᠦ ᠶᠢᠨ | ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠬᠤᠲᠠ ᠶᠢᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠳᠤ | ᠣᠷᠣᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ᠂ ᠰᠡᠳᠬᠢᠯ | ᠰᠠᠨᠠᠭᠠᠨ ᠳᠤ ᠲᠠᠭᠠᠯᠠᠮᠵᠢᠲᠠᠢ ᠰᠢᠨ᠎ᠡ ᠣᠷᠣᠨ ᠲᠣᠭᠤᠷᠢᠭ ᠪᠣᠯᠭᠠᠨ᠎ᠠ᠃ 229 ᠬᠠᠭᠤᠴᠢᠨ ᠬᠤᠷᠢᠶᠠᠯᠠᠯ ᠢ | ᠥᠭᠡᠷᠡᠴᠢᠯᠡᠵᠦ᠂ 3000 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠵᠤ᠂ | 496 ᠬᠤᠷᠢᠶᠠᠯᠠᠯ ᠤᠨ ︽ᠤᠰᠤ ᠢᠳᠡᠬᠦ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠨ᠎ᠡ᠃ ᠤᠯᠤᠰ ᠠᠴᠠ | ᠬᠡᠷᠡᠭᠵᠢᠭᠦᠯᠵᠦ ᠪᠠᠶᠢᠭ᠎ᠠ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠢᠨᠵᠧᠨᠧᠷᠢᠩ ᠤᠨ ᠠᠵᠠ ᠲᠣᠬᠢᠶᠠᠯ ᠢ | ᠠᠮᠵᠢᠵᠤ᠂ ᠪᠦᠦ ᠴᠢᠤᠸᠠᠨ ᠵᠤᠸᠠᠩ᠂ ᠱᠤᠸᠠᠢ ᠵᠢᠶᠠ ᠶᠢᠩ᠂ ᠹᠠᠨ ᠵᠢᠶᠠ ᠶᠢᠩ ᠵᠡᠷᠭᠡ ᠣᠷᠣᠨ ᠲᠣᠭᠤᠷᠢᠭ ᠤᠨ | ᠥᠭᠡᠷᠡᠴᠢᠯᠡᠯᠲᠡ ᠶᠢ ᠠᠬᠢᠭᠤᠯᠤᠨ᠎ᠠ᠃ ᠬᠤᠳᠠ ᠶᠢᠨ ᠬᠡᠰᠡᠭ ᠪᠤᠰᠠᠭ ᠣᠷᠣᠨ ᠵᠠᠢ ᠶᠢ ᠵᠠᠰᠠᠨ ᠲᠡᠭᠦᠯᠳᠡᠷᠵᠢᠭᠦᠯᠵᠦ᠂ | ᠤᠯᠠᠨ ᠲᠦᠮᠡᠨ ᠤ ᠭᠡᠷ ᠤᠨ ᠡᠭᠦᠳᠡᠨ ᠳᠠᠬᠢ ᠴᠡᠴᠡᠷᠯᠢᠭ ᠵᠤᠭᠠᠴᠠᠯ ᠤᠨ ᠬᠦᠷᠢᠶᠡᠯᠡᠩ 200᠂ ᠬᠤᠳᠠ ᠶᠢᠨ | ᠨᠣᠭᠤᠭᠠᠨ ᠵᠠᠮ 200 ᠺᠢᠯᠣᠮᠧᠲᠷ᠂ ᠨᠣᠭᠤᠭᠠᠷᠠᠭᠤᠯᠤᠯᠲᠠ ᠶᠢᠨ ᠴᠡᠭ 1000 ᠶᠢ ᠨᠡᠭᠡᠭᠡᠨ ᠶᠠᠰᠤ ᠴᠢᠨᠠᠷ ᠢ | ᠳᠡᠭᠡᠭᠰᠢᠯᠡᠭᠦᠯᠵᠦ᠂ ᠠᠷᠠᠳ ᠤᠯᠠᠨ ︽ᠴᠣᠩᠬᠤ ᠪᠠᠨ ᠨᠡᠭᠡᠭᠡᠪᠡᠯ ᠨᠣᠭᠤᠭᠠᠨ ᠢ ᠬᠠᠷᠠᠵᠤ᠂ ᠡᠭᠦᠳᠡ ᠪᠠᠷ ᠭᠠᠷᠪᠠᠯ | ᠴᠡᠴᠡᠷᠯᠢᠭ ᠲᠤ ᠣᠷᠣᠬᠤ︾ ᠪᠣᠯᠭᠠᠨ᠎ᠠ᠃ | ᠬᠤᠳᠠ ᠶᠢᠨ ᠬᠠᠮᠢᠶᠠᠷᠤᠯᠲᠠ ᠶᠢ ᠨᠠᠷᠢᠯᠢᠭ ᠬᠢᠨ᠎ᠡ᠃ ᠬᠤᠲᠠ ᠶᠢᠨ ᠳᠦᠷᠰᠦ ᠪᠠᠶᠢᠳᠠᠯ᠂ ᠪᠣᠯᠪᠠᠰᠤᠨ ᠵᠠᠮ | ᠬᠠᠷᠢᠯᠴᠠᠭ᠎ᠠ᠂ ᠠᠳᠠᠯ ᠠᠬᠤᠢ ᠶᠢᠨ ᠦᠢᠯᠡᠴᠢᠯᠡᠭᠡ ᠵᠡᠷᠭᠡ ᠶᠢ ᠳᠠᠬᠢᠨ ᠴᠡᠭᠴᠡᠯᠡᠨ ᠵᠠᠰᠠᠵᠤ᠂ ᠶᠠᠰᠤ ᠴᠢᠨᠠᠷ ᠢ ᠳᠠᠬᠢᠨ | ᠳᠡᠭᠡᠭᠰᠢᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠦᠷᠭᠦᠯᠵᠢᠯᠡᠨ ᠠᠬᠢᠭᠤᠯᠤᠨ᠎ᠠ | ᠃ ᠬᠤᠳᠠ ᠶᠢᠨ ᠬᠠᠮᠢᠶᠠᠷᠤᠯᠲᠠ ᠶᠢ ᠲᠣᠭᠠᠴᠢᠯᠠᠭᠰᠠᠨ ᠬᠡᠯᠪᠡᠷᠢ ᠵᠦᠭ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠢ | ᠲᠦᠯᠬᠢᠨ ᠠᠬᠢᠭᠤᠯᠵᠤ᠂ ᠣᠶᠤᠨᠲᠤ ᠵᠠᠮ ᠬᠠᠷᠢᠯᠴᠠᠭ᠎ᠠ᠂ ᠣᠶᠤᠨᠲᠤ ᠬᠤᠳᠠ ᠶᠢᠨ ᠬᠠᠮᠢᠶᠠᠷᠤᠯᠲᠠ᠂ ᠣᠶᠤᠨᠲᠤ ᠬᠢᠨᠠᠨ | ᠵᠥᠪᠰᠢᠶᠡᠷᠡᠯ᠂ ᠨᠡᠶᠢᠲᠡ ᠶᠢᠨ ᠳᠤᠭᠤᠢ ᠲᠡᠷᠭᠡ ᠶᠢᠨ ᠣᠶᠤᠨᠲᠤ ᠬᠢᠨᠠᠯᠲᠠ ᠬᠠᠮᠢᠶᠠᠷᠤᠯᠲᠠ ᠵᠡᠷᠭᠡ ᠲᠠᠪᠴᠠᠩ ᠤᠨ | ᠲᠦᠷᠦᠯ ᠵᠦᠢᠯ ᠢ ᠭᠦᠨᠵᠡᠭᠡᠢ ᠬᠡᠷᠡᠭᠵᠢᠭᠦᠯᠵᠦ᠂ 110 ᠰᠠᠯᠠᠭ᠎ᠠ ᠮᠥᠴᠢᠷ ᠤᠨ ᠰᠢᠰᠲ᠋ᠧᠮ ᠤᠨ ᠲᠤᠭ᠎ᠠ ᠪᠠᠷᠢᠮᠲᠠ ᠶᠢ | ᠬᠤᠳᠠ ᠶᠢᠨ ᠶᠡᠭᠡ ᠲᠠᠷᠢᠬᠢᠨ ᠳᠤ ︽ᠵᠠᠯᠭᠠᠵᠤ ᠪᠣᠯᠬᠤ ᠶᠢ ᠪᠦᠬᠦᠨ ᠢ ᠵᠠᠯᠭᠠᠵᠤ᠂ ᠬᠤᠷᠢᠶᠠᠩᠭᠤᠶᠢᠯᠠᠵᠤ ᠪᠣᠯᠬᠤ ᠶᠢ | ᠪᠦᠬᠦᠨ ᠢ ᠬᠤᠷᠢᠶᠠᠩᠭᠤᠶᠢᠯᠠᠵᠤ᠂ ᠬᠡᠷᠡᠭᠯᠡᠵᠦ ᠪᠣᠯᠬᠤ ᠶᠢ ᠪᠦᠬᠦᠨ ᠢ ᠬᠡᠷᠡᠭᠯᠡᠵᠦ︾᠂ ︽ᠳᠡᠯᠭᠡᠴᠡ ᠠᠴᠠ ᠪᠦᠬᠦ | ᠬᠤᠳᠠ ᠶᠢ ᠬᠠᠷᠠᠵᠤ᠂ ᠲᠤᠭ᠎ᠠ ᠪᠠᠷᠢᠮᠲᠠ ᠪᠦᠬᠦ ᠣᠷᠣᠨ ᠪᠦᠰᠡ ᠳᠤ ᠨᠡᠪᠲᠡᠷᠡᠬᠦ︾ ᠶᠢ ᠲᠦᠷᠭᠡᠨ ᠪᠡᠶᠡᠯᠡᠭᠦᠯᠦᠨ᠎ᠡ᠃ | ︵ᠵᠢᠷᠭᠤᠭ᠎ᠠ︶ ᠠᠮᠢ ᠠᠬᠤᠢ ᠶᠢᠨ ᠬᠠᠮᠠᠭᠠᠯᠠᠯᠲᠠ ᠶᠢ ᠴᠠᠭ ᠢᠮᠠᠭᠲᠠ ᠡᠮᠦᠨ᠎ᠡ ᠪᠠᠨ ᠪᠠᠷᠢᠵᠤ᠂ ᠪᠣᠬᠢᠷᠲᠤᠯ | ᠦᠭᠡᠢ ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠨ᠎ᠠ | ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠦᠬᠦ ᠬᠦᠴᠦ ᠪᠠᠷ ᠢᠶᠠᠨ | ᠠᠳᠬᠤᠨ᠎ᠠ᠃ ᠤᠯᠤᠰ ᠤᠨ ᠠᠭᠤᠷ ᠠᠮᠢᠰᠬᠤᠯ ᠵᠣᠬᠢᠴᠠᠬᠤ ᠬᠡᠯᠪᠡᠷᠢ ᠶᠢᠨ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠲᠤᠷᠰᠢᠯᠲᠠ ᠶᠢᠨ ᠬᠤᠲᠠ ᠶᠢ ᠭᠤᠶᠤᠴᠢᠯᠠᠨ ᠮᠡᠳᠡᠭᠦᠯᠵᠦ᠂ ᠦᠯᠡᠳᠡᠭᠰᠡᠨ 5.56 ᠲᠦᠮᠡᠨ | ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠡᠷᠦᠩᠬᠡᠶᠢᠯᠡᠭᠰᠡᠨ ᠵᠠᠰᠠᠯᠲᠠ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠣᠷᠣᠨ ᠤ ᠲᠥᠪ ᠬᠤᠲᠠ ᠶᠢᠨ ᠠᠭᠤᠷ ᠠᠮᠢᠰᠬᠤᠯ ᠢ ᠨᠠᠩ ᠰᠢᠨ᠎ᠡ ᠰᠣᠷᠭᠤᠭ ᠪᠣᠯᠭᠠᠨ᠎ᠠ᠃ ᠣᠷᠣᠨ ᠤ | ᠲᠥᠪ ᠬᠤᠲᠠ ᠶᠢᠨ ᠠᠯᠤᠰ ᠢᠷᠡᠭᠡᠳᠦᠢ ᠶᠢᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠬᠤ ᠬᠠᠲᠤᠨ ᠭᠤᠣᠯ ᠤᠨ | ᠤᠰᠤ ᠶᠢ ᠬᠥᠬᠡᠬᠤᠲᠠ ᠳᠤ ᠲᠠᠲᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠦᠨ ᠪᠦᠲᠦᠭᠡᠨ | ᠪᠠᠶᠢᠭᠤᠯᠤᠨ᠎ᠠ︔ ᠬᠤᠲᠠ ᠶᠢᠨ ᠲᠠᠰ ᠤᠨ ᠤᠰᠤᠨ ᠤ ᠲᠣᠣᠷ ᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠵᠦ᠂ | ᠨᠠᠩ ᠣᠯᠠᠨ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠯᠦᠪᠵᠢᠭᠦᠯᠭᠡ ᠳᠤ ᠣᠷᠣᠭᠤᠯᠬᠤ ᠪᠠᠷ | ᠴᠢᠷᠮᠠᠶᠢᠨ᠎ᠠ︔ ᠲᠣᠭᠲᠠᠬᠤ ᠴᠢᠩ ᠱᠦᠢ ᠾᠧ ᠶᠢᠨ ᠬᠦᠷᠢᠶᠡᠯᠡᠩ ᠲᠣᠭᠤᠷᠢᠭ ᠤᠨ ᠳᠠᠬᠢᠯᠲᠠ ᠤᠰᠤ ᠶᠢ ᠬᠤᠯᠠ | ᠳᠠᠮᠵᠢᠭᠤᠯᠬᠤ ᠬᠤᠭᠤᠯᠠᠢ ᠶᠢᠨ ᠲᠣᠣᠷ ᠤᠨ ᠪᠠᠷᠢᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠳᠠ ᠶᠢᠨ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ᠂ ᠰᠢᠰᠢ ᠶᠢᠨ ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠦᠯᠡᠳᠡᠭᠳᠡᠯ ᠤᠰᠤ ᠶᠢ ᠨᠤᠭᠤ ᠭᠠᠵᠠᠷ ᠢᠶᠠᠷ ᠴᠡᠪᠡᠷᠰᠢᠭᠦᠯᠬᠦ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠣᠷᠣᠨ ᠤ ᠲᠥᠪ ᠬᠤᠲᠠ ᠶᠢᠨ ᠬᠡᠷᠡᠭᠯᠡᠬᠦ ᠤᠰᠤ ᠶᠢ ᠨᠡᠩ ᠪᠠᠲᠤᠯᠠᠭ᠎ᠠ ᠲᠠᠢ ᠪᠣᠯᠭᠠᠨ᠎ᠠ᠃ ︽ | ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 15 | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠦᠨ᠂ 42 ︽ | ᠬᠠᠶᠠᠭᠳᠠᠮᠠᠯ ᠦᠭᠡᠢ ᠡᠰ︾ ᠢ ᠡᠭᠦᠳᠦᠨ ᠪᠠᠶᠢᠭᠤᠯᠵᠤ᠂ 49 ᠬᠦᠳᠡᠷ ᠤᠨ ᠰᠢᠭᠠᠷᠤ ᠶᠢᠨ ᠬᠥᠮᠥᠷᠭᠡ ᠶᠢᠨ | ᠵᠠᠰᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ︔ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠶᠢ ᠴᠢᠩᠭᠠᠳᠬᠠᠵᠤ᠂ ᠪᠣᠬᠢᠷᠲᠤᠭᠰᠠᠨ ᠭᠠᠵᠠᠷ ᠪᠠ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠠᠮᠤᠷ ᠲᠦᠪᠰᠢᠨ ᠠᠰᠢᠭᠯᠠᠯᠲᠠ ᠶᠢᠨ ᠨᠣᠷᠮ᠎ᠠ ᠶᠢ 100% ᠳᠡᠭᠡᠷ᠎ᠡ ᠪᠠᠲᠤᠯᠠᠨ᠎ᠠ᠃ | ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠯᠤᠰ ᠤᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠦᠵᠡᠰᠬᠦᠯᠡᠩᠲᠦ | ᠰᠠᠶᠢᠬᠠᠨ ᠬᠤᠲᠠ ᠪᠠᠯᠭᠠᠰᠤ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠡᠭᠦᠳᠦᠨ | ᠪᠠᠶᠢᠭᠤᠯᠬᠤ ᠠᠵᠢᠯ ᠢ ᠥᠷᠨᠢᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠵᠠᠭᠪᠤᠷ ᠢ ᠪᠤᠢ ᠪᠣᠯᠭᠠᠨ᠎ᠠ︔ ᠠᠮᠢᠳᠤ ᠪᠣᠳᠠᠰ ᠤᠨ ᠤᠯᠠᠨ ᠶᠠᠩᠵᠤᠲᠤ | ᠴᠢᠨᠠᠷ ᠤᠨ ᠬᠠᠮᠠᠭᠠᠯᠠᠯᠲᠠ ᠶᠢ ᠭᠦᠨᠵᠡᠭᠡᠶᠢᠷᠡᠭᠦᠯᠵᠦ᠂ ᠤᠳᠤᠮᠰᠢᠯ ᠤᠨ ᠡᠬᠢ ᠪᠠᠶᠠᠯᠢᠭ ᠤᠨ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ︔ ᠴᠢᠩ ᠱᠦᠢ ᠾᠧ ᠰᠢᠶᠠᠨ ᠤ ᠤᠯᠠᠭᠠᠨᠮᠥ᠋ᠷᠡᠨ ᠤᠯᠤᠰ ᠤᠨ ᠨᠤᠭᠤ ᠭᠠᠵᠠᠷ ᠤᠨ | ᠴᠡᠴᠡᠷᠯᠢᠭ ᠤᠨ ᠲᠤᠷᠰᠢᠯᠲᠠ ᠶᠢᠨ ᠴᠡᠭ᠂ ᠤᠮᠠᠷᠠᠲᠤ ᠬᠡᠰᠡᠭ ᠤᠨ ᠭᠠᠵᠠᠷ ᠣᠷᠣᠨ ᠤ ᠣᠶ ᠰᠢᠭᠤᠢ ᠶᠢᠨ ᠭᠠᠯ ᠤᠨ | ᠭᠠᠮᠰᠢᠭ ᠤᠨ ᠲᠦᠭᠰᠢᠭᠦᠷᠢ ᠶᠡᠬᠡᠲᠡᠢ ᠣᠷᠣᠨ ᠢ ᠶᠡᠷᠦᠩᠬᠡᠶᠢᠯᠡᠨ ᠵᠠᠰᠠᠬᠤ ᠵᠡᠷᠭᠡ ᠲᠥᠷᠥᠯ ᠵᠦᠢᠯ ᠢ ᠪᠠᠶᠢᠭᠤᠯᠤᠨ | ᠪᠦᠲᠦᠭᠡᠨ᠎ᠡ︔ ᠬᠠᠷ᠎ᠠ ᠤᠰᠤ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠨ ᠬᠡᠮᠵᠢᠵᠦ ᠬᠠᠮᠠᠭᠠᠯᠠᠬᠤ᠂ | ᠮᠤᠨᠠ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ | ᠬᠡᠷᠡᠭᠵᠢᠭᠦᠯᠦᠨ᠎ᠡ᠃ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 48 | ᠲᠦᠮᠡᠨ ᠮᠦ ᠠᠴᠠ ᠳᠡᠭᠡᠭᠰᠢ ᠪᠡᠶᠡᠯᠡᠭᠦᠯᠦᠨ᠎ᠡ᠃ ᠳᠠᠯᠠᠨ ᠬᠠᠷ᠎ᠠ ᠠᠭᠤᠯᠠ ᠶᠢᠨ ᠤᠯᠤᠰ ᠤᠨ ᠴᠡᠴᠡᠷᠯᠢᠭ ᠢ ᠡᠭᠦᠳᠦᠨ | ᠪᠠᠶᠢᠭᠤᠯᠤᠨ᠎ᠠ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠦᠬᠦ ᠣᠷᠣᠨ | ᠪᠦᠰᠡ ᠳᠤ ᠲᠦᠯᠬᠢᠨ ᠠᠬᠢᠭᠤᠯᠤᠨ᠎ᠠ᠃ ᠪᠣᠬᠢᠷᠲᠤᠯ ᠦᠭᠡᠢ ᠦᠢᠯᠡᠳᠪᠦᠷᠢ ᠶᠢ 10 ᠣᠷᠴᠢᠮ ᠰᠢᠨ᠎ᠡ ᠪᠠᠷ | ᠨᠡᠮᠡᠭᠳᠡᠭᠦᠯᠵᠦ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠦ ᠶᠢᠨ | ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠤᠯᠤᠰ ᠤᠨ ᠲᠠᠰ ᠤᠨ ᠪᠣᠬᠢᠷᠲᠤᠯ ᠦᠭᠡᠢ ᠬᠦᠷᠢᠶᠡᠯᠡᠩ | ᠲᠣᠭᠤᠷᠢᠭ ᠪᠣᠯᠭᠠᠨ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ 10000 ᠴᠠᠬᠢᠯᠭᠠᠨ ᠴᠡᠨᠡᠭᠯᠡᠬᠦ ᠪᠠᠭᠠᠨ᠎ᠠ ᠶᠢ | ᠰᠢᠨ᠎ᠡ ᠪᠠᠷ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠠᠯᠬᠤᠮ | ᠠᠯᠬᠤᠮ ᠢᠶᠠᠷ ᠬᠠᠩᠭᠠᠨ᠎ᠠ᠃ 45 ᠲᠦᠮᠡᠨ ᠮᠦ ᠣᠶ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠰᠢᠩᠭᠡᠭᠡᠨ | ᠨᠡᠭᠡᠭᠡᠨ ᠬᠥᠭᠵᠢᠭᠦᠯᠵᠦ ᠨᠥᠭᠡᠴᠡᠯᠡᠬᠦ ᠲᠥᠷᠥᠯ ᠵᠦᠢᠯ ᠢ ᠪᠡᠶᠡᠯᠡᠭᠦᠯᠵᠦ᠂ ᠬᠥᠬᠡᠬᠤᠲᠠ ᠶᠢᠨ ᠣᠶ ᠰᠢᠭᠤᠢ ᠶᠢᠨ | ᠦᠢᠯᠡᠰ ᠤᠨ ᠨᠡᠭᠦᠷᠡᠰᠦᠲᠥ᠋ᠷᠥᠭᠴᠢ ᠰᠢᠩᠭᠡᠭᠡᠬᠦ ᠠᠷᠠᠯᠵᠢᠶᠠᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ | ᠠᠬᠢᠭᠤᠯᠤᠨ᠎ᠠ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠠᠭ᠎ᠠ ᠪᠠᠭ᠎ᠠ ᠪᠠᠷ ᠰᠠᠶᠢᠲᠤᠷ ᠬᠢᠵᠦ᠂ | ᠬᠠᠮᠤᠭ ᠤᠨ ᠵᠣᠯ ᠵᠢᠷᠭᠠᠯᠲᠤ ᠲᠥᠷᠥᠭᠳᠡᠯ ᠲᠠᠢ ᠬᠤᠲᠠ ᠶᠢ ᠨᠡᠷ᠎ᠡ ᠨᠢᠳᠡᠷ ᠲᠤᠨᠢ ᠬᠦᠷᠭᠡᠨ᠎ᠡ | ᠬᠠᠯᠠᠭᠤᠨ ᠳᠤᠯᠠᠭᠠᠨ ᠢᠨᠵᠧᠨᠧᠷᠢᠩ ᠢ ᠡᠨᠡ ᠵᠢᠯ ᠤᠨ ᠠᠷᠠᠳ ᠤᠨ ᠠᠮᠢᠳᠤᠷᠠᠯ ᠤᠨ ︽ᠨᠢᠭᠡᠳᠦᠭᠡᠷ | ᠢᠨᠵᠧᠨᠧᠷᠢᠩ︾ ᠪᠣᠯᠭᠠᠨ᠎ᠠ᠃ ᠬᠤᠳᠠ ᠶᠢᠨ ᠭᠤᠣᠯ ᠲᠣᠭᠤᠷᠢᠭ ᠲᠤ ︽ᠴᠠᠭᠠᠷᠢᠭ ᠬᠡᠯᠪᠡᠷᠢ ᠶᠢᠨ ᠢᠯᠴᠢ ᠬᠠᠩᠭᠠᠬᠤ | ᠲᠣᠣᠷ︾ ᠢ ᠪᠠᠶᠢᠭᠤᠯᠵᠤ᠂ ᠪᠦᠬᠦ ᠬᠤᠳᠠ ᠶᠢᠨ ︽ᠣᠯᠠᠨ ᠡᠬᠢ ᠲᠠᠢ ᠨᠢᠭᠡ ᠲᠣᠣᠷ︾ ᠢᠯᠴᠢ ᠬᠠᠩᠭᠠᠬᠤ | ᠰᠢᠰᠲ᠋ᠧᠮᠵᠢ ᠶᠢ ᠪᠦᠷᠢᠯᠳᠦᠭᠦᠯᠦᠨ᠎ᠡ︔ ᠬᠤᠲᠠ ᠶᠢᠨ ᠲᠣᠭᠤᠷᠢᠭ ᠤᠨ ᠦᠯᠡᠳᠡᠭᠰᠡᠨ 36 ᠰᠠᠭᠤᠷᠢ ᠨᠡᠭᠦᠷᠡᠰᠦ | ᠲᠦᠯᠡᠵᠦ ᠢᠯᠴᠢ ᠬᠠᠩᠭᠠᠬᠤ ᠭᠦᠸᠧᠯᠦ ᠶᠢ ᠴᠡᠪᠡᠷ ᠡᠨᠧᠷᠭᠢ ᠪᠠᠷ ᠰᠣᠯᠢᠵᠤ᠂ ᠬᠤᠲᠠ ᠶᠢᠨ ᠲᠣᠭᠤᠷᠢᠭ ᠲᠤ | 100% ᠪᠠᠷ ᠴᠡᠪᠡᠷ ᠳᠤᠯᠠᠭᠠᠯᠠᠭ᠎ᠠ ᠬᠠᠩᠭᠠᠨ᠎ᠠ︔ 87.7 ᠺᠢᠯᠣᠮᠧᠲᠷ ᠬᠠᠭᠤᠴᠢᠷᠠᠭᠰᠠᠨ ᠰᠢᠲᠠᠮᠠᠬᠠᠢ ᠬᠡᠢ ᠶᠢᠨ | ᠬᠤᠭᠤᠯᠠᠢ ᠶᠢᠨ ᠲᠣᠣᠷ᠂ ᠢᠯᠴᠢ ᠬᠠᠩᠭᠠᠬᠤ ᠬᠤᠶᠠᠳᠤᠭᠠᠷ ᠤᠳᠠᠭᠠᠨ ᠤ ᠬᠤᠭᠤᠯᠠᠢ ᠶᠢᠨ ᠲᠣᠣᠷ ᠢ 4554 | ᠺᠢᠯᠣᠮᠧᠲᠷ᠂ ᠢᠯᠴᠢ ᠰᠣᠯᠢᠯᠴᠠᠬᠤ ᠦᠷᠳᠡᠭᠡ ᠶᠢ 280᠂ ᠰᠠᠭᠤᠭᠠᠯᠢ ᠠᠷᠠᠳ ᠤᠨ ᠭᠡᠷ ᠳᠣᠲᠣᠷᠠᠬᠢ ᠰᠢᠲᠠᠮᠠᠬᠠᠢ | ᠬᠡᠢ ᠶᠢᠨ ᠪᠣᠰᠤᠭ᠎ᠠ ᠬᠤᠭᠤᠯᠠᠢ ᠶᠢ 3 ᠲᠦᠮᠡᠨ ᠡᠷᠦᠬᠡ ᠥᠭᠡᠷᠡᠴᠢᠯᠡᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢ 80 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠦᠨ᠎ᠡ᠃ ᠳᠤᠯᠠᠭᠠᠯᠠᠭ᠎ᠠ ᠶᠢᠨ ᠠᠰᠠᠭᠤᠳᠠᠯ ᠢ | ︽ᠲᠤᠶᠢᠯᠪᠤᠷᠢᠲᠠᠢ ᠪᠠᠶᠢᠴᠠᠭᠠᠵᠤ︾᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠨᠠᠷᠢᠨ ᠬᠠᠭᠤᠳᠠᠰᠤ ᠪᠠᠷ ᠬᠠᠮᠢᠶᠠᠷᠴᠤ᠂ | ᠨᠢᠭᠡ ᠨᠢᠭᠡ ᠪᠠᠷ ᠰᠢᠢᠳᠪᠦᠷᠢᠯᠡᠨ᠎ᠡ︔ ᠢᠯᠴᠢ ᠬᠠᠩᠭᠠᠬᠤ ᠠᠵᠤ ᠠᠬᠤᠶᠢᠯᠠᠯ ᠢ ︽ᠶᠡᠬᠡᠪᠡᠷ ᠨᠡᠶᠢᠳᠬᠡᠵᠦ︾ ᠂ ᠪᠥᠬᠦ | ᠬᠤᠲᠠ ᠶᠢᠨ ︽ᠨᠢᠭᠡᠳᠦᠯᠲᠡᠢ ᠦᠨ᠎ᠡ ᠬᠠᠩᠰᠢ᠂ ᠨᠢᠭᠡᠳᠦᠯᠲᠡᠢ ᠬᠢᠨᠠᠨ ᠬᠠᠮᠢᠶᠠᠷᠤᠯᠲᠠ᠂ ᠨᠢᠭᠡᠳᠦᠯᠲᠡᠢ ᠦᠢᠯᠡᠴᠢᠯᠡᠭᠡ︾ | ᠲᠠᠢ ᠢᠯᠴᠢ ᠬᠠᠩᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠣᠶ ᠪᠣᠯᠭᠠᠨ᠎ᠠ︔ ᠨᠠᠷᠢᠯᠢᠭ ᠣᠨᠣᠪᠴᠢᠲᠠᠢ ᠪᠠᠷ ᠢᠯᠴᠢ | ᠬᠠᠩᠭᠠᠬᠤ᠂ ᠬᠡᠷᠡᠭᠴᠡᠭᠡ ᠶᠢ ᠦᠨᠳᠦᠰᠦᠯᠡᠨ ᠢᠯᠴᠢ ᠬᠠᠩᠭᠠᠬᠤ ᠰᠢᠨ᠎ᠡ ᠬᠡᠯᠪᠡᠷᠢ ᠶᠢᠨ ᠣᠶᠤᠨᠴᠢ ᠢᠯᠴᠢ ᠬᠠᠩᠭᠠᠵᠤ | ᠳᠤᠯᠠᠭᠠᠯᠠᠬᠤ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠤᠨ᠎ᠠ︔ ︽ᠠᠷᠠᠳ ᠢ ᠰᠤᠷᠪᠤᠯᠵᠢᠯᠠᠵᠤ ᠢᠯᠴᠢ ᠬᠦᠷᠭᠡᠬᠦ︾ | ᠠᠵᠢᠯᠯᠠᠭ᠎ᠠ ᠥᠷᠨᠢᠭᠦᠯᠵᠦ᠂ ︽ᠴᠡᠭ ᠠᠴᠠ ᠴᠡᠭ ᠲᠤ᠂ ᠬᠤᠶᠠᠷ ᠬᠠᠮᠢᠶᠠᠷᠤᠭᠴᠢ ᠲᠠᠢ︾ ᠢᠯᠴᠢ ᠬᠠᠩᠭᠠᠬᠤ | ᠦᠢᠯᠡᠴᠢᠯᠡᠭᠡᠨ ᠤ ᠳᠦᠷᠢᠮ ᠪᠠ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ | ᠪᠡᠯᠡᠳᠬᠡᠯ ᠲᠥᠰᠥᠯ ᠢ ᠪᠠᠶᠢᠭᠤᠯᠵᠤ᠂ ᠡᠨᠡ ᠵᠢᠯ ᠣᠯᠠᠨ ᠲᠦᠮᠡᠨ ᠤ ᠨᠡᠯᠢᠶᠡᠳ ᠶᠡᠭᠡ ᠲᠤᠰᠬᠠᠯ ᠲᠠᠢ ᠢᠯᠴᠢ | ᠬᠠᠩᠭᠠᠬᠤ ᠠᠰᠠᠭᠤᠳᠠᠯ ᠢ ᠵᠠᠪᠠᠯ ᠦᠨᠳᠦᠰᠦᠨ ᠠᠴᠠ ᠨᠢ ᠰᠢᠢᠳᠪᠦᠷᠢᠯᠡᠨ᠎ᠡ᠃ | ᠭᠤᠣᠯᠳᠠᠯᠭ᠎ᠠ ᠶᠢ ᠠᠳᠬᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠵᠦ᠂ ᠤᠯᠠᠨ ᠲᠦᠮᠡᠨ ᠤ ᠠᠵᠢᠯ | ᠣᠯᠬᠤ ᠬᠡᠷᠡᠭᠴᠡᠭᠡ ᠶᠢ ᠬᠠᠩᠭᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠬᠦᠴᠦ ᠶᠠᠪᠤᠭᠴᠢ ᠮᠠᠯᠴᠢᠨ | ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ᠂ ᠬᠦᠴᠢᠷᠳᠡᠯ ᠲᠠᠢ ᠬᠥᠮᠥᠰ ᠵᠡᠷᠭᠡ ᠭᠤᠣᠯᠳᠠᠯᠭ᠎ᠠ ᠲᠠᠢ ᠬᠥᠮᠥᠰ ᠤᠨ | ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠪᠠ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠤᠳᠠ ᠪᠠᠯᠭᠠᠰᠤᠨ ᠤ 6 ᠲᠦᠮᠡ ᠠᠴᠠ ᠳᠡᠭᠡᠭᠰᠢ ᠬᠥᠮᠥᠨ ᠳᠤ | ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 33 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ | ᠠᠵᠢᠯ ᠣᠯᠭᠤᠨ᠎ᠠ᠃ ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ᠂ ᠠᠵᠤ ᠠᠬᠤᠶᠢᠯᠠᠯ ᠤᠨ | ᠲᠥᠯᠥᠭᠡ ᠠᠵᠢᠯ ᠣᠯᠬᠤ ︾ ᠲᠤᠰᠬᠠᠢ ᠠᠵᠢᠯᠯᠠᠭ᠎ᠠ ᠥᠷᠨᠢᠭᠦᠯᠵᠦ᠂ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠶᠢ | 100 ᠠᠴᠠ ᠳᠡᠭᠡᠭᠰᠢ ᠡᠷᠬᠢᠯᠡᠨ᠎ᠡ᠃ ︽ᠭᠤᠷᠪᠠᠨ ᠵᠢᠯ ᠳᠤ ᠠᠷᠪᠠᠨ ᠲᠦᠮᠡᠨ ᠣᠶᠤᠲᠠᠨ ᠢ ᠬᠥᠬᠡᠬᠤᠲᠠ ᠳᠤ | ᠦᠯᠡᠳᠡᠭᠡᠬᠦ ᠢᠨᠵᠧᠨᠧᠷᠢᠩ︾ ᠢ ᠪᠡᠶᠡᠯᠡᠭᠦᠯᠦᠭᠰᠡᠨ ᠤᠷᠢᠲᠠᠯ ᠳᠣᠣᠷ᠎ᠠ᠂ ︽ᠲᠠᠪᠤᠨ ᠲᠦᠮᠡᠨ ᠣᠶᠤᠲᠠᠨ ᠢ | ᠬᠥᠬᠡᠬᠤᠲᠠ ᠳᠤ ᠦᠯᠡᠳᠡᠭᠡᠬᠦ ᠲᠤᠰᠬᠠᠢ ᠠᠵᠢᠯᠯᠠᠭ᠎ᠠ︾ ᠶᠢ ᠬᠡᠷᠡᠭᠵᠢᠭᠦᠯᠦᠨ᠂ ᠴᠢᠨᠠᠷ ᠰᠠᠶᠢᠲᠠᠢ ᠠᠵᠢᠯ ᠤᠨ ᠪᠠᠶᠢᠷᠢ | ᠬᠠᠩᠭᠠᠵᠤ᠂ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ | ᠬᠥᠬᠡᠬᠤᠲᠠ ᠳᠤ ᠢᠷᠡᠬᠦ ᠬᠥᠬᠡᠬᠤᠲᠠ ᠳᠤ ᠦᠯᠡᠳᠡᠬᠦ ᠴᠢᠳᠠᠪᠤᠷᠢᠲᠠᠨ ᠳᠤ ᠪᠡᠶ᠎ᠡ ᠳᠤᠨᠢ ᠲᠣᠬᠢᠷᠠᠭᠤᠯᠤᠨ᠂ ᠦᠨ᠎ᠡ ᠨᠢ | ᠬᠢᠮᠳᠠ᠂ ᠶᠠᠰᠤ ᠴᠢᠨᠠᠷ ᠨᠢ ᠥᠨᠳᠥᠷ᠂ ᠣᠷᠴᠢᠨ ᠲᠣᠭᠤᠷᠢᠨ ᠨᠢ ᠰᠠᠶᠢᠨ᠂ ᠢᠵᠢ ᠪᠦᠷᠢᠳᠦᠭᠰᠡᠨ ᠬᠡᠲᠦ ᠲᠣᠮᠣ | ᠬᠡᠯᠪᠡᠷᠢ ᠶᠢᠨ ︽ᠵᠠᠯᠠᠭᠤᠴᠤᠳ ᠤᠨ ᠨᠡᠶᠢᠭᠡᠮ ᠲᠣᠭᠤᠷᠢᠭ︾ ᠢ ᠲᠥᠪᠯᠡᠷᠡᠭᠦᠯᠦᠨ ᠪᠠᠶᠢᠭᠤᠯᠵᠤ᠂ ᠬᠥᠬᠡᠬᠤᠲᠠ ᠳᠤ | ᠠᠵᠢᠯᠯᠠᠵᠤ ᠠᠮᠢᠳᠤᠷᠠᠵᠤ ᠪᠠᠶᠢᠭ᠎ᠠ ᠵᠠᠯᠠᠭᠤᠴᠤᠳ ᠢ ︽ᠨᠢᠭᠡ ᠪᠣᠭᠴᠣ ᠲᠠᠢ ᠢᠷᠡᠵᠦ᠂ ᠨᠢᠭᠡ ᠭᠡᠷ ᠲᠠᠢ ᠪᠣᠯᠵᠤ᠂ ᠨᠢᠭᠡ | ᠬᠤᠲᠠ ᠶᠢ ᠪᠠᠶᠢᠭᠤᠯᠬᠤ︾ ᠪᠣᠯᠭᠠᠨ᠎ᠠ᠃ | ᠠᠷᠠᠳ ᠲᠦᠮᠡᠨ ᠤ ᠰᠡᠳᠬᠢᠯ ᠳᠤ ᠬᠠᠨᠤᠮᠵᠢᠲᠠᠢ ᠰᠤᠷᠭᠠᠨ ᠬᠥᠮᠦᠵᠢᠯ ᠢ ᠪᠦᠬᠦ ᠬᠦᠴᠦ ᠪᠦᠬᠦ | ᠴᠢᠳᠠᠯ ᠢᠶᠠᠷ ᠢᠶᠠᠨ ᠰᠠᠶᠢᠲᠤᠷ ᠡᠷᠬᠢᠯᠡᠨ᠎ᠡ᠃ ᠨᠢᠭᠡ ᠪᠦᠯᠦᠭ ᠭᠡᠷ ᠤᠨ ᠡᠭᠦᠳᠡᠨ ᠳᠠᠬᠢ ᠰᠠᠶᠢᠨ ᠰᠤᠷᠭᠠᠭᠤᠯᠢ ᠶᠢ | ᠡᠭᠦᠳᠦᠨ ᠪᠠᠶᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ︽ᠳᠥᠷᠪᠡᠨ ᠨᠢᠭᠡ︾ ᠶᠢᠨ ᠢᠨᠵᠧᠨᠧᠷᠢᠩ ᠢ | ᠬᠡᠷᠡᠭᠵᠢᠭᠦᠯᠦᠨ᠂ ᠬᠤᠰᠢᠭᠤ ᠰᠢᠶᠠᠨ ᠲᠣᠭᠤᠷᠢᠭ ᠨᠢᠭᠡᠪᠦᠷᠢ ᠳᠤ ᠪᠥᠬᠦ ᠣᠷᠣᠨ ᠤ ᠲᠡᠷᠢᠭᠦᠨ ᠤ ᠴᠢᠨᠠᠷ ᠰᠠᠶᠢᠲᠠᠢ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ | ᠨᠠᠭᠠᠲᠤ ᠵᠠᠬ᠎ᠠ ᠳᠠᠭᠠᠨ 1 ᠡᠭᠦᠳᠦᠨ ᠪᠠᠶᠢᠭᠤᠯᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ | ᠪᠠᠭᠤᠷᠠᠢ ᠶᠢ ᠨᠥᠬᠦᠪᠦᠷᠢᠯᠡᠨ᠎ᠡ︔ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 61 ᠰᠢᠨ᠎ᠡ ᠪᠠᠷ | ᠪᠤᠶᠤ ᠦᠷᠭᠦᠯᠵᠢᠯᠡᠨ ᠪᠠᠶᠢᠭᠤᠯᠤᠨ᠎ᠠ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠯᠡᠩ | ᠲᠣᠭᠤᠷᠢᠭ ᠢ ᠲᠦᠷᠭᠡᠳᠬᠡᠨ ᠪᠠᠶᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠬᠦᠷᠢᠶᠡᠯᠡᠩ ᠲᠣᠭᠤᠷᠢᠭ ᠢ ᠡᠬᠢᠯᠡᠭᠦᠯᠵᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠯᠡᠩ | ᠲᠣᠭᠤᠷᠢᠭ ᠪᠣᠯᠭᠠᠨ ᠳᠡᠪᠰᠢᠭᠦᠯᠦᠨ᠎ᠡ︔ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ | ᠬᠤᠣᠰ ᠳᠡᠭᠡᠳᠦ ᠰᠤᠷᠭᠠᠭᠤᠯᠢ︾ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠪᠦᠲᠦᠭᠡᠨ ᠪᠠᠶᠢᠭᠤᠯᠤᠯᠲᠠ ᠶᠢᠨ | ᠭᠤᠶᠤᠴᠢᠯᠠᠯ ᠢ ᠠᠬᠢᠭᠤᠯᠤᠨ᠎ᠠ᠃ ᠨᠢᠭᠡ ᠪᠦᠯᠦᠭ ᠣᠶᠤᠨᠴᠢ ᠰᠤᠷᠭᠠᠨ ᠬᠥᠮᠦᠵᠢᠯ ᠤᠨ ︽ᠲᠣᠭᠠᠴᠢᠯᠠᠬᠤ︾ ᠲᠥᠷᠥᠯ | ᠵᠦᠢᠯ ᠢ ᠬᠡᠷᠡᠭᠵᠢᠭᠦᠯᠵᠦ᠂ 9 ︽ᠢᠷᠡᠭᠡᠳᠦᠢ ᠶᠢᠨ ᠰᠤᠷᠭᠠᠨ ᠬᠥᠮᠦᠵᠢᠯ︾ ᠤᠨ ᠲᠤᠷᠰᠢᠯᠲᠠ ᠶᠢᠨ ᠰᠤᠷᠭᠠᠭᠤᠯᠢ ᠶᠢ | ᠪᠦᠲᠦᠭᠡᠨ ᠪᠠᠶᠢᠭᠤᠯᠤᠨ᠎ᠠ᠃ ᠨᠢᠭᠡ ᠢᠵᠢ ︽ᠣᠷᠭᠠᠨᠢᠭ ᠰᠢᠨᠡᠴᠢᠯᠡᠯᠲᠡ︾ ᠲᠠᠢ ᠡᠩᠨᠡᠭᠡ ᠶᠢᠨ ᠬᠠᠮᠢᠶᠠᠷᠤᠯᠲᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠠᠬᠢᠷᠤᠯ ᠢ ᠬᠢᠨᠠᠨ ᠰᠢᠯᠭᠠᠵᠤ ᠠᠳᠠᠭ ᠢ ᠰᠢᠭᠰᠢᠬᠦ | ᠲᠣᠭᠲᠠᠴᠠ ᠶᠢ ᠪᠦᠷᠢᠨᠰᠢᠭᠦᠯᠵᠦ᠂ ᠡᠭᠦᠷᠭᠡᠯᠡᠵᠦ ᠳᠡᠶᠢᠯᠬᠦ ᠦᠭᠡᠢ ᠶᠢ ᠨᠢ ᠤᠭᠴᠤᠷᠠᠭᠤᠯᠤᠨ ᠰᠣᠯᠢᠨ᠎ᠠ︔ | ᠬᠢᠴᠢᠶᠡᠯ ᠤᠨ ᠪᠠᠭᠰᠢ ᠪᠠ ᠵᠢᠭᠠᠨ ᠰᠤᠳᠤᠯᠭᠠᠨ ᠤ ᠪᠠᠭᠰᠢ ᠶᠢᠨ ᠲᠤᠰᠢᠶᠠᠯ ᠡᠭᠦᠷᠭᠡᠯᠡᠬᠦ ︽ᠡᠷᠭᠢᠯᠳᠦᠭᠡ ᠡᠭᠦᠳᠡ︾ | ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠤᠰᠢᠶᠠᠯ ᠳᠠᠭᠠᠨ ᠲᠡᠩᠴᠡᠬᠦ ᠦᠭᠡᠢ ᠶᠢ ᠠᠵᠢᠯ ᠤᠨ ᠪᠠᠶᠢᠷᠢ ᠠᠴᠠ ᠨᠢ | ᠰᠠᠯᠭᠠᠨ᠎ᠠ᠃ ︽ᠱᠠᠩᠨᠠᠬᠤ ᠪᠠᠷ ᠰᠢᠯᠢᠳᠡᠭ ᠢ ᠬᠥᠮᠥᠵᠢᠭᠦᠯᠬᠦ︾ ᠦᠨᠡᠯᠡᠨ ᠵᠢᠱᠢᠵᠦ ᠬᠢᠨᠠᠨ ᠬᠡᠮᠵᠢᠬᠦ ᠲᠠᠪᠴᠠᠩ ᠢ | ᠪᠠᠶᠢᠭᠤᠯᠵᠤ᠂ ᠰᠤᠷᠭᠠᠨ ᠬᠥᠮᠦᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠤᠷᠭᠠᠨ ᠬᠥᠮᠦᠵᠢᠯ ᠤᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠵᠢᠯ ᠤᠨ ᠡᠴᠦᠰ ᠤᠨ ᠬᠠᠷᠠᠯᠲᠠᠲᠤ ᠬᠢᠨᠠᠨ ᠰᠢᠯᠭᠠᠯᠲᠠ ᠳᠤ ᠣᠷᠣᠭᠤᠯᠵᠤ᠂ ᠦᠨᠡᠯᠡᠭᠰᠡᠨ | ᠦᠷ᠎ᠡ ᠳ᠋ᠦᠩ ᠢ ᠰᠤᠷᠭᠠᠭᠤᠯᠢ ᠶᠢᠨ ᠱᠠᠩᠨᠠᠵᠤ ᠲᠣᠷᠭᠠᠬᠤ᠂ ᠡᠬᠢ ᠪᠠᠶᠠᠯᠢᠭ ᠢ ᠲᠣᠬᠢᠷᠠᠭᠤᠯᠬᠤ ᠦᠨᠳᠦᠰᠦᠯᠡᠯ | ᠪᠣᠯᠭᠠᠨ᠎ᠠ᠃ ᠰᠤᠷᠭᠠᠨ ᠬᠥᠮᠦᠵᠢᠯ ᠤᠨ ᠠᠵᠢᠯᠲᠠᠳ ᠢ ᠬᠠᠶᠢᠷᠠᠯᠠᠨ ᠬᠠᠯᠠᠮᠵᠢᠯᠠᠬᠤ ᠨᠢᠭᠡ ᠪᠦᠯᠦᠭ ︽ᠰᠡᠳᠬᠢᠯ ᠢ | ᠳᠤᠯᠠᠭᠠᠴᠠᠭᠤᠯᠬᠤ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠪᠠᠭᠰᠢ ᠶᠢᠨ ᠢᠷᠠᠭᠤ ᠠᠯᠳᠠᠷ ᠤᠨ ᠲᠣᠭᠲᠠᠴᠠ ᠶᠢ | ᠲᠡᠭᠦᠯᠳᠡᠷᠵᠢᠭᠦᠯᠦᠨ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠵᠤ᠂ ᠶᠡᠭᠡ ᠱᠠᠩᠨᠠᠯ ᠬᠥᠬᠢᠭᠦᠯᠦᠯ ᠣᠯᠭᠤᠵᠤ᠂ | ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ | ᠪᠤᠢ ᠪᠣᠯᠭᠠᠨ᠎ᠠ᠃ ︽ᠶᠣᠰᠣ ᠮᠣᠷᠠᠯ ᠢ ᠪᠤᠶ ᠪᠣᠯᠭᠠᠵᠤ ᠬᠥᠮᠥᠨ ᠢ ᠬᠥᠮᠥᠵᠢᠭᠦᠯᠬᠦ︾ ᠦᠨᠳᠦᠰᠦᠨ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠢ ᠬᠥᠩᠭᠡᠷᠡᠭᠦᠯᠬᠦ︾ ᠠᠵᠢᠯ ᠢ ᠦᠷᠭᠦᠯᠵᠢᠯᠡᠨ ᠠᠬᠢᠭᠤᠯᠵᠤ᠂ | ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠴᠢᠨᠠᠷ ᠰᠠᠶᠢᠲᠠᠢ ᠥᠷᠨᠢᠭᠦᠯᠵᠦ᠂ ︽ᠰᠤᠷᠤᠭᠴᠢ ᠡᠳᠦᠷ ᠪᠦᠷᠢ ᠨᠢᠭᠡ | ᠪᠢᠰᠢᠯᠠᠭ︾ ᠡᠷᠡᠭᠦᠯ ᠮᠡᠨᠳᠦ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠡᠦᠬᠡᠳ ᠤᠳ ᠤᠨ ᠶᠣᠰᠣ | ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠶᠢ ᠪᠥᠬᠦ ᠲᠠᠯ᠎ᠠ ᠪᠠᠷ ᠬᠥᠭᠵᠢᠭᠦᠯᠦᠨ᠎ᠡ᠃ | ᠤᠯᠠᠨ ᠲᠦᠮᠡᠨ ᠤ ᠡᠷᠡᠭᠦᠯ ᠮᠡᠨᠳᠤ ᠶᠢ ᠰᠡᠳᠬᠢᠯ ᠲᠠᠯᠪᠢᠨ ᠰᠠᠶᠢᠲᠤᠷ ᠰᠠᠬᠢᠨ ᠬᠠᠮᠠᠭᠠᠯᠠᠨ᠎ᠠ᠃ ᠬᠤᠲᠠ ᠶᠢᠨ | ᠵᠡᠭᠦᠨ ᠬᠡᠰᠡᠭ ᠤᠨ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠳᠠᠬᠢ ᠡᠮᠨᠡᠯᠭᠡ ᠶᠢᠨ | ᠬᠤᠷᠢᠶ᠎ᠠ᠂ ᠬᠤᠲᠠ ᠶᠢᠨ ᠪᠠᠷᠠᠭᠤᠨ ᠬᠡᠰᠡᠭ ᠤᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠬᠠᠷᠢᠶᠠᠲᠤ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ | ᠠᠬᠢᠭᠤᠯᠤᠨ᠎ᠠ︔ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ | ᠲᠥᠪ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ | ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠵᠡᠷᠭᠡ ᠲᠥᠷᠥᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠡᠭᠦᠯᠡᠨ ᠬᠥᠨᠳᠡᠢ ᠶᠢᠨ | ᠡᠮᠨᠡᠯᠭᠡ ᠶᠢᠨ ᠬᠤᠷᠢᠶ᠎ᠠ ᠶᠢᠨ ᠲᠣᠭᠤᠷᠢᠭ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ | ᠬᠤᠷᠢᠶ᠎ᠠ ᠶᠢᠨ ᠬᠡᠤᠬᠡᠳ ᠰᠠᠭᠠᠲᠠᠭᠤᠯᠬᠤ ᠠᠵᠢᠯ ᠢ ᠵᠢᠯᠣᠭᠤᠳᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ | ᠲᠥᠷᠥᠯ ᠵᠦᠢᠯ ᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ 2 ᠤᠯᠤᠰ ᠤᠨ ᠣᠷᠣᠨ ᠪᠦᠰᠡ ᠶᠢᠨ | ᠡᠮᠴᠢᠯᠡᠭᠡᠨ ᠤ ᠲᠥᠪ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠤᠰ ᠥᠪᠡᠷᠲᠡᠭᠡᠨ ᠵᠠᠰᠠᠬᠤ ᠣᠷᠣᠨ ᠤ | ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠰᠠᠯᠠᠭ᠎ᠠ ᠶᠢ 5 ᠪᠠᠶᠢᠭᠤᠯᠤᠨ᠎ᠠ︔ ᠣᠷᠣᠨ ᠤ ᠭᠠᠳᠠᠨᠠᠬᠢ 52 | ᠡᠮᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠯᠴᠠᠭ᠎ᠠ ᠥᠷᠨᠢᠭᠦᠯᠵᠦ᠂ ︽ᠢᠨᠲ᠋ᠧᠷ ᠰᠦᠯᠵᠢᠶ᠎ᠡ + ᠡᠮᠴᠢᠯᠡᠭᠡ︾ ᠶᠢᠨ | ᠵᠠᠭᠪᠤᠷ ᠢ ᠶᠡᠭᠡ ᠪᠠᠷ ᠬᠥᠭᠵᠢᠭᠦᠯᠦᠨ᠂ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠵᠦ᠂ ᠡᠮᠴᠢᠯᠡᠭᠡᠨ ᠳᠤ ᠭᠠᠳᠠᠭᠰᠢ | ᠶᠠᠪᠤᠬᠤ ᠶᠢ ᠪᠠᠭᠠᠰᠬᠠᠵᠤ᠂ ᠠᠷᠠᠳ ᠣᠯᠠᠨ ᠳᠤ ᠬᠡᠷ ᠤᠨ ᠡᠭᠦᠳᠡᠨ ᠳᠡᠭᠡᠷ᠎ᠡ ᠴᠢᠨᠠᠷ ᠰᠠᠶᠢᠲᠠᠶ ᠡᠮᠴᠢᠯᠡᠭᠡᠨ ᠤ ᠡᠬᠢ | ᠪᠠᠶᠠᠯᠢᠭ ᠤᠨ ᠦᠢᠯᠡᠴᠢᠯᠡᠭᠡ ᠬᠦᠷᠲᠡᠭᠡᠨ᠎ᠡ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠨ᠎ᠠ᠃ | ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠪᠠᠷᠢᠮᠵᠢᠶ᠎ᠠ ᠳᠤ ᠬᠦᠷᠭᠡᠬᠦ | ᠠᠵᠢᠯᠯᠠᠭ᠎ᠠ ᠶᠢ ᠬᠡᠷᠡᠭᠵᠢᠭᠦᠯᠵᠦ᠂ ᠤᠯᠤᠰ ᠤᠨ ᠪᠠᠷᠢᠮᠵᠢᠶ᠎ᠠ ᠠᠴᠠ ᠳᠣᠣᠷᠠᠬᠢ ᠶᠢ ᠳᠡᠭᠡᠭᠰᠢᠯᠡᠭᠦᠯᠵᠦ᠂ ᠤᠯᠤᠰ ᠤᠨ | ᠪᠠᠷᠢᠮᠵᠢᠶ᠎ᠠ ᠪᠠᠷ ᠥᠨᠳᠥᠷ ᠢ ᠦᠷᠭᠦᠯᠵᠢᠯᠡᠨ ᠰᠠᠶᠢᠲᠤᠷ ᠪᠠᠲᠤᠯᠠᠨ᠎ᠠ᠃ ᠤᠯᠤᠰ ᠤᠨ ᠠᠮᠤᠷ ᠲᠠᠶᠢᠪᠤᠩ ᠡᠮᠨᠡᠨ | ᠰᠤᠪᠢᠯᠠᠬᠤ ᠲᠤᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠪᠦᠬᠦ ᠣᠷᠣᠨ ᠤ | ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠦᠯᠢᠭᠡᠷ ᠳᠠᠭᠤᠷᠢᠶᠠᠯ ᠣᠷᠣᠨ︾ ᠪᠠ ᠬᠥᠳᠡᠭᠡ | ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠵᠢᠱᠢᠶ᠎ᠡ ᠦᠵᠡᠭᠦᠯᠬᠦ ᠣᠷᠣᠨ︾ ᠢ ᠡᠭᠦᠳᠦᠨ᠎ᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠳᠤᠮᠳᠠ ᠪᠠ ᠤᠷᠲᠤ ᠬᠤᠭᠤᠴᠠᠭᠠᠨ ᠤ | ᠬᠥᠭᠵᠢᠯᠲᠡ ᠶᠢᠨ ᠲᠥᠯᠥᠪᠵᠢᠭᠦᠯᠭᠡ︾ ᠶᠢ ᠭᠦᠨᠵᠡᠭᠡᠶ ᠨᠠᠶᠢᠳᠠᠪᠤᠷᠢᠵᠢᠭᠤᠯᠵᠤ᠂ ᠵᠠᠯᠠᠭᠤᠴᠤᠳ ᠤᠨ ᠬᠥᠭᠵᠢᠯᠲᠡ ᠶᠢᠨ | ᠬᠡᠯᠪᠡᠷᠢ ᠶᠢᠨ ᠬᠤᠲᠠ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠤᠨ | ᠬᠡᠦᠬᠡᠳ ᠤᠨ ᠨᠥᠬᠦᠷᠰᠡᠭ ᠬᠤᠲᠠ᠂ ᠪᠦᠬᠦ ᠤᠯᠤᠰ ᠤᠨ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ | ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠡᠭᠦᠳᠦᠨ ᠪᠠᠶᠢᠭᠤᠯᠤᠨ᠎ᠠ᠃ ︽ᠨᠢᠭᠡ ᠴᠣᠮᠣ ᠰᠦ︾ | ᠶᠢᠨ ᠦᠷᠡᠵᠢᠯ ᠤᠨ ᠬᠠᠯᠠᠮᠵᠢᠯᠠᠯ ᠤᠨ ᠠᠵᠢᠯᠯᠠᠭ᠎ᠠ ᠶᠢ ᠠᠬᠢᠭᠤᠯᠵᠤ᠂ ᠡᠯ᠎ᠡ ᠬᠠᠮᠲᠤ ᠣᠯᠠᠨ ᠳᠤ ᠴᠥᠮ ᠬᠠᠶᠢᠷ᠎ᠠ | ᠬᠠᠯᠠᠮᠵᠢ ᠶᠢ ᠬᠦᠷᠲᠡᠭᠡᠵᠦ᠂ ᠬᠠᠯᠠᠭᠤᠨ ᠳᠤᠯᠠᠭᠠᠨ ᠢ ᠮᠡᠳᠡᠷᠡᠭᠦᠯᠦᠨ᠎ᠡ᠃ | ︵ᠨᠠᠢᠮᠠ︶ ᠬᠦᠨᠳᠦ ᠶᠡᠭᠡ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ ᠰᠡᠷᠭᠡᠶᠢᠯᠡᠨ | ᠠᠷᠢᠯᠭᠠᠵᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ | ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠶᠤᠯᠭᠦᠢ ᠶᠢ ᠪᠠᠬᠢᠵᠢᠭᠦᠯᠦᠨ ᠳᠡᠭᠡᠭᠰᠢᠯᠡᠭᠦᠯᠬᠦ | ᠠᠵᠢᠯᠯᠠᠭ᠎ᠠ ᠥᠷᠨᠢᠭᠦᠯᠵᠦ᠂ ᠬᠦᠨᠳᠦ ᠣᠨᠴᠠ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ | ᠬᠤᠷᠢᠭᠯᠠᠨ᠎ᠠ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ | ᠵᠥᠪᠰᠢᠶᠡᠷᠡᠭᠡᠳ ᠬᠠᠩᠭᠠᠭᠰᠠᠨ ᠦᠭᠡᠢ ᠭᠠᠵᠠᠷ ᠰᠢᠷᠣᠢ ᠶᠢ 2.7 ᠲᠦᠮᠡᠨ ᠮᠦ ᠰᠢᠢᠳᠪᠦᠷᠢᠯᠡᠨ᠎ᠡ᠃ ᠰᠢᠨ᠎ᠡ ᠴᠠᠭ | ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ | ᠣᠷᠣᠯᠠᠨ ᠭᠦᠢᠴᠡᠳᠬᠡᠬᠦ ᠲᠦᠷᠢᠮ ᠢ ᠭᠦᠨᠵᠡᠭᠡᠶ ᠬᠡᠷᠡᠭᠵᠢᠭᠦᠯᠦᠨ᠎ᠡ᠃ 17068 ︽ᠠᠰᠠᠷ ᠲᠤᠰᠢᠶᠠᠬᠤ ᠶᠢ ᠪᠠᠲᠤᠯᠠᠬᠤ | ︾ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ︽ᠭᠤᠷᠪᠠ ᠶᠢ ᠪᠠᠲᠤᠯᠠᠬᠤ︾ ᠶᠢ ᠪᠠᠷᠢᠮᠲᠠᠯᠠᠵᠤ᠂ | ︽ᠠᠷᠪᠢᠴᠢ ᠭᠠᠮᠲᠠᠢ ᠠᠮᠢᠳᠤᠷᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠣᠷᠳᠣᠨ ᠤ | ᠡᠳᠦᠷ ᠲᠤᠳᠤᠮ ᠤᠨ ᠵᠠᠷᠤᠯᠭ᠎ᠠ ᠶᠢ ᠪᠠᠭᠠᠰᠬᠠᠨ᠎ᠠ᠃ ᠥᠨᠳᠥᠷ ᠲᠦᠭᠰᠢᠭᠦᠷᠢᠲᠡᠶ ᠬᠥᠳᠡᠭᠡ ᠲᠣᠰᠬᠤᠨ ᠤ | ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠲᠣᠰᠬᠤᠨ ᠪᠠᠯᠭᠠᠰᠤ ᠶᠢᠨ ᠪᠠᠩᠬᠢ ᠶᠢᠨ ᠮᠠᠯᠠᠭᠠᠢ ᠪᠠᠨ ᠠᠪᠴᠤ | ᠬᠠᠶᠠᠬᠤ ᠶᠢ ᠲᠦᠷᠭᠡᠳᠬᠡᠨ ᠠᠬᠢᠭᠤᠯᠤᠨ᠎ᠠ᠃ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠦᠨᠡᠨᠬᠦ | ᠪᠡᠶᠡᠯᠡᠭᠦᠯᠦᠨ᠎ᠡ᠃ ᠤᠷᠢᠳᠴᠢᠯᠠᠨ ᠲᠥᠯᠥᠬᠦ ᠬᠡᠷᠡᠭᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ | ᠥᠲᠥᠭᠡᠵᠦ ᠺᠠᠷᠲ ᠬᠢᠯᠭᠡᠬᠦ︾᠂ ︽ᠵᠣᠭᠤᠰ ᠬᠠᠳᠠᠭᠠᠯᠠᠭᠤᠯᠤᠭᠠᠳ ᠳᠤᠲᠠᠭᠠᠬᠤ︾ ︽ᠡᠵᠡᠷᠬᠡᠭ ᠲᠣᠭᠲᠠᠭᠠᠯ︾ | ᠵᠡᠷᠭᠡ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠪᠠᠶᠢᠭᠤᠯᠤᠯᠲᠠ ᠶᠢ ᠶᠡᠬᠡᠪᠡᠷ ᠳᠠᠮᠵᠢᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠢ | ᠰᠠᠶᠢᠲᠤᠷ ᠬᠢᠵᠦ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ︽ᠠᠷᠪᠠᠨ ᠵᠢᠯ ᠳᠠᠷᠠᠭᠠᠯᠠᠨ | ᠮᠠᠩᠯᠠᠶᠢᠯᠠᠬᠤ︾ ᠶᠢ ᠴᠢᠷᠮᠠᠶᠢᠨ ᠴᠣᠭᠴᠠᠯᠠᠨ᠎ᠠ᠃ | ᠲᠥᠯᠥᠭᠡᠯᠡᠭᠴᠢᠳ ᠠ᠋︕ ᠣᠳᠣᠬᠠᠨ ᠤ ᠬᠥᠬᠡᠬᠤᠲᠠ ᠨᠢᠭᠡᠨᠲᠡ ᠴᠣ ᠰᠢᠨ᠎ᠡ ᠬᠥᠭᠵᠢᠯᠲᠡ ᠶᠢᠨ ᠱᠠᠲᠤᠨ ᠳᠤ | ᠣᠷᠣᠯ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠴᠠᠭ ᠢᠮᠠᠭᠲᠠ ᠣᠷᠣᠨ ᠤ ᠲᠥᠪ ᠬᠤᠲᠠ ᠶᠢᠨ ᠡᠯ᠎ᠡ ᠵᠦᠢᠯ ᠤᠨ | ᠠᠵᠢᠯ ᠤᠨ ᠭᠤᠣᠯ ᠰᠢᠵᠢᠮ ᠪᠣᠯᠭᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ | ᠬᠤᠳᠠ ᠶᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ︽ᠲᠤᠯᠤᠭᠠᠨ | ᠵᠢᠱᠢᠶᠡᠴᠢ ᠪᠣᠯᠬᠤ︾ ᠳᠡᠭᠡᠷ᠎ᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠪᠠᠨ ᠬᠠᠷᠠᠭᠤᠯᠵᠤ᠂ ︽ | ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠬᠥᠮᠥᠰ ᠤᠨ ᠰᠡᠳᠬᠢᠯ ᠳᠤ | ᠬᠠᠳᠠᠩᠰᠢᠭᠤᠯᠬᠤ ᠬᠡᠷᠡᠭᠲᠡᠢ᠃ ᠨᠢᠭᠡ ᠳᠤ᠂ ᠦᠢᠯᠡ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ ᠪᠠᠨ ᠬᠠᠷᠠᠭᠤᠯᠵᠤ᠂ | ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ | ᠨᠥᠬᠦᠴᠡᠯ ᠳᠤᠷᠠᠳᠬᠤ ᠦᠭᠡᠢ᠂ ᠨᠤᠭᠤᠯᠬᠤ ᠦᠭᠡᠢ᠂ ᠬᠤᠪᠢᠷᠠᠭᠤᠯᠬᠤ ᠦᠭᠡᠢ᠂ ︽ᠬᠤᠶᠠᠷ ᠢ ᠲᠣᠭᠲᠠᠭᠠᠭᠰᠠᠨ︾ ᠤ | ᠦᠨᠡᠨᠴᠢ ᠰᠢᠳᠤᠷᠭᠤ ᠬᠦᠷᠢᠶᠡᠯᠡᠭᠴᠢ᠂ ︽ᠬᠤᠶᠠᠷ ᠢ ᠬᠠᠮᠠᠭᠠᠯᠠᠬᠤ︾ ᠶᠢᠨ ᠦᠨᠡᠨᠴᠢ ᠰᠢᠳᠤᠷᠭᠤ | ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠬᠤᠶᠠᠷ ᠲᠤ᠂ ᠪᠣᠳᠠᠲᠠᠢ ᠠᠵᠢᠯᠯᠠᠬᠤ ᠪᠠᠷ ᠬᠠᠮᠲᠤᠷᠠᠯ ᠤᠨ ᠬᠦᠴᠦᠨ ᠢ | ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ | ᠱᠠᠭᠠᠷᠳᠠᠯᠭ᠎ᠠ ᠶᠣᠰᠣᠭᠠᠷ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠭᠤᠣᠯ ᠡᠭᠦᠷᠭᠡ | ᠲᠤᠰᠢᠶᠠᠯ ᠢᠶᠠᠨ ᠪᠣᠯᠭᠠᠵᠤ᠂ ᠲᠣᠭᠲᠠᠭᠠᠭᠰᠠᠨ ᠢᠶᠠᠨ ᠬᠢᠵᠦ᠂ ᠬᠡᠯᠡᠭᠰᠡᠨ ᠢᠶᠠᠨ ᠭᠦᠢᠴᠡᠳᠬᠡᠵᠦ᠂ ᠨᠢᠭᠡ ᠶᠢ ᠬᠢᠪᠡᠯ | ᠨᠢᠭᠡ ᠶᠢ ᠪᠦᠲᠦᠭᠡᠵᠦ᠂ ᠨᠢᠭᠡ ᠶᠢ ᠪᠦᠲᠦᠭᠡᠪᠡᠯ ᠨᠢᠭᠡ ᠶᠢ ᠲᠤᠰᠢᠶᠠᠵᠤ᠂ ︽ᠬᠤᠭᠤᠰᠤᠨ ᠤᠷᠢᠶ᠎ᠠ ᠬᠠᠰᠬᠢᠷᠤᠭᠠᠳ᠂ | ᠠᠵᠢᠯᠯᠠᠭ᠎ᠠ ᠠᠪᠬᠤ ᠦᠭᠡᠢ︾ ᠪᠠᠶᠢᠬᠤ ᠶᠢ ᠡᠷᠡᠰ ᠲᠠᠰᠤ ᠬᠤᠷᠢᠭᠯᠠᠵᠤ᠂ ᠣᠪᠣᠷ ᠤᠨ ᠲᠠᠯ᠎ᠠ ᠪᠠᠷ ᠬᠢ ︽ | ᠬᠤᠳᠬᠤᠬᠤ︾ ᠪᠠ ᠶᠠᠪᠤᠴᠠ ᠶᠢᠨ ᠲᠠᠯ᠎ᠠ ᠪᠠᠷ ᠬᠢ ︽ᠳᠥᠩᠭᠡᠬᠦ︾ ᠢ ᠡᠷᠡᠰ ᠲᠠᠰᠤ ᠬᠤᠷᠢᠭᠯᠠᠵᠤ᠂ ᠬᠥᠭᠵᠢᠯᠲᠡ ᠶᠢ | ᠠᠬᠢᠭᠤᠯᠬᠤ᠂ ᠠᠷᠠᠳ ᠲᠤ ᠪᠤᠶᠠᠨ ᠦᠢᠯᠡᠳᠬᠦ ᠶᠢᠨ ᠬᠡᠷᠡᠭᠵᠢᠭᠦᠯᠦᠭᠴᠢ᠂ ᠠᠵᠢᠯᠯᠠᠭᠠᠨ ᠤ ᠪᠦᠯᠦᠭᠲᠡᠨ᠂ ᠪᠣᠳᠠᠲᠠᠢ | ᠠᠵᠢᠯᠯᠠᠭᠴᠢ ᠪᠣᠯᠬᠤ ᠬᠡᠷᠡᠭᠲᠡᠢ᠃ ᠭᠤᠷᠪᠠ ᠳᠤ᠂ ᠳᠦᠷᠢᠮ ᠢᠶᠠᠷ ᠬᠠᠤᠯᠢ ᠪᠠᠷ ᠵᠠᠰᠠᠬᠤ ᠶᠢ ᠪᠠᠲᠤᠯᠠᠵᠤ᠂ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ᠂ ᠤᠯᠠᠨ ᠲᠦᠮᠡᠨ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠥᠰ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ | ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠰᠠᠬᠢᠯᠭ᠎ᠠ ᠪᠠᠲᠤ ᠪᠠᠷ ᠬᠤᠷᠢᠭ᠎ᠠ ᠱᠤᠭᠤᠮ ᠢ ᠪᠠᠲᠤ ᠰᠠᠬᠢᠵᠤ᠂ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠰᠠᠶᠢᠲᠤᠷ ᠠᠳᠬᠤᠵᠤ᠂ ᠲᠥᠪ ᠤᠨ | ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠬᠡᠷᠡᠭᠵᠢᠭᠦᠯᠵᠦ᠂ ︽ᠰᠢᠨ᠎ᠡ ᠳᠦᠷᠢ | ᠲᠥᠷᠬᠦ ᠶᠢᠨ ᠢᠨᠵᠧᠨᠧᠷᠢᠩ︾ ᠢ ᠡᠷᠡᠰ ᠬᠤᠷᠢᠭᠯᠠᠵᠤ᠂ ᠪᠦᠬᠦ ᠰᠡᠳᠬᠢᠯ ᠰᠠᠨᠠᠭ᠎ᠠ ᠪᠠᠨ ᠠᠷᠠᠳ ᠲᠦᠮᠡᠨ ᠳᠤ | ᠦᠢᠯᠡᠴᠢᠯᠡᠬᠦ ᠳᠡᠭᠡᠷ᠎ᠡ ᠲᠠᠯᠪᠢᠵᠤ᠂ ᠠᠷᠢᠭᠤᠨ ᠴᠢᠬᠡᠴᠢ ᠪᠠᠷ ᠬᠥᠮᠥᠨ ᠪᠣᠯᠵᠤ᠂ ᠠᠷᠢᠭᠤᠨ ᠴᠢᠬᠡᠴᠢ ᠪᠠᠷ ᠠᠵᠢᠯᠯᠠᠵᠤ᠂ | ᠠᠷᠢᠭᠤᠨ ᠴᠢᠬᠡᠴᠢ ᠤᠯᠤᠰ ᠲᠦᠷᠦ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ | ᠲᠥᠯᠥᠭᠡᠯᠡᠭᠴᠢᠳ ᠡ︕ ᠬᠦᠴᠦᠨ ᠴᠢᠳᠠᠯ ᠪᠦᠯᠬᠦᠮᠳᠡᠯ ᠠᠴᠠ ᠢᠷᠡᠳᠡᠭ᠂ ᠠᠵᠢᠯ ᠦᠢᠯᠡᠰ | ᠵᠢᠳᠬᠦᠯ ᠠᠴᠠ ᠪᠦᠲᠦᠳᠡᠭ᠂ ᠬᠡᠷᠡᠭ ᠶᠠᠪᠤᠳᠠᠯ ᠬᠢᠬᠦ ᠪᠠᠷ ᠪᠣᠯᠳᠠᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠲᠥᠪ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ | ᠬᠤᠳᠠ ᠶᠢᠨ 360 ᠲᠦᠮᠡᠨ ᠠᠷᠠᠳ ᠲᠦᠮᠡᠨ ᠢ ᠴᠢᠩᠭ᠎ᠠ ᠲᠦᠰᠢᠭᠯᠡᠨ ᠪᠦᠯᠬᠦᠮᠳᠡᠵᠦ᠂ ᠬᠠᠷᠠᠯᠲᠠ ᠪᠠᠨ ᠠᠯᠳᠠᠯ | ᠦᠭᠡᠢ ᠳᠠᠭᠠᠵᠤ᠂ ᠡᠷᠴᠢ ᠵᠣᠷᠢᠭ ᠢᠶᠠᠨ ᠬᠥᠪᠴᠢᠯᠡᠵᠦ᠂ ᠱᠠᠯᠠᠮᠠᠭᠠᠶᠢᠯᠠᠵᠤ ᠭᠠᠷᠮᠠᠭᠠᠶᠢᠯᠠᠵᠤ᠂ ᠦᠨᠡᠨ ᠪᠣᠳᠠᠲᠠᠢ | ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠴᠣ ᠰᠢᠨ᠎ᠡ | ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠵᠤ᠂ ᠰᠢᠯᠢᠳᠡᠭ ᠠᠮᠵᠢᠯᠲᠠ ᠪᠠᠷ ᠢᠶᠠᠨ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠤᠭᠲᠤᠶ᠎ᠠ︕ | |