ᠲᠣᠭᠲᠠᠬᠤ ᠰᠢᠶᠠᠨ ᠤ 2024 ᠣᠨ ᠤ ᠲᠠᠪᠤᠳᠤᠭᠠᠷ ᠬᠤᠭᠤᠴᠠᠭᠠᠨ ᠤ ᠬᠠᠲᠤᠨ ᠭᠤᠣᠯ ᠤᠨ ᠨᠡᠭᠡᠭᠡᠯᠳᠡ ᠶᠢᠨ ᠪᠠᠶᠠᠷ ᠵᠢᠴᠢ ᠠᠩᠬᠠᠳᠤᠭᠠᠷ ᠬᠤᠭᠤᠴᠠᠭᠠᠨ ᠤ ᠬᠤᠨ ᠭᠠᠯᠠᠭᠤ ᠶᠢᠨ ᠬᠡᠷᠡᠯ ᠵᠢᠷᠤᠭ ᠤᠨ ᠰᠣᠶᠣᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2024/4/1
      ᠬᠠᠪᠤᠷ ᠤᠨ ᠤᠯᠠᠷᠢᠯ ᠳᠤ ᠭᠤᠣᠯ ᠮᠥᠷᠡᠨ ᠤᠮᠳᠠᠯᠠᠵᠤ ᠬᠤᠨ ᠭᠠᠯᠠᠭᠤ ᠭᠡᠷ ᠲᠡᠭᠡᠨ ᠪᠤᠴᠠᠵᠤ᠂ ᠬᠦᠪᠡᠭᠡ ᠬᠢᠵᠠᠭᠠᠷ ᠦᠭᠡᠢ ᠰᠢᠨ᠎ᠡ ᠦᠵᠡᠮᠵᠢ ᠬᠠᠷᠠᠭᠳᠠᠨ᠎ᠠ᠃ ᠬᠠᠪᠤᠷ ᠤᠨ ᠤᠯᠠᠷᠢᠯ ᠪᠣᠯᠬᠤ ᠳᠤ᠂ ᠲᠦᠮᠡᠨ ᠪᠣᠳᠠᠰ ᠠᠮᠢᠯᠠᠨ ᠰᠡᠷᠭᠦᠵᠦ ᠪᠠᠶᠢᠭ᠎ᠠ ᠰᠠᠶᠢᠨ ᠰᠠᠶᠢᠬᠠᠨ ᠴᠠᠭ ᠦᠶ᠎ᠡ ᠳᠤ᠂ ᠲᠣᠭᠲᠠᠬᠤ ᠰᠢᠶᠠᠨ ᠤ 2024 ᠣᠨ ᠤ ᠲᠠᠪᠤᠳᠤᠭᠠᠷ ᠬᠤᠭᠤᠴᠠᠭᠠᠨ ᠤ ᠬᠠᠳᠤᠨ ᠭᠤᠣᠯ ᠤᠨ ᠨᠡᠭᠡᠭᠡᠯᠳᠡ ᠶᠢᠨ ᠪᠠᠶᠠᠷ ᠵᠢᠴᠢ ᠠᠩᠬᠠᠳᠤᠭᠠᠷ ᠬᠤᠭᠤᠴᠠᠭᠠᠨ ᠤ ᠬᠤᠨ ᠭᠠᠯᠠᠭᠤ ᠶᠢᠨ ᠭᠡᠷᠡᠯ ᠵᠢᠷᠤᠭ ᠤᠨ ᠰᠣᠶᠣᠯ ᠤᠨ ᠨᠠᠶᠢᠷ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ᠂ 2024 ᠣᠨ ᠤ ᠨᠠᠮᠤᠷ ᠤᠨ ᠤᠯᠠᠷᠢᠯ ᠤᠨ ︽ᠲᠣᠰᠬᠤᠨ ᠤ ᠣᠷᠣᠢ︾ ᠶᠢᠨ ᠵᠢᠱᠢᠶ᠎ᠡ ᠦᠵᠡᠭᠦᠯᠦᠯᠭᠡ ᠶᠢᠨ ᠴᠡᠭ ᠤᠨ ᠬᠤᠤ ᠵᠢᠶᠠ ᠶᠣᠣ ᠲᠣᠰᠬᠤᠨ ᠳᠤ ᠡᠬᠢᠯᠡᠪᠡ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠳᠤᠮᠳᠠᠳᠤ ᠤᠯᠤᠰ ᠤᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠬᠡᠷᠡᠭ ᠡᠷᠬᠢᠯᠡᠭᠴᠢ᠂ ᠥᠪᠥᠷ ᠮᠣᠩᠭᠤᠯ ᠤᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠵᠠᠩ ᠹᠠᠩ᠂ ᠥᠪᠥᠷ ᠮᠣᠩᠭᠤᠯ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠬᠢᠯᠡᠭᠴᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠤᠨ ᠫᠷᠤᠹᠧᠰᠰᠤᠷ ᠳ᠋ᠦᠩ ᠵᠢᠶᠧ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠫᠠᠨ ᠬᠤᠸᠠ᠂ ᠭᠤᠸ ᠵᠧᠩ ᠵᠡᠷᠭᠡ ᠰᠢᠶᠠᠨ ᠤ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠭᠤᠸ ᠵᠧᠩ ᠪᠠᠶᠠᠷ ᠤᠨ ᠦᠭᠡ ᠬᠡᠯᠡᠬᠦ ᠳᠡᠭᠡᠨ᠂ ᠮᠥᠰᠥ ᠬᠠᠶᠢᠯᠵᠤ᠂ ᠳᠠᠪᠠᠯᠭᠠᠯᠠᠨ ᠤᠷᠤᠰᠬᠤ ᠭᠤᠣᠯ ᠤᠨ ᠤᠰᠤ ᠳᠠᠬᠢᠨᠲᠠ ᠣᠷᠭᠢᠯᠵᠤ ᠪᠠᠶᠢᠭ᠎ᠠ ᠨᠢ ᠰᠢᠨ᠎ᠡ ᠠᠮᠢ ᠨᠠᠰᠤ ᠪᠠ ᠬᠦᠰᠡᠯ ᠡᠷᠡᠮᠡᠯᠵᠡᠯ ᠢ ᠪᠡᠯᠭᠡᠳᠡᠵᠦ ᠪᠠᠶᠢᠨ᠎ᠠ᠃ ᠬᠠᠲᠤᠨ ᠭᠤᠣᠯ ᠤᠨ ᠨᠡᠭᠡᠭᠡᠯᠳᠡ ᠶᠢᠨ ᠪᠠᠶᠠᠷ ᠪᠣᠯ ᠪᠢᠳᠡᠨ ᠤ ᠡᠵᠢ ᠭᠤᠣᠯ ᠤᠨ ᠰᠡᠷᠭᠦᠯᠲᠡ ᠶᠢ ᠳᠤᠷᠠᠰᠬᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠡᠳᠦᠷ ᠢ ᠪᠡᠯᠭᠡᠯᠡᠨ᠎ᠡ᠃ ᠬᠤᠨ ᠭᠠᠯᠠᠭᠤ ᠪᠣᠯ ᠠᠯᠢᠪᠠ ᠰᠠᠶᠢᠨ ᠰᠠᠶᠢᠬᠠᠨ ᠪᠠ ᠥᠯᠵᠡᠢ ᠪᠡᠯᠭᠡᠳᠡᠯ ᠤᠨ ᠪᠡᠯᠭᠡᠳᠡᠯ ᠮᠥᠨ᠂ ᠡᠷᠲᠡᠨ ᠠᠴᠠ ᠠᠪᠤᠭᠠᠳ ᠮᠠᠰᠢ ᠣᠯᠠᠨ ᠰᠠᠶᠢᠬᠠᠨ ᠳᠣᠮᠤᠭ ᠶᠠᠷᠢᠶ᠎ᠠ ᠤᠯᠠᠮᠵᠢᠯᠠᠭᠳᠠᠭᠰᠠᠭᠠᠷ ᠢᠷᠡᠭᠰᠡᠨ ᠶᠤᠮ᠃ ᠠᠯᠢ ᠡᠷᠲᠡ ᠬᠤᠶᠠᠷ ᠮᠢᠩᠭ᠎ᠠ ᠳᠥᠷᠪᠡᠨ ᠵᠠᠭᠤ ᠭᠠᠷᠤᠢ ᠵᠢᠯ ᠤᠨ ᠡᠮᠦᠨ᠎ᠡ ᠵᠣᠣ ᠦ᠋ ᠾᠧᠦ ᠬᠤᠨ ᠭᠠᠯᠠᠭᠤᠨ ᠤ ᠳᠠᠭᠠᠭᠤᠯᠭ᠎ᠠ ᠪᠠᠷ ᠡᠭᠦᠯᠡᠨ ᠳᠤᠮᠳᠠ ᠬᠤᠲᠠ ᠪᠠᠶᠢᠭᠤᠯᠵᠤ᠂ ᠬᠤᠨ ᠭᠠᠯᠠᠭᠤ ᠲᠣᠭᠲᠠᠬᠤ ᠰᠢᠶᠠᠨ ᠲᠠᠢ ᠰᠠᠯᠤᠰᠢ ᠦᠭᠡᠢ ᠪᠠᠷᠢᠯᠳᠤᠯᠭ᠎ᠠ ᠲᠠᠢ ᠪᠣᠯᠤᠭᠰᠠᠨ ᠶᠤᠮ᠂ ᠬᠤᠨ ᠭᠠᠯᠠᠭᠤᠨ ᠤ ᠬᠡᠷᠡᠯ ᠵᠢᠷᠤᠭ ᠤᠨ ᠰᠣᠶᠣᠯ ᠤᠨ ᠨᠠᠶᠢᠷ ᠨᠢ ᠡᠬᠡ ᠪᠠᠶᠢᠭᠠᠯᠢ ᠶᠢᠨ ᠡᠶ᠎ᠡ ᠵᠣᠬᠢᠴᠠᠯ ᠪᠠ ᠭᠤᠸ᠎ᠠ ᠰᠠᠶᠢᠬᠠᠨ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠥᠨᠢ ᠤᠳᠠᠭᠠᠨ ᠤᠯᠠᠮᠵᠢᠯᠠᠯ ᠲᠠᠢ ᠰᠣᠶᠣᠯ ᠢ ᠤᠯᠠᠮᠵᠢᠯᠠᠭᠰᠠᠨ ᠶᠤᠮ᠃ ᠬᠤᠶᠠᠷ ᠪᠠᠶᠠᠷ ᠢ ᠬᠠᠮᠲᠤ ᠪᠠᠷ ᠪᠡᠯᠭᠡᠯᠡᠵᠦ ᠪᠠᠶᠢᠭ᠎ᠠ ᠨᠢ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠬᠠᠭᠤᠯᠤᠨ ᠲᠤᠤᠱᠯᠠᠭᠤᠯᠵᠤ᠂ ᠬᠠᠲᠤᠨ ᠭᠤᠣᠯ ᠤᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠤᠮᠠᠷᠠᠲᠤ ᠬᠢᠯᠢ   ᠶᠢᠨ ᠰᠣᠶᠣᠯ ᠤᠨ ᠨᠡᠷᠡᠲᠦ ᠲᠡᠮᠳᠡᠭ ᠢ ᠪᠤᠶ ᠪᠣᠯᠭᠠᠵᠤ᠂ ᠬᠠᠲᠤᠨ ᠭᠤᠣᠯ ᠤᠨ ︽几︾ ᠦᠰᠦᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ ᠶᠤᠮ ᠃ ᠵᠣᠴᠢᠳ ᠲᠠ ᠪᠦᠬᠦᠨ ᠤ  ᠲᠤᠭᠳᠠᠬᠤ ᠰᠢᠶᠠᠨ ᠳᠤ ᠢᠯᠡᠭᠦᠬᠡᠨ ᠶᠠᠪᠤᠵᠤ᠂ ᠢᠯᠡᠭᠦᠬᠡᠨ ᠲᠣᠭᠤᠷᠢᠵᠤ᠂ ᠢᠯᠡᠭᠦᠬᠡᠨ ᠦᠵᠡᠵᠦ᠂  ᠲᠤᠭᠳᠠᠬᠤ ᠰᠢᠶᠠᠨ ᠤ ᠥᠩᠭᠡ ᠪᠤᠳᠤᠭ ᠢ ᠣᠶᠢᠯᠠᠭᠠᠨ᠂ ᠲᠤᠭᠳᠠᠬᠤ ᠰᠢᠶᠠᠨ ᠤ  ᠠᠮᠳᠠᠳᠦ ᠢᠳᠡᠭᠡᠨ ᠢ ᠠᠮᠲᠠᠯᠠᠵᠤ᠂ ᠲᠤᠭᠳᠠᠬᠤ ᠰᠢᠶᠠᠨ ᠤ ᠲᠤᠯᠠᠭᠠᠴᠠ ᠶᠢ ᠣᠶᠢᠯᠠᠭᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃
     ᠭᠤᠸ ᠵᠧᠩ᠂ ᠵᠠᠩ ᠹᠠᠩ᠂ ᠳ᠋ᠦᠩ ᠵᠢᠶᠧ᠂ ᠵᠢᠢ ᠶᠠ ᠨᠠᠨ ᠬᠠᠮᠲᠤ ᠪᠠᠷ ︽ᠥᠪᠥᠷ ᠮᠣᠩᠭᠤᠯ ᠤᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠬᠡᠷᠡᠯ ᠵᠢᠷᠤᠭ ᠤᠨ ᠪᠦᠲᠦᠭᠡᠯ ᠤᠨ ᠦᠵᠡᠭᠦᠯᠦᠯᠭᠡ ᠶᠢᠨ ᠰᠠᠭᠤᠷᠢᠨ ᠭᠠᠵᠠᠷ︾ ᠪᠠ ︽ᠤᠮᠠᠷᠠᠲᠤ ᠶᠢᠨ ᠰᠣᠶᠣᠯ ᠤᠨ ᠨᠠᠷᠠᠲᠤ ᠲᠡᠮᠳᠡᠭᠲᠦ ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠰᠠᠭᠤᠷᠢᠨ ᠭᠠᠵᠠᠷ︾ ᠤᠨ ᠫᠠᠶᠢᠰᠠ ᠶᠢ ᠰᠡᠬᠦᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ ᠶᠦᠨ ᠵᠥᠩ ᠬᠠᠮ ᠵᠠᠭᠤᠴᠢᠯᠠᠭᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1