1. ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠲᠦᠷᠭᠡᠨ ᠬᠦᠷᠭᠡᠯᠲᠡ ᠶᠢᠨ ᠵᠠᠬ᠎ᠠ ᠳᠡᠯᠭᠡᠭᠦᠷ ᠤᠨ | ᠬᠠᠮᠢᠶᠠᠷᠤᠯᠲᠠ ᠵᠢᠨᠠᠷᠭ᠎ᠠ︾ ᠶᠢ 3 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ | 2. ᠠᠷᠢᠬᠢ ᠤᠤᠭᠤᠭᠠᠳ ᠲᠡᠷᠭᠡ ᠵᠢᠯᠣᠭᠤᠳᠬᠤ ᠶᠢ ᠰᠢᠯᠭᠠᠨ ᠪᠠᠶᠢᠴᠠᠭᠠᠬᠤ ᠬᠠᠮᠤᠭ ᠤᠨ ᠰᠢᠨ᠎ᠡ | ᠪᠠᠷᠢᠮᠵᠢᠶ᠎ᠠ ᠶᠢ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ | 3. ᠣᠨᠴᠠᠭᠠᠶ ᠢᠳᠡᠭᠡᠨ ᠤ ᠦᠢᠯᠡᠳᠪᠦᠷᠢᠯᠡᠯ ᠪᠠ ᠡᠵᠡᠩᠨᠡᠯᠲᠡ᠂ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯᠲᠠᠨ ᠢ ᠬᠢᠨᠠᠨ ᠰᠢᠯᠭᠠᠬᠤ ᠰᠢᠨ᠎ᠡ ᠲᠣᠭᠲᠠᠭᠠᠯ ᠢ 3 ᠰᠠᠷ᠎ᠠ ᠳᠤ ᠬᠡᠷᠡᠭᠵᠢᠭᠦᠯᠦᠨ᠎ᠡ | 4. ᠳᠤᠮᠳᠠᠳᠤ ᠤᠯᠤᠰ ᠪᠣᠯᠤᠨ ᠲᠠᠢ ᠤᠯᠤᠰ ᠤᠨ ᠸᠢᠰᠠ ᠶᠢ ᠬᠠᠷᠢᠯᠴᠠᠨ ᠭᠡᠯᠳᠦᠷᠢᠭᠦᠯᠬᠦ ᠠᠵᠢᠯ 3 | ᠰᠠᠷ᠎ᠠ ᠠᠴᠠ ᠡᠬᠢᠯᠡᠨ ᠬᠦᠴᠦᠨ ᠲᠠᠢ ᠪᠣᠯᠤᠨ᠎ᠠ | 5. ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠠᠷᠢᠮᠲᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ | ᠨᠠᠷᠢᠨ ᠲᠦᠷᠢᠮ ᠢ 3 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ | 6. ᠬᠤᠳᠠᠯ ᠬᠠᠭᠤᠷᠮᠠᠭ ᠠᠵᠤ ᠠᠬᠤᠶᠢᠯᠠᠯ ᠤᠨ ᠳᠡᠩᠰᠡᠯᠡᠯᠲᠡ ᠶᠢ ᠰᠡᠷᠭᠡᠶᠢᠯᠡᠬᠦ ᠪᠠ ᠪᠠᠶᠢᠴᠠᠭᠠᠨ | ᠰᠢᠢᠳᠪᠦᠷᠢᠯᠡᠬᠦ ᠲᠤᠬᠠᠢ ᠰᠢᠨ᠎ᠡ ᠲᠣᠭᠲᠠᠭᠠᠯ ᠢ 3 ᠰᠠᠷ᠎ᠠ ᠶᠢᠨ 15 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ | 7. ᠡᠳ᠋ ᠤᠨ ᠵᠠᠰᠠᠭ ᠤᠨ ᠶᠠᠮᠤᠨ ︽ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠶᠢᠨ ᠪᠦᠬᠦ ᠤᠯᠤᠰ ᠤᠨ | ᠨᠢᠭᠡᠳᠦᠯᠲᠡᠶ ᠰᠢᠯᠭᠠᠯᠲᠠ ᠶᠢᠨ ᠠᠷᠭ᠎ᠠ︾ ᠳᠤ ᠵᠠᠰᠠᠪᠤᠷᠢ ᠤᠷᠤᠭᠤᠯᠵᠤ ᠨᠡᠶᠢᠲᠡᠯᠡᠪᠡ | 8. 3 ᠰᠠᠷ᠎ᠠ ᠶᠢᠨ 6 ᠤ ᠡᠳᠦᠷ ᠠᠴᠠ ᠡᠬᠢᠯᠡᠨ ᠰᠢ ᠠᠨ᠂ ᠴᠢᠩᠳᠣᠤ ᠨᠢ ᠰᠢᠶᠠᠩᠭᠠᠩ ᠣᠣᠮᠧᠨ ᠳᠤ | ᠣᠴᠢᠵᠤ ᠢᠷᠡᠬᠦ︽ᠬᠤᠪᠢ ᠬᠥᠮᠦᠨ ᠤ ᠵᠢᠭᠤᠯᠴᠢᠯᠠᠯ ᠤᠨ ᠴᠣᠬᠤᠯᠠᠪᠤᠷᠢ︾ ᠳᠤ ᠭᠠᠷ ᠤᠨ ᠥᠰᠥᠭ ᠵᠢᠷᠤᠵᠤ | ᠦᠭᠭᠦᠨ᠎ᠡ | 9. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ ᠶᠢ | ᠬᠡᠷᠡᠭᠵᠢᠭᠦᠯᠬᠦ ᠳᠦᠷᠢᠮ︾ ᠢ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ | 10. ︽ᠲᠥᠷᠥ ᠶᠢᠨ ᠶᠠᠪᠤᠳᠠᠯ ᠤᠨ ᠬᠤᠷᠢᠶᠠᠨ ᠤ ︿ᠣᠽᠣᠨ ᠤ ᠳᠠᠪᠬᠤᠷᠭ᠎ᠠ ᠶᠢ ᠬᠤᠷᠣᠭᠳᠠᠭᠤᠯᠬᠤ | ᠪᠣᠳᠠᠰ ᠤᠨ ᠬᠠᠮᠢᠶᠠᠷᠤᠯᠲᠠ ᠶᠢᠨ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ 3 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ | 11. ︽ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠲᠤᠬᠠᠢ ᠲᠤᠷᠭᠠᠭᠤᠯᠢ ᠰᠢᠢᠳᠭᠡᠯ ᠤᠨ | ᠲᠣᠭᠲᠠᠭᠠᠯ︾ ᠢ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ | 12. ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ | ᠬᠥᠷᠥᠩᠭᠡ ᠵᠢᠨᠬᠠᠮᠢᠶᠠᠷᠤᠯᠲᠠ ᠶᠢᠨ ᠵᠥᠪᠯᠡᠯ ᠠᠴᠠ ᠲᠥᠪ ᠤᠨ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠳᠤ ᠲᠥᠷᠥᠯ ᠬᠤᠪᠢᠶᠠᠨ ᠬᠢᠨᠠᠯᠲᠠ ᠬᠠᠮᠢᠶᠠᠷᠤᠯᠲᠠ ᠶᠠᠪᠤᠭᠤᠯᠬᠤ ᠠᠷᠭ᠎ᠠ ᠶᠢ 3 ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ | 13.ᠤᠯᠤᠰ ᠠᠴᠠ ᠴᠠᠬᠢᠯᠭᠠᠨ ᠬᠦᠴᠦᠨ ᠤ ᠲᠤᠰᠠᠯᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ | ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ | |